Та "Internet explorer"-ийн сүүлийн хувилбар болох "Microsoft edge"-г ашиглана уу

Хэрэв "Microsoft edge"-г татах бол энд дарж татаж авна уу

ᠭᠠᠳᠠᠭᠠᠳᠤ ᠢᠢᠨ ᠤᠯᠤᠰ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠨᠠᠭᠠᠳᠤᠮ ᠤᠨ ᠮᠡᠨᠳᠦᠴᠢᠯᠡᠭᠡ ᠢᠷᠡᠭᠦᠯᠦᠭᠰᠡᠭᠡᠷ ᠪᠠᠢᠢᠨ᠎ᠠ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠭᠠᠳᠠᠭᠠᠳᠤ ᠢᠢᠨ ᠤᠯᠤᠰ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠮᠡᠨᠳᠦᠴᠢᠯᠡᠭᠡ ᠢᠷᠡᠭᠦᠯᠦᠭᠰᠡᠭᠡᠷ ᠪᠠᠢᠢᠨ᠎ᠠ᠃

ᠶᠡᠷᠦᠩᠬᠡᠢᠢᠯᠡᠭᠴᠢ ᠳᠥ ᠪᠣᠯᠤᠨ ᠮᠣᠩ᠋ᠭᠤᠯ ᠤᠨ ᠠᠷᠠᠳ ᠲᠦᠮᠡᠨ ᠳᠥ ᠪᠧᠯᠭᠢ ᠢᠢᠨ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠹᠢᠯᠢᠫᠫ᠂ ᠪᠦᠭᠦᠳᠡ ᠨᠠᠢᠢᠷᠠᠮᠳᠠᠬᠤ ᠫᠣᠷᠲ᠋ᠦ᠋ᠭᠠᠯ ᠤᠯᠤᠰ ᠤᠨ ᠶᠡᠷᠦᠩᠬᠡᠢᠢᠯᠡᠭᠴᠢ ᠮᠠᠷᠰᠧᠯᠣ᠋ ᠷᠧᠪᠧᠯᠣ᠋ ᠳ᠋ᠧ ᠰᠣ᠊ᠦ᠋ᠰᠠ᠂ ᠪᠦᠭᠦᠳᠡ ᠨᠠᠢᠢᠷᠠᠮᠳᠠᠬᠤ ᠮᠠᠯᠠᠸᠢ ᠤᠯᠤᠰ ᠤᠨ ᠶᠡᠷᠦᠩᠬᠡᠢᠢᠯᠡᠭᠴᠢ ᠯᠠᠽᠠᠷᠦ᠋ᠰ ᠮᠻᠠᠷᠲ᠋ᠢ ᠴᠠᠻᠸᠧᠷᠠ ᠨᠠᠷ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠵᠦ᠂ ᠠᠵᠠ ᠵᠢᠷᠭᠠᠯ᠂ ᠰᠠᠢᠢᠬᠠᠨ ᠰᠠᠢᠢᠬᠠᠨ᠂ ᠬᠥᠭ᠍ᠵᠢᠯ ᠴᠡᠴᠡᠭᠯᠡᠯᠲᠡ ᠬᠦᠰᠡᠨ ᠢᠷᠦᠭᠡᠵᠡᠶ᠃