ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠾᠦᠩᠭ᠋ᠠᠷᠢ ᠤᠯᠤᠰ ᠤᠨ ᠶᠡᠷᠦᠩᠬᠡᠢᠢᠯᠡᠭᠴᠢ ᠲᠣᠮᠠᠱ ᠱᠦᠶᠣᠻ ᠪᠠᠶᠠᠷ ᠨᠠᠭᠠᠳᠤᠮ ᠤᠨ ᠮᠡᠨᠳᠦᠴᠢᠯᠡᠭᠡ ᠢᠷᠡᠭᠦᠯᠦᠯ᠎ᠡ᠃
ᠮᠡᠨᠳᠦᠴᠢᠯᠡᠭᠡᠨ ᠳᠥ:
«ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠪᠣᠯᠤᠨ ᠮᠣᠩ᠋ᠭᠤᠯ ᠤᠨ ᠠᠷᠠᠳ ᠲᠦᠮᠡᠨ ᠳᠥ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ᠂ ᠰᠠᠢᠢᠨ ᠰᠠᠢᠢᠬᠠᠨ ᠢ ᠬᠦᠰᠡᠨ ᠢᠷᠦᠭᠡᠶ ᠡ᠃
ᠡᠷᠲᠡᠨ ᠡᠴᠡ ᠤᠯᠪᠠᠭ᠎ᠠ ᠲᠠᠢ ᠮᠠᠨ ᠤ ᠬᠣᠶᠠᠷ ᠤᠯᠤᠰ ᠤᠨ ᠨᠠᠢᠢᠷᠠᠮᠳᠠᠯᠲᠤ ᠬᠠᠷᠢᠯᠴᠠᠭ᠎ᠠ ᠨᠢ ᠾᠦᠩᠭ᠋ᠠᠷᠢ ᠤᠯᠤᠰ ᠤᠨ ᠬᠤᠪᠢ ᠳᠤ ᠣᠨᠴᠠ ᠴᠢᠬᠤᠯᠠ ᠪᠠᠢᠢᠷᠢ ᠰᠠᠭᠤᠷᠢ ᠡᠵᠡᠯᠡᠳᠡᠭ ᠪᠢᠯᠡ᠃
ᠥᠩ᠋ᠭᠡᠷᠡᠭᠰᠡᠨ ᠣᠨ ᠵᠢᠯ ᠦᠳ ᠲᠥ ᠬᠣᠶᠠᠷ ᠤᠯᠤᠰ ᠬᠠᠷᠢᠯᠴᠠᠨ ᠬᠦᠨᠳᠦᠳᠬᠡᠯ ᠳᠥ ᠰᠠᠭᠤᠷᠢᠯᠠᠭᠰᠠᠨ ᠨᠢᠭ᠌ᠲᠠ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ ᠢᠷᠡᠭᠰᠡᠨ ᠳᠥ ᠪᠠᠶᠠᠷ ᠲᠠᠢ ᠪᠠᠢᠢᠨ᠎ᠠ᠃ ᠴᠢᠨᠠᠭᠰᠢᠳᠠ ᠴᠦ ᠬᠠᠷᠢᠯᠴᠠᠭ᠎ᠠ ᠪᠠᠨ ᠤᠯᠠᠮ ᠪᠡᠬᠢᠵᠢᠭᠦᠯᠬᠦ ᠪᠣᠯᠤᠮᠵᠢ ᠨᠤᠭᠤᠳ ᠨᠡᠭᠡᠭᠡᠭ᠍ᠳᠡᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃
ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠬᠦᠯᠢᠶᠡᠨ ᠠᠪᠤᠨ᠎ᠠ ᠤᠤ» ᠭᠡᠵᠡᠶ᠃