Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠳᠥ ᠢᠲ᠋ᠠᠯᠢ ᠢᠢᠨ ᠶᠡᠷᠦᠩᠬᠡᠢᠢᠯᠡᠭᠴᠢ ᠮᠡᠨᠳᠦᠴᠢᠯᠡᠭᠡ ᠢᠷᠡᠭᠦᠯᠦᠯ᠎ᠡ

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠣ᠋ ᠮᠠᠲ᠋ᠲ᠋ᠠᠷᠧᠯᠯᠠ ᠨᠠᠭᠠᠳᠤᠮ ᠤᠨ ᠮᠡᠨᠳᠦᠴᠢᠯᠡᠭᠡ ᠢᠷᠡᠭᠦᠯᠦᠯ᠎ᠡ᠃

«ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠪᠣᠯᠤᠨ ᠮᠣᠩ᠋ᠭᠤᠯ ᠤᠨ ᠠᠷᠠᠳ ᠲᠦᠮᠡᠨ ᠳᠥ ᠴᠢᠩ ᠰᠡᠳᠬᠢᠯ ᠦᠨ ᠬᠠᠯᠠᠭᠤᠨ ᠳᠣᠲᠤᠨᠤ ᠮᠡᠨᠳᠦᠴᠢᠯᠡᠭᠡ ᠳᠡᠪᠰᠢᠭᠦᠯᠦᠶ ᠡ᠃

ᠦᠨᠡᠨᠴᠢ ᠨᠥᠬᠦᠷᠯᠡᠯ ᠦᠨ ᠪᠠᠲᠤ ᠬᠡᠯᠬᠢᠶ᠎ᠡ ᠪᠡᠷ ᠬᠣᠯᠪᠤᠭᠳᠠᠭᠰᠠᠨ ᠮᠠᠨ ᠤ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠡᠨᠡ ᠣᠨ ᠳᠤ ᠲᠣᠬᠢᠶᠠᠵᠤ ᠪᠠᠢᠢᠨ᠎ᠠ᠃ ᠪᠢᠳᠡᠨ ᠦ ᠪᠠᠲᠤ ᠪᠡᠬᠢ ᠬᠠᠮᠲᠤ ᠢᠢᠨ ᠠᠵᠢᠯᠯᠠᠭ᠎ᠠ ᠬᠣᠶᠠᠷ ᠤᠯᠤᠰ ᠤᠨ ᠬᠥᠭ᠍ᠵᠢᠯ ᠢ ᠳᠡᠮᠵᠢᠵᠦ᠂ ᠣᠯᠠᠨ ᠰᠠᠯᠪᠤᠷᠢ ᠳᠤ ᠦᠷ᠎ᠡ ᠳ᠋ᠦᠩ ᠲᠡᠢ ᠬᠠᠮᠲᠤᠷᠠᠨ ᠠᠵᠢᠯᠯᠠᠬᠤ ᠪᠣᠯᠤᠮᠵᠢ ᠢᠢ ᠪᠦᠷᠢᠳᠦᠭᠦᠯᠵᠦ ᠪᠠᠢᠢᠭ᠎ᠠ ᠢᠢ ᠣᠨᠴᠠᠯᠠᠬᠤ ᠢᠢ ᠬᠦᠰᠡᠵᠦ ᠪᠠᠢᠢᠨ᠎ᠠ᠃

ᠬᠡᠳᠦᠢ ᠪᠡᠷ ᠭᠠᠵᠠᠷ ᠵᠦᠢ ᠢᠢᠨ ᠬᠤᠪᠢ ᠳᠤ ᠠᠯᠤᠰ ᠣᠷᠤᠰᠢᠳᠠᠭ ᠬᠡᠳᠦᠢ ᠴᠦ ᠬᠦᠮᠦᠨ ᠦ ᠡᠷᠬᠡ᠂ ᠣᠯᠠᠨ ᠤᠷᠭᠤᠯᠴᠢ ᠦᠵᠡᠯ᠂ ᠬᠠᠤᠯᠢ ᠳᠡᠭᠡᠳᠦᠯᠡᠬᠦ ᠵᠠᠷᠴᠢᠮ ᠪᠣᠯᠤᠨ ᠣᠯᠠᠨ ᠤᠯᠤᠰ ᠤᠨ ᠡᠷᠬᠡ ᠵᠦᠢ ᠢᠢ ᠬᠦᠨᠳᠦᠳᠬᠡᠨ ᠳᠡᠭᠡᠳᠦᠯᠡᠬᠦ ᠵᠡᠷᠭᠡ ᠨᠡᠢᠢᠲᠡᠯᠢᠭ ᠦᠨᠡᠲᠦ ᠵᠦᠢᠯᠡᠰ ᠲᠥ ᠰᠠᠭᠤᠷᠢᠯᠠᠭᠰᠠᠨ ᠪᠢᠳᠡᠨ ᠦ ᠬᠠᠮᠲᠤ ᠢᠢᠨ ᠠᠵᠢᠯᠯᠠᠭ᠎ᠠ ᠮᠣᠩ᠋ᠭᠤᠯ ᠤᠯᠤᠰ᠂ ᠧᠦ᠋ᠷᠣᠫᠠ ᠢᠢᠨ ᠬᠣᠯᠪᠤᠭ᠎ᠠ ᠬᠣᠭᠤᠷᠤᠨᠳᠤ ᠢᠢᠨ ᠢᠳᠡᠪᠬᠢᠲᠡᠢ ᠥᠷᠨᠢᠵᠦ ᠪᠤᠢ ᠶᠠᠷᠢᠶ᠎ᠠ ᠬᠡᠯᠡᠯᠴᠡᠭᠡ ᠪᠡᠷ ᠤᠯᠠᠮ ᠪᠦᠷᠢ ᠥᠷᠭᠡᠵᠢᠵᠦ ᠪᠠᠢᠢᠭ᠎ᠠ ᠳᠤ ᠪᠠᠶᠠᠷ ᠲᠠᠢ ᠪᠠᠢᠢᠨ᠎ᠠ᠃

ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠵᠦ᠂ ᠰᠠᠢᠢᠨ ᠰᠠᠢᠢᠬᠠᠨ ᠢ ᠬᠦᠰᠡᠨ ᠢᠷᠦᠭᠡᠶ ᠡ» ᠭᠡᠵᠡᠶ᠃