Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠻᠢᠷᠭᠢᠽ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠶᠡᠷᠦᠩᠬᠡᠢᠢᠯᠡᠭᠴᠢ ᠰᠠᠳᠢᠷ ᠵᠠᠫᠠᠷᠣᠸ ᠤᠨ ᠤᠷᠢᠯᠭ᠎ᠠ ᠪᠠᠷ 2025 ᠣᠨ ᠤ 07 ᠳ᠋ᠤᠭᠠᠷ ᠰᠠᠷ᠎ᠠ ᠢᠢᠨ 20-23 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃

ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠶᠡᠷᠦᠩᠬᠡᠢᠢᠯᠡᠭᠴᠢ ᠰᠠ᠊·ᠵᠠᠫᠠᠷᠣᠸ ᠨᠠᠷ ᠠᠯᠪᠠᠨ ᠶᠣᠰᠤᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃

ᠮᠣᠩ᠋ᠭᠤᠯ ᠤᠯᠤᠰ ᠪᠦᠭᠦᠳᠡ ᠨᠠᠢᠢᠷᠠᠮᠳᠠᠬᠤ ᠻᠢᠷᠭᠢᠽ ᠤᠯᠤᠰ ᠲᠠᠢ 1992 ᠣᠨ ᠤ 04 ᠊ᠳ᠋ᠦᠭᠡᠷ ᠰᠠᠷ᠎ᠠ ᠢᠢᠨ 22 ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠶᠡᠷᠦᠩᠬᠡᠢᠢᠯᠡᠭᠴᠢ 2023 ᠣᠨ ᠳᠤ ᠮᠠᠨ ᠤ ᠤᠯᠤᠰ ᠲᠤ ᠲᠥᠷᠦ ᠢᠢᠨ ᠠᠢᠢᠯᠴᠢᠯᠠᠯ ᠬᠢᠭ᠍ᠰᠡᠨ᠃

ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ «ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠲᠤᠬᠠᠶ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠬᠠᠮᠲᠤᠷᠠᠭᠰᠠᠨ ᠲᠤᠩᠬᠠᠭᠯᠠᠯ» ᠭᠠᠷᠭᠠᠭᠰᠠᠨ᠃

ᠮᠥᠨ ᠠᠢᠢᠯᠴᠢᠯᠠᠯ ᠤᠨ ᠬᠦᠷᠢᠶᠡᠨ ᠳᠥ ᠲᠠᠯ᠎ᠠ ᠨᠤᠭᠤᠳ ᠪᠠᠢᠢᠭᠠᠯᠢ ᠣᠷᠴᠢᠨ᠂ ᠬᠥᠳᠡᠭᠡ ᠠᠵᠤ ᠠᠬᠤᠶ᠂ ᠬᠠᠤᠯᠢ᠂ ᠡᠷᠬᠡ ᠵᠦᠢ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠨᠡᠢᠢᠰᠯᠡᠯ ᠬᠣᠲᠠ ᠨᠤᠭᠤᠳ ᠬᠣᠭᠤᠷᠤᠨᠳᠤ ᠠᠬ᠎ᠠ ᠳᠡᠭᠦᠦ ᠢᠢᠨ ᠬᠠᠷᠢᠯᠴᠠᠭ᠎ᠠ ᠲᠣᠭᠲᠠᠭᠠᠬᠤ ᠲᠠᠢ ᠬᠣᠯᠪᠤᠭ᠎ᠠ ᠲᠠᠢ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠭᠰᠠᠨ ᠶᠤᠮ᠃