ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠢᠷᠭᠢᠽ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ «ᠠᠲ᠋ᠠ-ᠪᠧᠢᠢᠲ᠋» ᠲᠡᠦᠬᠡ ᠢᠢᠨ ᠳᠤᠷᠠᠰᠬᠠᠯ ᠤᠨ ᠴᠣᠭᠴᠠᠯᠠᠪᠤᠷᠢ ᠳᠤ ᠪᠠᠢᠢᠷᠢᠯᠠᠬᠤ «ᠦᠷᠻᠦ᠋ᠨ» ᠳᠤᠷᠠᠰᠬᠠᠯ ᠤᠨ ᠬᠥᠰᠢᠶᠡᠨ ᠳᠥ ᠬᠦᠨᠳᠦᠳᠬᠡᠯ ᠦᠵᠡᠭᠦᠯᠵᠦ᠂ ᠴᠡᠴᠡᠭ ᠡᠷᠭᠦᠯ᠎ᠡ᠃
ᠲᠥᠯᠦᠭᠡᠯᠡᠭᠴᠢᠳ ᠢ «ᠠᠲ᠋ᠠ-ᠪᠧᠢᠢᠲ᠋» ᠴᠣᠭᠴᠠᠯᠠᠪᠤᠷᠢ ᠳᠤ ᠬᠦᠷᠦᠯᠴᠡᠨ ᠢᠷᠡᠬᠦ ᠳᠥ ᠻᠢᠷᠭᠢᠽ ᠤᠯᠤᠰ ᠤᠨ ᠲᠥᠷᠦ ᠢᠢᠨ ᠬᠦᠨᠳᠦᠲᠦ ᠬᠠᠷᠠᠭᠤᠯ ᠵᠢᠭ᠌ᠰᠠᠵᠤ᠂ ᠦᠯᠢᠭᠡᠷ ᠵᠢᠱᠢᠶ᠎ᠡ ᠦᠯᠢᠶᠡᠪᠦᠷᠢ ᠨᠠᠢᠢᠷᠠᠯ ᠬᠥᠭ᠍ᠵᠢᠮ ᠤᠭᠲᠤᠯ᠎ᠠ᠃
«ᠦᠷᠻᠦ᠋ᠨ» ᠳᠤᠷᠠᠰᠬᠠᠯ ᠤᠨ ᠬᠥᠰᠢᠶᠡᠨ ᠳᠥ ᠲᠤᠰ ᠤᠯᠤᠰ ᠲᠤ ᠠᠢᠢᠯᠴᠢᠯᠠᠵᠤ ᠪᠤᠢ ᠭᠠᠳᠠᠭᠠᠳᠤ ᠢᠢᠨ ᠤᠯᠤᠰ ᠣᠷᠤᠨ ᠤ ᠲᠥᠷᠦ᠂ ᠵᠠᠰᠠᠭ ᠤᠨ ᠲᠡᠷᠢᠭᠦᠨ ᠬᠦᠨᠳᠦᠳᠬᠡᠯ ᠦᠵᠡᠭᠦᠯᠵᠦ᠂ ᠴᠡᠴᠡᠭ ᠡᠷᠭᠦᠳᠡᠭ ᠤᠯᠠᠮᠵᠢᠯᠠᠯ ᠲᠠᠢ ᠶᠤᠮ᠃


