Та "Internet explorer"-ийн сүүлийн хувилбар болох "Microsoft edge"-г ашиглана уу

Хэрэв "Microsoft edge"-г татах бол энд дарж татаж авна уу

ᠰᠯᠣᠸᠧᠨᠢ ᠢᠢᠨ ᠶᠡᠷᠦᠩᠬᠡᠢᠢᠯᠡᠭᠴᠢ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠨᠠᠲ᠋ᠠᠱᠠ ᠫᠢᠷᠼ ᠮᠦᠰᠠᠷ ᠮᠡᠨᠳᠦᠴᠢᠯᠡᠭᠡ ᠳᠡᠪᠰᠢᠭᠦᠯᠦᠯ᠎ᠡ᠃

«ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠠᠷᠠᠳ ᠲᠦᠮᠡᠨ ᠦ ᠪᠨ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ᠂ ᠮᠣᠩ᠋ᠭᠤᠯ ᠤᠨ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ ᠬᠦᠰᠡᠨ ᠢᠷᠦᠭᠡᠶ ᠡ᠃

ᠥᠩ᠋ᠭᠡᠷᠡᠭᠰᠡᠨ ᠣᠨ ᠤ ᠨᠠᠢᠮᠠᠳ᠋ᠤᠭᠠᠷ ᠰᠠᠷ᠎ᠠ ᠳᠤ ᠬᠢᠭ᠍ᠰᠡᠨ ᠠᠢᠢᠯᠴᠢᠯᠠᠯ ᠤᠨ ᠦᠶ᠎ᠡ ᠪᠡᠷ ᠪᠢᠳᠡᠨ ᠢ ᠨᠠᠢᠢᠷᠰᠠᠭ ᠢᠶᠠᠷ ᠬᠦᠯᠢᠶᠡᠨ ᠠᠪᠤᠭᠰᠠᠨ ᠢ ᠳᠤᠷᠠᠰᠬᠤ ᠢᠢᠨ ᠵᠡᠷᠭᠡᠴᠡᠭᠡ᠂ ᠰᠯᠣᠸᠧᠨᠢ᠂ ᠮᠣᠩ᠋ᠭᠤᠯ ᠤᠨ ᠬᠠᠷᠢᠯᠴᠠᠭ᠎ᠠ ᠬᠣᠶᠠᠷ ᠲᠠᠯ᠎ᠠ ᠢᠢᠨ ᠬᠦᠴᠦ ᠴᠢᠷᠮᠠᠢᠢᠯᠲᠠ ᠢᠢᠨ ᠳ᠋ᠦᠩ ᠳᠥ ᠣᠯᠠᠨ ᠰᠢᠨ᠎ᠡ ᠰᠠᠯᠪᠤᠷᠢ ᠳᠤ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠮᠠᠨ ᠤ ᠤᠯᠤᠰ ᠮᠣᠩ᠋ᠭᠤᠯ ᠤᠯᠤᠰ ᠲᠠᠢ ᠬᠥᠭ᠍ᠵᠢᠭᠦᠯᠵᠦ ᠪᠤᠢ ᠨᠠᠢᠢᠷᠰᠠᠭ ᠬᠠᠷᠢᠯᠴᠠᠭᠠᠨ ᠳᠤ ᠪᠠᠨ ᠴᠢᠬᠤᠯᠠ ᠠᠴᠢ ᠬᠣᠯᠪᠤᠭᠳᠠᠯ ᠥᠭᠳᠡᠭ ᠪᠥᠭᠡᠳ ᠬᠠᠮᠲᠤ ᠢᠢᠨ ᠠᠵᠢᠯᠯᠠᠭ᠎ᠠ ᠬᠠᠷᠢᠯᠴᠠᠨ ᠬᠦᠨᠳᠦᠳᠬᠡᠯ᠂ ᠣᠢᠢᠯᠠᠭᠠᠯᠴᠠᠯ ᠢᠶᠠᠷ ᠪᠡᠬᠢᠵᠢᠵᠦ᠂ ᠬᠣᠶᠠᠷ ᠠᠷᠠᠳ ᠲᠦᠮᠡᠨ ᠦ ᠲᠤᠰᠠ ᠢᠢᠨ ᠲᠤᠯᠠᠳᠠ ᠤᠯᠠᠮ ᠥᠷᠭᠡᠵᠢᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠨᠡᠩ ᠥᠨᠳᠦᠷ ᠬᠦᠨᠳᠦᠳᠬᠡᠯ ᠢᠶᠡᠨ ᠢᠯᠡᠷᠬᠡᠢᠢᠯᠡᠵᠦ ᠪᠠᠢᠢᠭ᠎ᠠ ᠢᠢ ᠬᠦᠯᠢᠶᠡᠨ ᠠᠪᠤᠨ᠎ᠠ ᠤᠤ» ᠭᠡᠵᠡᠶ᠃