Та "Internet explorer"-ийн сүүлийн хувилбар болох "Microsoft edge"-г ашиглана уу

Хэрэв "Microsoft edge"-г татах бол энд дарж татаж авна уу

ᠯᠠᠲ᠋ᠸᠢᠶ᠎ᠠ ᠢᠢᠨ ᠶᠡᠷᠦᠩᠬᠡᠢᠢᠯᠡᠭᠴᠢ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠯᠠᠲ᠋ᠸᠢᠶ᠎ᠠ ᠤᠯᠤᠰ ᠤᠨ ᠶᠡᠷᠦᠩᠬᠡᠢᠢᠯᠡᠭᠴᠢ ᠡᠳ᠋ᠭᠠᠷᠳ᠋ᠰ ᠷᠢᠨ᠋ᠻᠧᠸᠢᠻᠰ ᠮᠡᠨᠳᠦᠴᠢᠯᠡᠭᠡ ᠢᠷᠡᠭᠦᠯᠦᠯ᠎ᠡ᠃

«ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠯᠠᠲ᠋ᠸᠢᠶ᠎ᠠ ᠢᠢᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠨ ᠳᠤ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ᠂ ᠲᠠᠨ ᠤ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃

ᠡᠷᠬᠡ ᠴᠢᠯᠦᠭᠡ᠂ ᠠᠷᠠᠳᠴᠢᠯᠠᠯ᠂ ᠡᠷᠬᠡ ᠵᠦᠢ ᠳᠥ ᠰᠠᠭᠤᠷᠢᠯᠠᠭᠰᠠᠨ ᠣᠯᠠᠨ ᠤᠯᠤᠰ ᠤᠨ ᠳᠢᠭ᠌ ᠵᠢᠷᠤᠮ ᠵᠡᠷᠭᠡ ᠨᠡᠢᠢᠲᠡᠯᠢᠭ ᠦᠨᠡᠲᠦ ᠵᠦᠢᠯᠡᠰ ᠲᠥ ᠰᠠᠭᠤᠷᠢᠯᠠᠭᠰᠠᠨ ᠮᠠᠨ ᠤ ᠬᠣᠶᠠᠷ ᠣᠷᠤᠨ ᠤ ᠨᠠᠢᠢᠷᠰᠠᠭ ᠬᠠᠷᠢᠯᠴᠠᠭ᠎ᠠ ᠥᠷᠭᠡᠵᠢᠨ ᠬᠥᠭ᠍ᠵᠢᠵᠦ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠶ ᠡ᠃

ᠴᠢᠨᠠᠭᠰᠢᠳᠠ ᠬᠠᠷᠢᠯᠴᠠᠨ ᠰᠣᠨᠢᠷᠬᠠᠭᠰᠠᠨ ᠣᠯᠠᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠪᠠᠨ ᠲᠡᠯᠡᠵᠦ᠂ ᠠᠷᠠᠳ ᠲᠦᠮᠡᠨ ᠦ ᠬᠡᠯᠬᠢᠶ᠎ᠡ ᠬᠣᠯᠪᠤᠭ᠎ᠠ ᠢᠢ ᠭᠦᠨᠵᠡᠭᠡᠷᠡᠭᠦᠯᠦᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠨᠡᠩ ᠥᠨᠳᠦᠷ ᠬᠦᠨᠳᠦᠳᠬᠡᠯ ᠢᠶᠡᠨ ᠢᠯᠡᠷᠬᠡᠢᠢᠯᠡᠵᠦ ᠪᠠᠢᠢᠭ᠎ᠠ ᠢᠢ ᠬᠦᠯᠢᠶᠡᠨ ᠠᠪᠤᠨ᠎ᠠ ᠤᠤ» ᠭᠡᠵᠡᠶ᠃