ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠲᠦᠷᠻ ᠤᠯᠤᠰ ᠤᠨ ᠶᠡᠷᠦᠩᠬᠡᠢᠢᠯᠡᠭᠴᠢ ᠷᠧᠵᠧᠫ ᠲᠠᠢᠢᠫ ᠡᠷᠳᠣᠸᠠᠨ ᠮᠡᠨᠳᠦᠴᠢᠯᠡᠭᠡ ᠢᠷᠡᠭᠦᠯᠦᠯ᠎ᠡ᠃
ᠮᠡᠨᠳᠦᠴᠢᠯᠡᠭᠡᠨ ᠳᠥ:
«ᠲᠦᠷᠻ ᠤᠯᠤᠰ ᠤᠨ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠨ ᠳᠤ᠂ ᠮᠣᠩ᠋ᠭᠤᠯ ᠤᠨ ᠠᠷᠠᠳ ᠲᠦᠮᠡᠨ ᠳᠥ ᠪᠠᠶᠠᠷ ᠨᠠᠭᠠᠳᠤᠮ ᠤᠨ ᠬᠠᠯᠠᠭᠤᠨ ᠮᠡᠨᠳᠦ ᠢᠢ ᠴᠢᠩ ᠰᠡᠳᠬᠢᠯ ᠡᠴᠡ ᠪᠡᠨ ᠡᠷᠭᠦᠨ ᠳᠡᠪᠰᠢᠭᠦᠯᠦᠶ ᠡ᠃
ᠢᠵᠠᠭᠤᠷ ᠲᠡᠦᠬᠡ᠂ ᠪᠠᠲᠤ ᠪᠥᠬᠡ ᠨᠠᠢᠢᠷᠠᠮᠳᠠᠯ ᠤᠨ ᠬᠡᠯᠬᠢᠶ᠎ᠡ ᠬᠣᠯᠪᠤᠭᠠᠨ ᠳᠤ ᠰᠠᠭᠤᠷᠢᠯᠠᠭᠰᠠᠨ ᠬᠠᠷᠢᠯᠴᠠᠭ᠎ᠠ ᠪᠠᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠤ ᠥᠩ᠋ᠭᠡᠷᠡᠭᠰᠡᠨ ᠨᠢᠭᠡ᠊ᠳ᠋ᠦᠭᠡᠷ ᠰᠠᠷ᠎ᠠ ᠳᠤ ᠬᠢᠭ᠍ᠰᠡᠨ ᠠᠢᠢᠯᠴᠢᠯᠠᠯ ᠤᠨ ᠦᠶ᠎ᠡ ᠪᠡᠷ ᠲᠣᠭᠲᠠᠭᠠᠭᠰᠠᠨ ᠰᠲ᠋ᠷᠠᠲ᠋ᠧᠭᠢ ᠢᠢᠨ ᠲᠦᠩᠰᠢᠯᠡᠯ ᠦᠨ ᠦᠨᠳᠦᠰᠦᠨ ᠳᠡᠭᠡᠷ᠎ᠡ ᠤᠯᠠᠮ ᠥᠷᠭᠡᠵᠢᠭᠦᠯᠦᠨ ᠬᠥᠭ᠍ᠵᠢᠭᠦᠯᠦᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃
ᠡᠨᠡ ᠵᠠᠪᠰᠢᠶᠠᠨ ᠢ ᠠᠰᠢᠭᠯᠠᠨ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠠᠵᠠ ᠵᠢᠷᠭᠠᠯ᠂ ᠮᠣᠩ᠋ᠭᠤᠯ ᠤᠨ ᠨᠠᠢᠢᠷᠰᠠᠭ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ» ᠭᠡᠵᠡᠶ᠃