ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦ᠊᠂ ᠨᠠᠢᠢ᠊᠂ ᠠ᠊᠂ ᠯᠠᠣᠰ ᠠ᠊᠂ ᠤᠯᠤᠰ ᠤᠨ ᠶᠡᠷᠦᠩᠬᠡᠢᠢᠯᠡᠭᠴᠢ ᠲᠣᠩᠯᠦ᠋ᠨ ᠰᠢᠰᠦ᠋ᠯᠢᠲ᠋ ᠮᠡᠨᠳᠦᠴᠢᠯᠡᠭᠡ ᠢᠷᠡᠭᠦᠯᠦᠯ᠎ᠡ᠃
ᠮᠡᠨᠳᠦᠴᠢᠯᠡᠭᠡᠨ ᠳᠥ:
«ᠡᠷᠬᠢᠮᠰᠦᠭ ᠨᠣᠶᠠᠨ ᠶᠡᠷᠦᠩᠬᠡᠢᠢᠯᠡᠭᠴᠢ ᠡ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠯᠠᠣᠰ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠨ ᠳᠤ ᠪᠣᠯᠤᠨ ᠲᠠᠨ ᠢᠶᠠᠷ ᠳᠠᠮᠵᠢᠭᠤᠯᠤᠨ ᠮᠣᠩ᠋ᠭᠤᠯ ᠤᠨ ᠨᠡᠢᠢᠲᠡ ᠠᠷᠠᠳ ᠲᠦᠮᠡᠨ ᠳᠥ ᠬᠠᠯᠠᠭᠤᠨ ᠪᠠᠶᠠᠷ ᠬᠦᠷᠭᠡᠵᠦ᠂ ᠰᠠᠢᠢᠨ ᠰᠠᠢᠢᠬᠠᠨ ᠤ ᠢᠷᠦᠭᠡᠯ ᠢ ᠡᠷᠭᠦᠨ ᠳᠡᠪᠰᠢᠭᠦᠯᠦᠶ ᠡ᠃
ᠮᠠᠨ ᠤ ᠬᠣᠶᠠᠷ ᠣᠷᠤᠨ ᠤ ᠤᠯᠠᠮᠵᠢᠯᠠᠯᠲᠤ ᠨᠠᠢᠢᠷᠠᠮᠳᠠᠯᠲᠤ ᠬᠠᠷᠢᠯᠴᠠᠭ᠎ᠠ᠂ ᠡᠪ ᠨᠢᠭᠡᠳᠦᠯ᠂ ᠨᠠᠢᠢᠷᠰᠠᠭ ᠬᠠᠮᠲᠤ ᠢᠢᠨ ᠠᠵᠢᠯᠯᠠᠭ᠎ᠠ ᠥᠩ᠋ᠭᠡᠷᠡᠭᠰᠡᠨ 60 ᠭᠠᠷᠤᠶ ᠵᠢᠯ ᠦᠨ ᠲᠤᠷᠰᠢ ᠲᠤᠭᠤᠰᠢ ᠲᠠᠢ ᠥᠷᠭᠡᠵᠢᠨ ᠬᠥᠭ᠍ᠵᠢᠵᠦ ᠪᠠᠢᠢᠭ᠎ᠠ ᠳᠤ ᠰᠡᠳᠬᠢᠯ ᠨᠡᠩ ᠬᠠᠩ᠋ᠭᠠᠯᠤᠭᠤᠨ ᠪᠠᠢᠢᠨ᠎ᠠ᠃
ᠮᠢᠨᠦ ᠪᠡᠶ᠎ᠡ 2023 ᠣᠨ ᠳᠤ ᠸᠢᠶᠧᠨ᠋ᠲ᠋ᠢᠶᠠᠨ ᠬᠣᠲᠠ᠂ 2024 ᠣᠨ ᠳᠤ ᠤᠯᠠᠭᠠᠨᠪᠠᠭᠠᠲᠤᠷ ᠬᠣᠲᠠ ᠳᠤ ᠲᠠᠨ ᠲᠠᠢ ᠴᠢᠩ ᠰᠡᠳᠬᠢᠯ ᠦᠨ᠂ ᠨᠠᠢᠢᠷᠰᠠᠭ᠂ ᠡᠯᠢᠭᠡᠰᠡᠭ ᠳᠣᠲᠤᠨᠤ ᠪᠠᠷ ᠠᠭᠤᠯᠵᠠᠭᠰᠠᠨ ᠢᠢᠠᠨ ᠪᠠᠢᠢᠩ᠋ᠭᠤ ᠳᠤᠷᠠᠰᠴᠤ᠂ ᠰᠡᠳᠬᠢᠯ ᠳᠥ ᠪᠡᠨ ᠬᠠᠳᠠᠭᠠᠯᠠᠵᠤ ᠶᠠᠪᠤᠳᠠᠭ᠃
ᠪᠢᠳᠡᠨ ᠦ ᠬᠠᠷᠢᠯᠴᠠᠨ ᠠᠢᠢᠯᠴᠢᠯᠠᠯ ᠬᠣᠶᠠᠷ ᠣᠷᠤᠨ ᠤ ᠠᠷᠠᠳ ᠲᠦᠮᠡᠨ ᠲᠡᠳᠦᠶ ᠦᠭᠡᠢ ᠣᠯᠠᠨ ᠤᠯᠤᠰ᠂ ᠪᠦᠰᠡ ᠨᠤᠲᠤᠭ ᠤᠨ ᠲᠣᠭᠲᠠᠪᠤᠷᠢᠲᠠᠢ ᠪᠠᠢᠢᠳᠠᠯ᠂ ᠬᠠᠮᠲᠤ ᠢᠢᠨ ᠠᠵᠢᠯᠯᠠᠭᠠᠨ ᠳᠤ ᠪᠣᠳᠠᠲᠤ ᠬᠤᠪᠢ ᠨᠡᠮᠡᠷᠢ ᠣᠷᠤᠭᠤᠯᠵᠤ᠂ ᠬᠠᠷᠢᠯᠴᠠᠭ᠎ᠠ ᠢᠢ ᠤᠯᠠᠮ ᠭᠦᠨᠵᠡᠭᠡᠢᠢᠷᠡᠭᠦᠯᠦᠨ ᠬᠥᠭ᠍ᠵᠢᠭᠦᠯᠬᠦ ᠳᠥ ᠲᠦᠯᠬᠢᠴᠡ ᠪᠣᠯᠤᠭᠰᠠᠨ ᠢ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃ ᠲᠠᠨ ᠳᠤ ᠪᠣᠯᠤᠨ ᠲᠠᠨ ᠤ ᠰᠠᠢᠢᠬᠠᠨ ᠣᠷᠤᠨ ᠤ ᠠᠷᠠᠳ ᠢᠷᠭᠡᠳ ᠲᠥ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ» ᠭᠡᠵᠡᠶ᠃