Та "Internet explorer"-ийн сүүлийн хувилбар болох "Microsoft edge"-г ашиглана уу

Хэрэв "Microsoft edge"-г татах бол энд дарж татаж авна уу

ᠰᠸᠢᠴᠧᠷᠯᠠᠨ᠌ᠳ᠋ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠮᠡᠨᠳᠦᠴᠢᠯᠡᠭᠡ ᠳᠡᠪᠰᠢᠭᠦᠯᠦᠯ᠎ᠡ

ᠰᠸᠢᠴᠧᠷᠯᠠᠨ᠋ᠳ᠋ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠻᠠᠷᠢᠨ ᠻᠧᠯᠯᠧᠷ-ᠰᠦᠲ᠋ᠲ᠋ᠧᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ᠃

« ᠰᠸᠢᠴᠧᠷᠯᠠᠨ᠋ᠳ᠋ ᠤᠨ ᠬᠣᠯᠪᠤᠭᠠᠨ ᠤ ᠵᠥᠪᠯᠡᠯ ᠪᠣᠯᠤᠨ ᠰᠸᠢᠴᠧᠷᠯᠠᠨ᠋ᠳ᠋ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠨ ᠳᠤ ᠪᠣᠯᠤᠨ ᠲᠠᠨ ᠤ ᠠᠷᠠᠳ ᠲᠦᠮᠡᠨ ᠳᠥ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠰᠠᠢᠢᠨ ᠰᠠᠢᠢᠬᠠᠨ᠂ ᠠᠷᠠᠳ ᠲᠦᠮᠡᠨ ᠳᠥ ᠲᠠᠨᠢ ᠠᠵᠠ ᠵᠢᠷᠭᠠᠯ᠂ ᠠᠮᠵᠢᠯᠲᠠ ᠢᠢᠨ ᠳᠡᠭᠡᠳᠦ ᠢᠢ ᠬᠦᠰᠡᠨ ᠢᠷᠦᠭᠡᠶ ᠡ᠃

ᠮᠠᠨ ᠤ ᠬᠣᠶᠠᠷ ᠤᠯᠤᠰ ᠬᠠᠷᠢᠯᠴᠠᠨ ᠰᠣᠨᠢᠷᠬᠠᠭᠰᠠᠨ ᠣᠯᠠᠨ ᠠᠰᠠᠭᠤᠳᠠᠯ ᠢᠶᠠᠷ ᠦᠷ᠎ᠡ ᠳ᠋ᠦᠩ ᠲᠡᠢ ᠬᠠᠮᠲᠤᠷᠠᠨ ᠠᠵᠢᠯᠯᠠᠵᠤ ᠪᠠᠢᠢᠭ᠎ᠠ ᠢᠢ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃

ᠭᠠᠵᠠᠷ ᠵᠦᠢ ᠢᠢᠨ ᠬᠤᠪᠢ ᠳᠤ ᠠᠯᠤᠰ ᠣᠷᠤᠰᠢᠵᠤ᠂ ᠣᠯᠠᠨ ᠣᠨᠳᠤᠤᠰᠢᠯ ᠲᠠᠢ ᠬᠡᠳᠦᠢ ᠴᠦ ᠬᠣᠶᠠᠷ ᠣᠷᠤᠨ ᠤ ᠠᠷᠠᠳ ᠲᠦᠮᠡᠨ ᠪᠠᠢᠢᠭᠠᠯᠢ ᠢᠢᠨ ᠥᠩ᠋ᠭᠡ ᠲᠥᠷᠬᠦ᠂ ᠡᠷᠲᠡᠨ ᠦ ᠤᠯᠠᠮᠵᠢᠯᠠᠯ ᠪᠦᠬᠦᠢ ᠨᠡᠢᠢᠲᠡᠯᠢᠭ ᠦᠨᠡᠲᠦ ᠵᠦᠢᠯᠡᠰ ᠲᠡᠢ ᠪᠢᠯᠡ᠃

ᠥᠩ᠋ᠭᠡᠷᠡᠭᠰᠡᠨ ᠵᠢᠯ ᠰᠸᠢᠴᠧᠷᠯᠠᠨ᠋ᠳ᠋ ᠤᠨ ᠶᠡᠷᠦᠩᠬᠡᠢᠢᠯᠡᠭᠴᠢ ᠢᠢᠨ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠲᠣᠯᠢᠯᠠᠭᠤᠯᠤᠭᠰᠠᠨ ᠤ ᠠᠳᠠᠯᠢ ᠮᠣᠩ᠋ᠭᠤᠯ ᠤᠨ ᠨᠠᠢᠢᠷᠰᠠᠭ ᠠᠷᠠᠳ ᠲᠦᠮᠡᠨ ᠳᠥ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠨᠡᠩ ᠥᠨᠳᠦᠷ ᠬᠦᠨᠳᠦᠳᠬᠡᠯ ᠢᠯᠡᠷᠬᠡᠢᠢᠯᠡᠵᠦ ᠪᠠᠢᠢᠭ᠎ᠠ ᠢᠢ ᠬᠦᠯᠢᠶᠡᠨ ᠠᠪᠤᠨ᠎ᠠ ᠤᠤ» ᠭᠡᠵᠡᠶ᠃