Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ᠂ ᠰᠠ᠊·ᠵᠠᠫᠠᠷᠤᠸ ᠨᠠᠷ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠭᠰᠠᠨ ᠢᠢᠠᠨ ᠵᠠᠷᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠢᠷᠭᠢᠽ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠬᠣᠶᠠᠷ ᠤᠯᠤᠰ ᠤᠨ ᠶᠡᠷᠦᠩᠬᠡᠢᠢᠯᠡᠭᠴᠢ ᠠᠯᠪᠠᠨ ᠶᠣᠰᠤᠨ ᠤ ᠬᠡᠯᠡᠯᠴᠡᠭᠡ ᠬᠢᠵᠦ᠂ ᠬᠣᠶᠠᠷ ᠣᠷᠤᠨ ᠤ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃

ᠲᠥᠷᠦ ᠢᠢᠨ ᠲᠡᠷᠢᠭᠦᠨ ᠨᠠᠷ ᠤᠨ ᠬᠡᠯᠡᠭᠰᠡᠨ ᠦᠭᠡᠨ ᠡᠴᠡ ᠬᠦᠷᠭᠡᠵᠦ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠡᠨᠳᠡ ᠬᠦᠷᠦᠯᠴᠡᠨ ᠢᠷᠡᠭᠰᠡᠨ ᠬᠡᠪᠯᠡᠯ ᠦᠨ ᠲᠥᠯᠦᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠶ ᠡ᠃

ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠶᠡᠷᠦᠩᠬᠡᠢᠢᠯᠡᠭᠴᠢ ᠰᠠᠳᠢᠷ ᠵᠠᠫᠠᠷᠣᠸ ᠤᠨ ᠤᠷᠢᠯᠭ᠎ᠠ ᠪᠠᠷ ᠲᠩᠷᠢ ᠠᠭᠤᠯᠠ ᠢᠢᠨ ᠡᠩ᠋ᠭᠡᠷ᠂ ᠢᠰᠰᠢᠻ-ᠻᠦᠯᠢ ᠨᠠᠭᠤᠷ ᠤᠨ ᠡᠷᠭᠢ ᠳᠥ ᠣᠷᠤᠰᠢᠬᠤ ᠲᠥᠪ ᠠᠽᠢ ᠢᠢᠨ ᠲᠡᠦᠬᠡ᠂ ᠰᠣᠶᠤᠯ ᠤᠨ ᠥᠯᠦᠭᠡᠶ ᠨᠤᠲᠤᠭ᠂ ᠪᠠᠢᠢᠭᠠᠯᠢ ᠢᠢᠨ ᠦᠵᠡᠰᠬᠦᠯᠡᠩᠲᠦ ᠻᠢᠷᠭᠢᠽ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠮᠠᠩᠯᠠᠢᠢᠯᠠᠯ ᠳᠣᠣᠷ᠎ᠠ ᠡᠳᠦᠷ ᠡᠴᠡ ᠡᠳᠦᠷ ᠲᠥ ᠴᠡᠴᠡᠭᠯᠡᠨ ᠬᠥᠭ᠍ᠵᠢᠵᠦ ᠪᠤᠢ ᠲᠠᠨ ᠤ ᠰᠠᠢᠢᠬᠠᠨ ᠤᠯᠤᠰ ᠤᠨ ᠬᠥᠭ᠍ᠵᠢᠯ ᠳᠡᠪᠰᠢᠯ᠂ ᠻᠢᠷᠭᠢᠽ ᠦᠨ ᠨᠠᠢᠢᠷᠰᠠᠭ ᠠᠷᠠᠳ ᠲᠦᠮᠡᠨ ᠦ ᠠᠬᠤᠶ ᠠᠮᠢᠳᠤᠷᠠᠯ᠂ ᠲᠡᠦᠬᠡ ᠰᠣᠶᠤᠯ᠂ ᠶᠣᠰᠤ ᠵᠠᠩᠰᠢᠯ ᠲᠠᠢ ᠣᠢᠢᠷ᠎ᠠ ᠳᠣᠲᠤᠨᠤ ᠲᠠᠨᠢᠯᠴᠠᠵᠤ ᠪᠤᠢ ᠳᠤ ᠪᠠᠨ ᠰᠡᠳᠬᠢᠯ ᠥᠨᠳᠦᠷ ᠪᠠᠢᠢᠨ᠎ᠠ᠃

ᠮᠠᠨ ᠤ ᠲᠥᠯᠦᠭᠡᠯᠡᠭᠴᠢᠳ ᠢ ᠨᠠᠢᠢᠷᠰᠠᠭ᠂ ᠬᠠᠯᠠᠭᠤᠨ ᠳᠣᠲᠤᠨᠤ ᠪᠠᠷ ᠬᠦᠯᠢᠶᠡᠨ ᠠᠪᠴᠤ ᠪᠤᠢ ᠻᠢᠷᠭᠢᠽ ᠤᠯᠤᠰ ᠤᠨ ᠲᠥᠷᠦ᠂ ᠵᠠᠰᠠᠭ ᠤᠨ ᠭᠠᠵᠠᠷ ᠪᠣᠯᠤᠨ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃

ᠡᠨᠡ ᠬᠦ ᠲᠥᠷᠦ ᠢᠢᠨ ᠠᠢᠢᠯᠴᠢᠯᠠᠯ ᠨᠢ ᠨᠡᠭᠦᠳᠡᠯ ᠦᠨ ᠰᠣᠶᠤᠯ ᠢᠷᠭᠡᠨᠰᠢᠯ᠂ ᠲᠡᠦᠬᠡᠨ ᠦᠨᠡᠲᠦ ᠵᠦᠢᠯᠡᠰ ᠢᠶᠡᠷ ᠢᠶᠡᠨ ᠭᠦᠨᠵᠡᠭᠡᠶ ᠬᠡᠯᠬᠢᠶ᠎ᠡ ᠬᠣᠯᠪᠤᠭ᠎ᠠ ᠲᠠᠢ ᠶᠠᠪᠤᠵᠤ ᠢᠷᠡᠭᠰᠡᠨ᠂ ᠤᠯᠠᠮᠵᠢᠯᠠᠯᠲᠤ ᠰᠠᠢᠢᠬᠠᠨ ᠬᠠᠷᠢᠯᠴᠠᠭ᠎ᠠ ᠲᠠᠢ ᠮᠠᠨ ᠤ ᠬᠣᠶᠠᠷ ᠣᠷᠤᠨ ᠤ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠤᠯᠠᠮ ᠪᠦᠷᠢ ᠪᠠᠲᠤᠳᠬᠠᠨ ᠪᠡᠬᠢᠵᠢᠭᠦᠯᠵᠦ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠪᠤᠢ ᠳᠤ ᠪᠠᠶᠠᠷ ᠲᠠᠢ ᠪᠠᠢᠢᠨ᠎ᠠ᠃

ᠻᠢᠷᠭᠢᠽ ᠤᠯᠤᠰ ᠤᠨ ᠶᠡᠷᠦᠩᠬᠡᠢᠢᠯᠡᠭᠴᠢ᠂ ᠮᠢᠨᠦ ᠳᠣᠲᠤᠨᠤ ᠢᠢᠨ ᠨᠥᠬᠦᠷ ᠰᠠᠳᠢᠷ ᠵᠠᠫᠠᠷᠣᠸ ᠲᠠᠨ ᠤ 2023 ᠣᠨ ᠳᠤ ᠮᠠᠨ ᠤ ᠤᠯᠤᠰ ᠲᠤ ᠬᠢᠭ᠍ᠰᠡᠨ ᠠᠩᠬᠠᠨ ᠤ ᠲᠥᠷᠦ ᠢᠢᠨ ᠠᠢᠢᠯᠴᠢᠯᠠᠯ ᠦᠷ᠎ᠡ ᠳ᠋ᠦᠩ ᠲᠡᠢ᠂ ᠠᠮᠵᠢᠯᠲᠠ ᠲᠠᠢ ᠬᠡᠷᠡᠭᠵᠢᠵᠦ᠂ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠂ ᠰᠢᠨ᠎ᠡ ᠱᠠᠲᠤᠨ ᠳᠤ ᠬᠦᠷᠭᠡᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠢ ᠲᠡᠮᠳᠡᠭᠯᠡᠨ ᠬᠡᠯᠡᠬᠦ ᠢᠢ ᠬᠦᠰᠡᠵᠦ ᠪᠠᠢᠢᠨ᠎ᠠ᠃

ᠬᠣᠶᠠᠷ ᠤᠯᠤᠰ ᠤᠨ ᠲᠥᠷᠦ ᠢᠢᠨ ᠲᠡᠷᠢᠭᠦᠨ ᠪᠣᠭᠤᠨᠢ ᠬᠤᠭᠤᠴᠠᠭᠠᠨ ᠳᠤ ᠡᠢᠢᠨ ᠬᠦ ᠬᠠᠷᠢᠯᠴᠠᠨ ᠲᠥᠷᠦ ᠢᠢᠨ ᠠᠢᠢᠯᠴᠢᠯᠠᠯ ᠬᠢᠵᠦ ᠪᠤᠢ ᠨᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡᠬᠢ ᠲᠠ ᠪᠢᠳᠡᠨ ᠦ ᠬᠦᠰᠡᠯ ᠡᠷᠡᠮᠡᠯᠵᠡᠯ ᠦᠨ ᠲᠣᠳᠤ ᠢᠯᠡᠷᠬᠡᠢᠢᠯᠡᠯ ᠬᠡᠮᠡᠨ ᠦᠵᠡᠵᠦ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ ᠡᠷᠬᠢᠮ ᠶᠡᠷᠦᠩᠬᠡᠢᠢᠯᠡᠭᠴᠢ ᠲᠠ ᠪᠢᠳᠡ᠂ ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ ᠢᠢ ᠱᠠᠲᠤ ᠠᠬᠢᠭᠤᠯᠤᠨ «ᠢᠵᠢ ᠪᠦᠷᠢᠨ ᠲᠦᠩᠰᠢᠯᠡᠯ» ᠤᠨ ᠲᠥᠪᠰᠢᠨ ᠳᠥ ᠬᠦᠷᠭᠡᠨ ᠬᠥᠭ᠍ᠵᠢᠭᠦᠯᠬᠦ ᠲᠡᠦᠬᠡᠨ ᠰᠢᠢᠳᠪᠦᠷᠢ ᠭᠠᠷᠭᠠᠯ᠎ᠠ᠃

ᠥᠨᠦᠳᠦᠷ ᠪᠢᠳᠡ ᠥᠩ᠋ᠭᠡᠷᠡᠭᠰᠡᠨ 30 ᠭᠠᠷᠤᠶ ᠵᠢᠯ ᠦᠨ ᠬᠠᠷᠢᠯᠴᠠᠭᠠᠨ ᠤ ᠣᠯᠤᠯᠲᠠ ᠠᠮᠵᠢᠯᠲᠠ ᠪᠣᠯᠤᠨ ᠲᠥᠷᠦ ᠢᠢᠨ ᠲᠡᠷᠢᠭᠦᠨ ᠨᠠᠷ ᠤᠨ ᠶᠠᠷᠢᠵᠤ ᠲᠣᠬᠢᠷᠠᠭᠰᠠᠨ ᠠᠵᠢᠯ ᠤᠳ ᠤᠨ ᠬᠡᠷᠡᠭᠵᠢᠯᠲᠡ ᠢᠢ ᠳ᠋ᠦᠩᠨᠡᠨ᠂ ᠢᠷᠡᠬᠦ ᠣᠨ ᠵᠢᠯ ᠦᠳ ᠲᠥ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ ᠬᠡᠲᠦ ᠢᠢᠨ ᠲᠥᠯᠦᠪ᠂ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ 2023 ᠣᠨ ᠳᠤ ᠮᠠᠨ ᠤ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠡᠳ᠋ ᠦᠨ ᠵᠠᠰᠠᠭ᠂ ᠬᠥᠳᠡᠭᠡ ᠠᠵᠤ ᠠᠬᠤᠶ᠂ ᠪᠠᠢᠢᠭᠠᠯᠢ ᠣᠷᠴᠢᠨ᠂ ᠤᠷᠭᠤᠮᠠᠯ ᠤᠨ ᠬᠣᠷᠢᠭ᠎ᠠ ᠴᠡᠭᠡᠷ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠢᠢ ᠲᠠᠯᠪᠢᠵᠤ᠂ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠬᠡᠳᠦ ᠬᠡᠳᠦᠨ ᠭᠡᠷ᠎ᠡ᠂ ᠬᠡᠯᠡᠯᠴᠡᠭᠡᠷ ᠪᠠᠢᠢᠭᠤᠯᠤᠭᠰᠠᠨ ᠪᠢᠯᠡ᠃

ᠲᠡᠭᠡᠪᠡᠯ ᠡᠨᠡ ᠲᠥᠷᠦ ᠢᠢᠨ ᠠᠢᠢᠯᠴᠢᠯᠠᠯ ᠢᠶᠠᠷ «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠻᠢᠷᠭᠢᠽ ᠤᠯᠤᠰ ᠤᠨ ᠬᠣᠭᠤᠷᠤᠨᠳᠤ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠬᠤ ᠲᠤᠬᠠᠶ ᠬᠠᠮᠲᠤᠷᠠᠭᠰᠠᠨ ᠲᠤᠩᠬᠠᠭᠯᠠᠯ» ᠳ᠋ᠤ ᠭᠠᠷ ᠤᠨ ᠦᠰᠦᠭ ᠵᠢᠷᠤᠯ᠎ᠠ᠃

ᠮᠥᠨ ᠮᠣᠩ᠋ᠭᠤᠯ᠂ ᠻᠢᠷᠭᠢᠽ ᠦᠨ ᠬᠠᠷᠢᠯᠴᠠᠭ᠎ᠠ ᠢᠢ ᠬᠠᠤᠯᠢ᠂ ᠡᠷᠬᠡ ᠵᠦᠢ᠂ ᠬᠥᠳᠡᠭᠡ ᠠᠵᠤ ᠠᠬᠤᠶ᠂ ᠰᠣᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠴᠠᠬᠢᠮ ᠰᠢᠯᠵᠢᠯᠲᠡ ᠵᠡᠷᠭᠡ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠵᠣᠷᠢᠯᠭ᠎ᠠ ᠪᠠᠷ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠲᠥ ᠨᠡᠮᠡᠵᠦ ᠭᠠᠷ ᠤᠨ ᠦᠰᠦᠭ ᠵᠢᠷᠤᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠮᠣᠩ᠋ᠭᠤᠯ᠂ ᠻᠢᠷᠭᠢᠽ ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠦᠢᠯᠡᠰ ᠲᠥ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠣᠷᠤᠭᠤᠯᠵᠤ ᠪᠤᠢ ᠬᠤᠪᠢ ᠨᠡᠮᠡᠷᠢ᠂ ᠬᠢᠴᠢᠶᠡᠯ ᠵᠢᠳᠬᠦᠯ ᠢ ᠣᠨᠴᠠᠯᠠᠨ ᠲᠡᠮᠳᠡᠭᠯᠡᠵᠦ᠂ ᠥᠨᠳᠦᠷ ᠢᠶᠡᠷ ᠦᠨᠡᠯᠡᠵᠦ ᠪᠠᠢᠢᠨ᠎ᠠ᠃

ᠲᠠ ᠪᠢᠳᠡᠨ ᠦ ᠶᠠᠷᠢᠵᠤ ᠲᠣᠬᠢᠷᠠᠭᠰᠠᠨ ᠠᠵᠢᠯ ᠤᠳ ᠡᠬᠢᠨ ᠡᠴᠡ ᠪᠡᠨ ᠪᠣᠳᠠᠲᠤ ᠠᠵᠢᠯ ᠬᠡᠷᠡᠭ ᠪᠣᠯᠵᠤ ᠪᠤᠢ ᠳᠤ ᠪᠠᠶᠠᠷ ᠲᠠᠢ ᠪᠠᠢᠢᠨ᠎ᠠ᠃

ᠲᠠ ᠪᠢᠳᠡ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠣᠨᠴᠤᠭᠤᠶ ᠠᠩᠬᠠᠷᠴᠤ᠂ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠪᠡᠷ ᠲᠣᠬᠢᠷᠠᠭᠰᠠᠨ ᠤ ᠳᠠᠭᠠᠭᠤ ᠬᠣᠨᠢ᠂ ᠢᠮᠠᠭ᠎ᠠ᠂ ᠦᠬᠡᠷ᠂ ᠠᠳᠤᠭᠤᠨ ᠤ ᠮᠢᠬ᠎ᠠ᠂ ᠮᠢᠬᠠᠨ ᠪᠣᠯᠤᠨ ᠳᠠᠢᠢᠪᠤᠷᠢ ᠪᠦᠲᠦᠭᠡᠭ᠍ᠳᠡᠬᠦᠨ ᠻᠢᠷᠭᠢᠽ ᠤᠯᠤᠰ ᠲᠤ ᠡᠻᠰᠫᠣᠷᠲ᠋ᠯᠠᠬᠤ᠂ ᠮᠥᠨ ᠵᠢᠭᠠᠰᠤ᠂ ᠵᠢᠭᠠᠰᠤᠨ ᠪᠦᠲᠦᠭᠡᠭ᠍ᠳᠡᠬᠦᠨ ᠮᠣᠩ᠋ᠭᠤᠯ ᠤᠯᠤᠰ ᠲᠤ ᠨᠡᠢᠢᠯᠡᠭᠦᠯᠬᠦ ᠮᠠᠯ ᠡᠮᠨᠡᠯᠭᠡ ᠢᠢᠨ ᠣᠯᠠᠨ ᠤᠯᠤᠰ ᠤᠨ ᠭᠡᠷᠡᠴᠢᠯᠡᠭᠡ ᠨᠤᠭᠦᠳ ᠢ ᠪᠠᠲᠤᠯᠠᠭᠠᠵᠢᠭᠤᠯᠤᠭᠰᠠᠨ᠃

ᠲᠡᠭᠦᠨᠴᠢᠯᠡᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠬᠡᠷᠡᠭᠵᠢᠵᠦ ᠪᠤᠢ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠮᠣᠩ᠋ᠭᠤᠯ ᠤᠨ ᠨᠣᠣᠰᠤ᠂ ᠨᠣᠯᠤᠤᠷ ᠢ ᠻᠢᠷᠭᠢᠽ ᠦᠨ ᠬᠥᠪᠦᠩ᠂ ᠨᠡᠬᠡᠮᠡᠯ ᠤᠲᠠᠰᠤᠨ ᠤ ᠦᠢᠯᠡᠳᠪᠦᠷᠢᠯᠡᠯ ᠲᠡᠢ ᠤᠶᠠᠯᠳᠤᠭᠤᠯᠤᠨ ᠬᠣᠶᠠᠷ ᠤᠯᠤᠰ ᠤᠨ ᠵᠠᠬ᠎ᠠ ᠵᠡᠭᠡᠯᠢ ᠳᠥ ᠲᠡᠳᠦᠶ ᠦᠭᠡᠢ ᠣᠯᠠᠨ ᠤᠯᠤᠰ ᠲᠤ ᠲᠠᠨᠢᠭᠳᠠᠭᠰᠠᠨ ᠰᠦᠯᠵᠢᠮᠡᠯ᠂ ᠨᠡᠬᠡᠮᠡᠯ ᠪᠦᠲᠦᠭᠡᠭ᠍ᠳᠡᠬᠦᠨ ᠦᠢᠯᠡᠳᠪᠦᠷᠢᠯᠡᠬᠦ᠂ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠬᠤᠢᠢᠴᠠ ᠲᠥᠰᠦᠯ᠂ ᠬᠥᠲᠦᠯᠪᠦᠷᠢ ᠢᠢ ᠬᠠᠮᠲᠤᠷᠠᠨ ᠬᠡᠷᠡᠭᠵᠢᠭᠦᠯᠬᠦ ᠪᠡᠷ ᠲᠣᠬᠢᠷᠠᠯ᠎ᠠ᠃

ᠮᠠᠨ ᠤ ᠤᠯᠤᠰ 80 ᠭᠠᠷᠤᠶ ᠰᠠᠶ᠎ᠠ ᠲᠣᠯᠤᠭᠠᠶ ᠮᠠᠯ ᠲᠠᠢ᠂ ᠵᠢᠯ ᠪᠦᠷᠢ 20 ᠰᠠᠶ᠎ᠠ ᠲᠣᠯᠤᠭᠠᠶ ᠮᠠᠯ ᠢ ᠡᠳ᠋ ᠦᠨ ᠵᠠᠰᠠᠭ ᠤᠨ ᠡᠷᠭᠢᠯᠲᠡ ᠳᠥ ᠣᠷᠤᠭᠤᠯᠬᠤ ᠨᠥᠭᠡᠴᠡ ᠲᠡᠢ᠃ ᠡᠨᠡ ᠬᠦᠷᠢᠶᠡᠨ ᠳᠥ ᠪᠢᠳᠡ ᠮᠠᠯ ᠦᠷᠡᠵᠢᠭᠦᠯᠭᠡ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ᠂ ᠻᠢᠷᠭᠢᠽ ᠤᠯᠤᠰ ᠲᠤ ᠮᠣᠩ᠋ᠭᠤᠯ ᠰᠠᠷᠯᠤᠭ᠂ ᠢᠮᠠᠭ᠎ᠠ ᠨᠡᠢᠢᠯᠡᠭᠦᠯᠬᠦ ᠠᠵᠢᠯ ᠢ ᠡᠬᠢᠯᠡᠭᠦᠯᠬᠦ ᠪᠡᠷ ᠪᠣᠯᠤᠯ᠎ᠠ᠃

ᠵᠠᠮ᠂ ᠲᠡᠭᠡᠭᠡᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠲᠡᠭᠦᠨ ᠦ ᠳᠣᠲᠤᠷ᠎ᠠ ᠮᠣᠩ᠋ᠭᠤᠯ ᠻᠢᠷᠭᠢᠽ ᠢ ᠬᠣᠯᠪᠤᠭᠰᠠᠨ ᠬᠤᠳᠠᠯᠳᠤᠭᠠᠨ ᠤ ᠳᠥᠲᠡ ᠵᠠᠮ᠂ ᠰᠢᠨ᠎ᠡ ᠴᠢᠭᠯᠡᠯ ᠢ ᠪᠤᠢ ᠪᠣᠯᠭᠠᠬᠤ᠂ ᠪᠧᠱᠻᠧᠻ – ᠥᠷᠦ᠋ᠮᠴᠢ – ᠤᠯᠠᠭᠠᠨᠪᠠᠭᠠᠲᠤᠷ ᠴᠢᠭᠯᠡᠯ ᠦᠨ ᠠᠦ᠋ᠲ᠋ᠣ᠋ ᠻᠣᠷᠢᠳᠣᠷ ᠢ ᠠᠰᠢᠭᠯᠠᠬᠤ ᠴᠢᠭᠯᠡᠯ ᠳᠥ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠦᠯ᠎ᠡ᠃

ᠰᠣᠶᠤᠯ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠨᠢ ᠮᠠᠨ ᠤ ᠬᠣᠶᠠᠷ ᠣᠷᠤᠨ ᠤ ᠠᠷᠠᠳ ᠢᠷᠭᠡᠳ ᠢ ᠬᠣᠯᠪᠤᠬᠤ «ᠭᠦᠭᠦᠷᠭᠡ» ᠪᠠᠢᠢᠭᠰᠠᠭᠠᠷ ᠢᠷᠡᠭᠰᠡᠨ ᠪᠢᠯᠡ᠃

ᠮᠠᠨ ᠤ ᠬᠣᠶᠠᠷ ᠤᠯᠤᠰ «ᠰᠣᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠪᠠᠷᠢᠮᠲᠠ ᠪᠢᠴᠢᠭ᠌» ᠪᠣᠯᠤᠨ «ᠲᠡᠦᠬᠡ᠂ ᠠᠷᠬᠧᠣᠯᠤᠭᠢ ᠢᠢᠨ ᠰᠤᠳᠤᠯᠭᠠᠨ ᠤ ᠬᠦᠷᠢᠶᠡᠯᠡᠩ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠬᠡᠯᠡᠯᠴᠡᠭᠡᠷ» ᠪᠠᠢᠢᠭᠤᠯᠤᠯ᠎ᠠ᠃

ᠮᠣᠩ᠋ᠭᠤᠯ ᠤᠯᠤᠰ ᠤᠨ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠠᠩᠬ᠎ᠠ ᠤᠳᠠᠭ᠎ᠠ ᠻᠢᠷᠭᠢᠽ ᠤᠯᠠᠰ ᠲᠤ ᠤᠷᠠᠨ ᠪᠦᠲᠦᠭᠡᠯ ᠢᠶᠡᠨ ᠲᠣᠯᠢᠯᠠᠭᠤᠯᠵᠤ᠂ ᠮᠥᠩᠬᠡ ᠬᠥᠬᠡ ᠲᠩᠷᠢ ᠢᠢᠨ ᠣᠷᠤᠨ᠂ ᠲᠠᠯ᠎ᠠ ᠨᠤᠲᠤᠭ ᠤᠨ ᠠᠶᠠᠯᠭᠤ ᠪᠠᠷ ᠻᠢᠷᠭᠢᠽ ᠠᠨᠳᠠ ᠨᠥᠬᠦᠳ ᠦᠨ ᠢᠶᠡᠨ ᠰᠣᠨᠤᠷ ᠢ ᠮᠢᠯᠢᠶᠠᠨ᠂ ᠰᠡᠳᠬᠢᠯ ᠬᠥᠳᠡᠯᠦᠮ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠵᠦ ᠪᠠᠢᠢᠭ᠎ᠠ ᠳᠤ ᠪᠠᠶᠠᠷ ᠲᠠᠢ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠ ᠪᠢᠳᠡ ᠮᠣᠩ᠋ᠭᠤᠯ᠂ ᠻᠢᠷᠭᠢᠽ ᠦᠨ ᠬᠠᠷᠢᠯᠴᠠᠭ᠎ᠠ ᠢᠢ ᠪᠣᠯᠪᠠᠰᠤᠷᠠᠯ᠂ ᠰᠣᠶᠤᠯ᠂ ᠰᠢᠨᠵᠢᠯᠡᠬᠦ ᠤᠬᠠᠭᠠᠨ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠷ ᠪᠠᠶᠠᠵᠢᠭᠤᠯᠬᠤ ᠪᠠᠷ ᠲᠣᠬᠢᠷᠠᠭᠰᠠᠨ ᠨᠢ ᠪᠣᠳᠠᠲᠤ ᠠᠵᠢᠯ ᠬᠡᠷᠡᠭ ᠪᠣᠯᠤᠯ᠎ᠠ᠃

ᠮᠥᠨ ᠬᠣᠶᠠᠷ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠡᠨᠡ ᠬᠢᠴᠢᠶᠡᠯ ᠦᠨ ᠵᠢᠯ ᠡᠴᠡ ᠡᠬᠢᠯᠡᠨ ᠮᠣᠩ᠋ᠭᠤᠯ᠂ ᠻᠢᠷᠭᠢᠽ ᠬᠡᠯᠡ ᠰᠤᠳᠤᠯᠤᠯ ᠤᠨ ᠴᠢᠭᠯᠡᠯ ᠢᠶᠡᠷ ᠣᠶᠤᠲᠠᠨ ᠨᠤᠭᠤᠳ ᠬᠠᠷᠢᠯᠴᠠᠨ ᠰᠤᠷᠭᠠᠬᠤ ᠪᠠᠷ ᠲᠣᠬᠢᠷᠠᠯᠴᠠᠯ᠎ᠠ᠃

ᠡᠷᠬᠢᠮ ᠶᠡᠷᠦᠩᠬᠡᠢᠢᠯᠡᠭᠴᠢ ᠲᠠᠨ ᠤ ᠮᠣᠩ᠋ᠭᠤᠯ ᠤᠯᠠᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠶᠠᠷᠢᠯᠴᠠᠵᠤ ᠲᠣᠬᠢᠷᠠᠯᠴᠠᠭᠰᠠᠨ ᠤ ᠳᠠᠭᠠᠭᠤ «ᠮᠣᠩ᠋ᠭᠤᠯ-ᠻᠢᠷᠭᠢᠽ ᠦᠨ ᠠᠶᠠᠯᠠᠯ ᠵᠢᠭᠤᠯᠴᠢᠯᠠᠯ ᠤᠨ ᠹᠣᠷᠦᠢᠮ» ᠢ 2024᠂ 2025 ᠣᠨ ᠳᠤ ᠤᠯᠠᠭᠠᠨᠪᠠᠭᠠᠲᠤᠷ᠂ ᠪᠧᠱᠻᠧᠻ ᠬᠣᠲᠠᠨ᠎ᠠ ᠠᠮᠵᠢᠯᠲᠠ ᠲᠠᠢ ᠵᠣᠬᠢᠶᠠᠨ ᠪᠠᠢᠢᠭᠤᠯᠤᠭᠰᠠᠨ᠃

ᠲᠡᠭᠡᠪᠡᠯ ᠡᠨᠡ ᠤᠳᠠᠭ᠎ᠠ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠤᠯ-ᠻᠢᠷᠭᠢᠽ ᠦᠨ ᠪᠢᠽᠢᠨᠧᠰ ᠹᠣᠷᠦᠢᠮ᠂ ᠮᠣᠷᠢᠨ ᠬᠤᠭᠤᠷ ᠤᠨ ᠦᠵᠡᠰᠬᠦᠯᠡᠩ ᠬᠤᠳᠠᠯᠳᠤᠭ᠎ᠠ ᠪᠣᠯᠤᠨ ᠹᠣᠲ᠋ᠣ‍ ᠵᠢᠷᠤᠭ ᠤᠨ ᠦᠵᠡᠰᠬᠦᠯᠡᠩ ᠢ ᠵᠣᠬᠢᠶᠠᠨ ᠪᠠᠢᠢᠭᠤᠯᠤᠭᠰᠠᠨ ᠨᠢ ᠬᠣᠶᠠᠷ ᠣᠷᠤᠨ ᠤ ᠪᠢᠽᠢᠨᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠦᠨ ᠬᠡᠯᠬᠢᠶ᠎ᠡ ᠬᠣᠯᠪᠤᠭ᠎ᠠ ᠢᠢ ᠤᠯᠠᠮ ᠪᠦᠷᠢ ᠪᠡᠬᠢᠵᠢᠭᠦᠯᠬᠦ ᠢᠢᠨ ᠵᠡᠷᠭᠡᠴᠡᠭᠡ ᠤᠯᠤᠰ ᠣᠷᠤᠨ ᠢᠶᠠᠨ ᠬᠠᠷᠢᠯᠴᠠᠨ ᠰᠤᠷᠲᠠᠯᠴᠢᠯᠠᠨ ᠲᠠᠨᠢᠭᠤᠯᠬᠤ᠂ ᠨᠡᠭᠦᠳᠡᠯ ᠦᠨ ᠰᠣᠶᠤᠯ ᠢᠷᠭᠡᠨᠰᠢᠯ᠂ ᠵᠠᠩ ᠵᠠᠩᠰᠢᠯ ᠳᠤ ᠲᠤᠯᠭᠠᠭᠤᠷᠢᠯᠠᠭᠰᠠᠨ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠳᠥ ᠴᠢᠬᠤᠯᠠ ᠠᠴᠢ ᠬᠣᠯᠪᠤᠭᠳᠠᠯᠲᠠᠢ ᠠᠷᠭ᠎ᠠ ᠬᠡᠮᠵᠢᠶ᠎ᠡ ᠪᠣᠯᠤᠯ᠎ᠠ᠃

ᠡᠨᠡ ᠢᠯᠳᠠᠮ ᠳᠤ ᠻᠢᠷᠭᠢᠽ ᠤᠯᠠᠰ ᠲᠤ ᠦᠢᠯᠡ ᠠᠵᠢᠯᠯᠠᠭ᠎ᠠ ᠡᠷᠬᠢᠯᠡᠵᠦ ᠪᠤᠢ ᠮᠣᠩ᠋ᠭᠤᠯ ᠤᠨ ᠠᠵᠤ ᠠᠬᠤᠶ ᠢᠢᠨ ᠨᠢᠭᠡᠴᠡ᠂ ᠪᠢᠽᠢᠨᠧᠰ ᠡᠷᠬᠢᠯᠡᠭᠴᠢᠳ ᠢ ᠪᠦᠬᠦᠢ ᠯᠠ ᠲᠠᠯ᠎ᠠ ᠪᠠᠷ ᠳᠡᠮᠵᠢᠨ᠂ ᠬᠠᠮᠲᠤᠷᠠᠨ ᠠᠵᠢᠯᠯᠠᠵᠤ ᠪᠤᠢ ᠻᠢᠷᠭᠢᠽ ᠦᠨ ᠲᠠᠯ᠎ᠠ ᠳᠤ ᠲᠠᠯᠠᠷᠬᠠᠯ ᠢᠯᠡᠷᠬᠡᠢᠢᠯᠡᠬᠦ ᠢᠢᠨ ᠵᠡᠷᠭᠡᠴᠡᠭᠡ ᠻᠢᠷᠭᠢᠽ ᠦᠨ ᠨᠠᠢᠢᠷᠰᠠᠭ ᠠᠷᠠᠳ ᠢᠷᠭᠡᠳ ᠢ ᠮᠠᠨ ᠤ ᠰᠠᠢᠢᠬᠠᠨ ᠣᠷᠤᠨ ᠳᠤ ᠥᠷᠭᠡᠨ ᠢᠶᠡᠷ ᠵᠣᠴᠢᠯᠠᠬᠤ ᠢᠢ ᠤᠷᠢᠵᠤ ᠪᠠᠢᠢᠨ᠎ᠠ᠃

ᠡᠷᠡᠭᠦᠯ ᠮᠡᠨᠳᠦ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠨᠢ ᠮᠣᠩ᠋ᠭᠤᠯ᠂ ᠻᠢᠷᠭᠢᠽ ᠦᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠲᠦᠯᠬᠢᠴᠡ ᠦᠵᠡᠭᠦᠯᠵᠦ ᠪᠠᠢᠢᠨ᠎ᠠ᠃ ᠮᠣᠩ᠋ᠭᠤᠯ ᠤᠨ ᠭᠣᠸ᠎ᠠ ᠰᠠᠢᠢᠬᠠᠨ ᠤ ᠪᠣᠯᠤᠨ ᠡᠮ᠂ ᠡᠮ ᠦᠨ ᠪᠦᠲᠦᠭᠡᠭ᠍ᠳᠡᠬᠦᠨ ᠻᠢᠷᠭᠢᠽ ᠦᠨ ᠵᠠᠬ᠎ᠠ ᠵᠡᠭᠡᠯᠢ ᠳᠥ ᠬᠡᠳᠦᠢᠢᠨ᠎ᠡ ᠲᠠᠨᠢᠭᠳᠠᠭᠰᠠᠨ ᠢ ᠰᠣᠨᠤᠰᠬᠤ ᠳᠤ ᠲᠠᠭ᠎ᠠ ᠲᠠᠢ ᠪᠠᠢᠢᠨ᠎ᠠ᠃

ᠴᠢᠨᠠᠭᠰᠢᠳᠠ ᠡᠷᠡᠭᠦᠯ ᠮᠡᠨᠳᠦ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠥᠷᠭᠡᠵᠢᠭᠦᠯᠦᠨ ᠬᠥ᠍ᠭ᠍ᠵᠢᠭᠦᠯᠬᠦ᠂ ᠻᠢᠷᠭᠢᠽ ᠦᠨ ᠡᠮᠴᠢ᠂ ᠮᠡᠷᠭᠡᠵᠢᠯᠲᠡᠨ ᠨᠤᠭᠦᠳ ᠢ ᠰᠤᠷᠭᠠᠬᠤ᠂ ᠳᠠᠳᠤᠯᠭᠠᠵᠢᠭᠤᠯᠬᠤ᠂ ᠲᠤᠷᠰᠢᠯᠭ᠎ᠠ ᠰᠣᠯᠢᠯᠴᠠᠬᠤ ᠵᠡᠷᠭᠡ ᠪᠡᠷ ᠬᠠᠮᠲᠤᠷᠠᠨ ᠠᠵᠢᠯᠯᠠᠬᠤ ᠢᠢᠨ ᠲᠥᠯᠦᠭᠡ ᠪᠠᠢᠢᠨ᠎ᠠ᠃

ᠪᠢᠳᠡ ᠴᠠᠬᠢᠮ ᠬᠥᠭ᠍ᠵᠢᠯ᠂ ᠢᠨ᠋᠊ᠨᠣᠸᠠᠼ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌ ᠢ ᠪᠠᠢᠢᠭᠤᠯᠵᠤ᠂ ᠲᠥᠷᠦ ᠢᠢᠨ ᠦᠢᠯᠡᠴᠢᠯᠡᠭᠡ ᠢᠢ ᠴᠠᠬᠢᠮᠵᠢᠭᠤᠯᠬᠤ᠂ ᠮᠡᠳᠡᠭᠡᠯᠡᠯ ᠦᠨ ᠲᠧᠭᠨᠣᠯᠤᠭᠢ᠂ ᠻᠢᠪᠧᠷ ᠠᠶᠤᠯ ᠦᠭᠡᠢ ᠪᠠᠢᠢᠳᠠᠯ ᠵᠡᠷᠭᠡ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠯ᠎ᠠ᠃

ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠣᠷᠤᠨ ᠨᠤᠲᠤᠭ᠂ ᠮᠤᠵᠢ ᠬᠣᠭᠤᠷᠤᠨᠳᠤ ᠠᠬ᠎ᠠ᠂ ᠳᠡᠭᠦᠦ ᠢᠢᠨ ᠬᠠᠷᠢᠯᠴᠠᠭ᠎ᠠ ᠲᠣᠭᠲᠠᠭᠠᠬᠤ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠬᠣᠶᠠᠷ ᠪᠠᠷᠢᠮᠲᠠ ᠪᠢᠴᠢᠭ᠌ ᠢ ᠪᠠᠢᠢᠭᠤᠯᠵᠤ᠂ ᠣᠷᠤᠨ ᠨᠤᠲᠤᠭ᠂ ᠮᠤᠵᠢ ᠬᠣᠭᠤᠷᠤᠨᠳᠤ ᠢᠢᠨ ᠴᠢᠨᠠᠭᠰᠢᠳᠠ ᠢᠢᠨ ᠬᠠᠮᠲᠤ ᠢᠢᠨ ᠠᠵᠢᠯᠯᠠᠭᠠᠨ ᠤ ᠡᠬᠢᠯᠡᠯ ᠢ ᠲᠠᠯᠪᠢᠯ᠎ᠠ᠃

ᠬᠣᠶᠠᠷ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠬᠠᠮᠲᠤᠷᠠᠨ ᠲᠡᠮᠡᠴᠡᠬᠦ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ ᠳᠤ ᠬᠠᠮᠲᠤ ᠢᠢᠨ ᠬᠤᠪᠢ ᠨᠡᠮᠡᠷᠢ ᠣᠷᠤᠭᠤᠯᠬᠤ ᠪᠠᠷ ᠲᠣᠭᠲᠠᠵᠤ᠂ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠬᠡᠷᠡᠭᠵᠢᠵᠦ ᠪᠤᠢ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠻᠢᠷᠭᠢᠽ ᠦᠨ «ᠨᠣᠭᠤᠭᠠᠨ ᠥᠪ» ᠰᠠᠨᠠᠭᠠᠴᠢᠯᠠᠭ᠎ᠠ ᠲᠠᠢ ᠤᠶᠠᠯᠳᠤᠭᠤᠯᠤᠨ ᠬᠡᠷᠡᠭᠵᠢᠭᠦᠯᠬᠦ ᠴᠢᠭᠯᠡᠯ ᠢᠶᠡᠷ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠦᠯ᠎ᠡ᠃

ᠲᠡᠭᠦᠨᠴᠢᠯᠡᠨ ᠮᠠᠨ ᠤ ᠬᠣᠶᠠᠷ ᠤᠯᠤᠰ ᠤᠨ ᠬᠠᠷᠢᠯᠴᠠᠭᠠᠨ ᠤ ᠪᠡᠯᠭᠡ ᠲᠡᠮᠳᠡᠭ ᠪᠣᠯᠬᠤ «ᠮᠣᠩ᠋ᠭᠤᠯ-ᠻᠢᠷᠭᠢᠽ ᠦᠨ ᠨᠠᠢᠢᠷᠠᠮᠳᠠᠯ ᠤᠨ ᠲᠥᠭᠡᠯ» ᠴᠡᠴᠡᠷᠯᠢᠭᠲᠦ ᠬᠦᠷᠢᠶᠡᠯᠡᠩ ᠢ ᠮᠣᠩ᠋ᠭᠤᠯ ᠤᠯᠤᠰ ᠲᠤ ᠪᠠᠢᠢᠭᠤᠯᠬᠤ ᠪᠠᠷ ᠪᠣᠯᠤᠯ᠎ᠠ᠃

ᠬᠣᠶᠠᠷ ᠤᠯᠤᠰ ᠨᠢ᠊᠂ ᠦ᠊᠂ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠪᠡᠬᠢᠵᠢᠭᠦᠯᠦᠨ ᠬᠥᠭ᠍ᠵᠢᠭᠦᠯᠬᠦ ᠪᠡᠨ ᠬᠠᠷᠢᠯᠴᠠᠨ ᠨᠤᠲᠠᠯᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠲᠠᠨ ᠲᠠᠢ ᠮᠣᠩ᠋ᠭᠤᠯ᠂ ᠻᠢᠷᠭᠢᠽ ᠦᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠱᠠᠲᠤ ᠠᠬᠢᠭᠤᠯᠵᠤ᠂ ᠢᠵᠢ ᠪᠦᠷᠢᠨ ᠲᠦᠩᠰᠢᠯᠡᠯ ᠦᠨ ᠲᠥᠪᠰᠢᠨ ᠳᠥ ᠬᠦᠷᠭᠡᠵᠦ᠂ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠬᠠᠮᠲᠤ ᠳᠤ ᠪᠠᠨ ᠨᠡᠭᠡᠭᠡᠵᠦ ᠪᠤᠢ ᠳᠤ ᠪᠠᠨ ᠰᠡᠳᠬᠢᠯ ᠬᠠᠩ᠋ᠭᠠᠯᠤᠭᠤᠨ ᠪᠠᠢᠢᠨ᠎ᠠ᠃

ᠪᠢᠳᠡᠨ ᠦ ᠶᠠᠷᠢᠶ᠎ᠠ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠬᠣᠶᠠᠷ ᠣᠷᠤᠨ ᠤ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠮᠠᠨ ᠤ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠮᠣᠩ᠋ᠭᠤᠯ᠂ ᠻᠢᠷᠭᠢᠽ ᠦᠨ ᠠᠬᠠᠨ ᠳᠡᠭᠦᠰ ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠨᠢ ᠮᠥᠩᠬᠡᠳᠡ ᠴᠡᠴᠡᠭᠯᠡᠨ ᠬᠥᠭ᠍ᠵᠢᠬᠦ ᠪᠣᠯᠲᠤᠭᠠᠶ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠬᠡᠪᠯᠡᠯ ᠮᠡᠳᠡᠭᠡᠯᠡᠯ ᠦᠨ ᠲᠥᠯᠦᠭᠡᠯᠡᠭᠴᠢᠳ᠂ ᠬᠠᠲᠤᠭᠲᠠᠶ᠂ ᠨᠣᠶᠠᠳ ᠡ᠂

ᠡᠨᠡ ᠡᠳᠦᠷ ᠻᠢᠷᠭᠢᠽ᠂ ᠮᠣᠩ᠋ᠭᠤᠯ ᠤᠨ ᠬᠠᠷᠢᠯᠴᠠᠭᠠᠨ ᠳᠤ ᠣᠨᠴᠤᠭᠤᠶ ᠠᠴᠢ ᠬᠣᠯᠪᠤᠭᠳᠠᠯᠲᠠᠢ᠂ ᠲᠡᠦᠬᠡᠨ ᠦᠢᠯᠡ ᠶᠠᠪᠤᠳᠠᠯ ᠪᠣᠯᠵᠤ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ᠂ ᠮᠢᠨᠦ ᠳᠣᠲᠤᠨᠤ ᠢᠢᠨ ᠨᠠᠢᠢᠵᠠ ᠠᠩᠬ᠎ᠠ ᠤᠳᠠᠭ᠎ᠠ ᠮᠠᠨ ᠤ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠢᠢ ᠰᠡᠳᠬᠢᠯ ᠳᠦᠭᠦᠷᠡᠩ ᠬᠦᠯᠢᠶᠡᠵᠦ ᠠᠪᠴᠤ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠡᠨᠡ ᠲᠡᠦᠬᠡᠨ ᠦᠢᠯᠡ ᠶᠠᠪᠤᠳᠠᠯ ᠨᠢ ᠪᠢᠳᠡ ᠬᠠᠷᠢᠯᠴᠠᠭ᠎ᠠ ᠪᠠᠨ ᠥᠷᠭᠡᠵᠢᠭᠦᠯᠦᠨ ᠬᠥᠭ᠍ᠵᠢᠭᠦᠯᠬᠦ ᠡᠷᠡᠮᠡᠯᠵᠡᠯ ᠳᠦᠭᠦᠷᠡᠩ ᠪᠠᠢᠢᠭ᠎ᠠ ᠢᠢ ᠭᠡᠷᠡᠴᠢᠯᠠᠵᠦ ᠪᠠᠢᠢᠨ᠎ᠠ᠃

ᠻᠢᠷᠭᠢᠽ᠂ ᠮᠣᠩ᠋ᠭᠤᠯ ᠤᠨ ᠠᠷᠠᠳ ᠲᠦᠮᠡᠨ ᠲᠡᠦᠬᠡ᠂ ᠰᠣᠶᠤᠯ ᠤᠨ ᠭᠦᠨ ᠭᠦᠨᠵᠡᠭᠡᠶ ᠦᠨᠳᠦᠰᠦ᠂ ᠨᠡᠭᠦᠳᠡᠯᠴᠢᠳ ᠦᠨ ᠣᠶᠤᠨ ᠰᠠᠨᠠᠭᠠᠨ ᠤ ᠦᠨᠡᠲᠦ ᠵᠦᠢᠯᠡᠰ ᠢᠶᠡᠷ ᠬᠣᠯᠪᠤᠭᠳᠠᠭᠰᠠᠨ ᠨᠢ ᠪᠢᠳᠡᠨ ᠦ ᠬᠠᠷᠢᠯᠴᠠᠭᠠᠨ ᠤ ᠪᠣᠳᠠᠲᠤ ᠴᠢᠨᠠᠷ ᠢ ᠲᠣᠳᠤᠷᠬᠠᠢᠢᠯᠠᠵᠤ ᠪᠠᠢᠢᠨ᠎ᠠ᠃

ᠰᠡᠭᠦᠯ ᠦᠨ ᠵᠢᠯ ᠦᠳ ᠲᠥ ᠮᠠᠨ ᠤ ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠢᠨ᠎ᠡ ᠱᠠᠲᠤᠨ ᠳᠤ ᠭᠠᠷᠴᠤ᠂ ᠬᠠᠷᠢᠯᠴᠠᠨ ᠢᠲᠡᠭᠡᠯᠴᠡᠯ᠂ ᠬᠦᠨᠳᠦᠳᠬᠡᠯ᠂ ᠳᠡᠮᠵᠢᠯᠭᠡ ᠪᠦᠬᠦᠢ ᠬᠡᠯᠬᠢᠶ᠎ᠡ ᠬᠣᠯᠪᠤᠭ᠎ᠠ ᠪᠠᠷ ᠥᠷᠭᠡᠵᠢᠨ ᠬᠥᠭ᠍ᠵᠢᠵᠦ ᠪᠠᠢᠢᠨ᠎ᠠ᠃

ᠥᠨᠦᠳᠦᠷ ᠮᠣᠩ᠋ᠭᠤᠯ ᠤᠯᠤᠰ ᠤᠨ ᠡᠷᠬᠢᠮ ᠶᠡᠷᠦᠩᠬᠡᠢᠢᠯᠡᠭᠴᠢ ᠲᠡᠢ ᠬᠢᠭ᠍ᠰᠡᠨ ᠶᠠᠷᠢᠶ᠎ᠠ ᠬᠡᠯᠡᠯᠴᠡᠭᠡ ᠨᠡᠭᠡᠭᠡᠯᠲᠡ ᠲᠡᠢ᠂ ᠨᠠᠢᠢᠷᠰᠠᠭ᠂ ᠠᠵᠢᠯ ᠬᠡᠷᠡᠭᠴᠢ ᠠᠭᠤᠷ ᠠᠮᠢᠰᠬᠤᠯ ᠳᠤ ᠪᠣᠯᠤᠭᠰᠠᠨ ᠢ ᠰᠡᠳᠬᠢᠯ ᠬᠠᠩ᠋ᠭᠠᠯᠤᠭᠤᠨ ᠲᠡᠮᠳᠡᠭᠯᠡᠵᠦ ᠪᠠᠢᠢᠨ᠎ᠠ᠃

ᠬᠡᠯᠡᠯᠴᠡᠭᠡᠨ ᠦ ᠦᠶ᠎ᠡ ᠪᠡᠷ ᠤᠯᠤᠰ ᠲᠥᠷᠦ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ᠂ ᠰᠣᠶᠤᠯ᠂ ᠬᠦᠮᠦᠨᠯᠢᠭ ᠦᠨ ᠪᠣᠯᠤᠨ ᠪᠤᠰᠤᠳ ᠴᠢᠭᠯᠡᠯ ᠢᠶᠡᠷ ᠰᠠᠨᠠᠯ ᠪᠣᠳᠤᠯ ᠢᠶᠠᠨ ᠳᠡᠯᠭᠡᠷᠡᠩ᠋ᠭᠦᠶ ᠰᠣᠯᠢᠯᠴᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠪᠢᠳᠡ ᠬᠣᠶᠠᠷ ᠻᠢᠷᠭᠢᠽ᠂ ᠮᠣᠩ᠋ᠭᠤᠯ ᠤᠨ ᠬᠣᠭᠤᠷᠤᠨᠳᠤ «ᠢᠵᠢ ᠪᠦᠷᠢᠨ ᠲᠦᠩᠰᠢᠯᠡᠯ» ᠲᠣᠭᠲᠠᠭᠠᠬᠤ ᠲᠤᠬᠠᠶ ᠬᠠᠮᠲᠤᠷᠠᠭᠰᠠᠨ ᠲᠤᠩᠬᠠᠭᠯᠠᠯ ᠳᠤ ᠭᠠᠷ ᠤᠨ ᠦᠰᠦᠭ ᠵᠢᠷᠤᠯ᠎ᠠ᠃

ᠪᠠᠲᠤ ᠪᠥᠬᠡ ᠨᠥᠬᠦᠷᠯᠡᠯ ᠳᠥ ᠰᠠᠭᠤᠷᠢᠯᠠᠭᠰᠠᠨ ᠬᠠᠮᠲᠤ ᠢᠢᠨ ᠠᠵᠢᠯᠯᠠᠭ᠎ᠠ ᠮᠠᠨᠢ «ᠢᠵᠢ ᠪᠦᠷᠢᠨ ᠲᠦᠩᠰᠢᠯᠡᠯ» ᠭᠡᠰᠡᠨ ᠰᠢᠨ᠎ᠡ ᠱᠠᠲᠤᠨ ᠳᠤ ᠭᠠᠷᠴᠤ᠂ ᠴᠢᠨᠠᠭᠰᠢᠳᠠ ᠴᠡᠴᠡᠭᠯᠡᠨ ᠬᠥᠭ᠍ᠵᠢᠬᠦ ᠪᠣᠯᠤᠨ᠎ᠠ᠃

ᠥᠨᠳᠦᠷ᠂ ᠳᠡᠭᠡᠳᠦ ᠲᠥᠪᠰᠢᠨ ᠳᠥ ᠲᠣᠭᠲᠠᠮᠠᠯ ᠠᠢᠢᠯᠴᠢᠯᠠᠯ ᠬᠢᠬᠦ᠂ ᠫᠠᠷᠯᠠᠮᠧᠨ᠋ᠲ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠨᠢ ᠴᠢᠬᠤᠯᠠ ᠭᠡᠳᠡᠭ ᠢ ᠣᠨᠴᠠᠯᠠᠯ᠎ᠠ᠃

ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠴᠢᠬᠤᠯᠠ ᠮᠧᠬᠠᠨᠢᠰᠮ ᠪᠣᠯᠬᠤ ᠫᠠᠷᠯᠠᠮᠧᠨ᠋ᠲ ᠬᠣᠭᠤᠷᠤᠨᠳᠤ ᠢᠢᠨ ᠶᠠᠷᠢᠶ᠎ᠠ ᠬᠡᠯᠡᠯᠴᠡᠭᠡ᠂ ᠨᠢᠭ᠌ᠲᠠ ᠬᠠᠮᠲᠤ ᠢᠢᠨ ᠠᠵᠢᠯᠯᠠᠭ᠎ᠠ ᠢᠢ ᠪᠦᠷᠢᠨ ᠳᠡᠮᠵᠢᠬᠦ ᠪᠡᠨ ᠨᠤᠲᠠᠯᠠᠯ᠎ᠠ᠃

ᠡᠳ᠋ ᠦᠨ ᠵᠠᠰᠠᠭ ᠤᠨ ᠬᠠᠷᠢᠯᠴᠠᠭ᠎ᠠ ᠢᠢ ᠡᠷᠴᠢᠮᠵᠢᠭᠦᠯᠬᠦ᠂ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠪᠢᠽᠢᠨᠧᠰ᠂ ᠬᠥᠷᠦᠩ᠋ᠭᠡ ᠣᠷᠤᠭᠤᠯᠤᠯᠲᠠ ᠢᠢᠨ ᠲᠠᠭᠠᠲᠠᠢ ᠣᠷᠴᠢᠨ ᠪᠤᠢ ᠪᠣᠯᠭᠠᠶ ᠠ ᠭᠡᠳᠡᠭ ᠲᠥ ᠪᠦᠷᠢᠨ ᠰᠠᠨᠠᠯ ᠨᠢᠭᠡᠳᠦᠯ᠎ᠡ᠃

ᠪᠣᠳᠠᠲᠤ ᠦᠷ᠎ᠡ ᠳ᠋ᠦᠩ ᠳᠥ ᠬᠦᠷᠬᠦ ᠢᠢᠨ ᠲᠤᠯᠠᠳᠠ ᠬᠣᠶᠠᠷ ᠤᠯᠤᠰ ᠤᠨ ᠠᠵᠤ ᠠᠬᠤᠶ ᠢᠢᠨ ᠨᠢᠭᠡᠴᠡ ᠨᠤᠭᠦᠳ «ᠪᠢᠽᠢᠨᠧᠰ ᠹᠣᠷᠦᠢᠮ» ᠢ ᠠᠮᠵᠢᠯᠲᠠ ᠲᠠᠢ ᠵᠣᠬᠢᠶᠠᠨ ᠪᠠᠢᠢᠭᠤᠯᠵᠤ ᠪᠠᠢᠢᠨ᠎ᠠ᠃ ᠬᠤᠳᠠᠯᠳᠤᠭ᠎ᠠ᠂ ᠡᠳ᠋ ᠦᠨ ᠵᠠᠰᠠᠭ ᠤᠨ ᠲᠣᠮᠣᠬᠠᠨ ᠪᠣᠯᠤᠮᠵᠢ ᠢᠢ ᠨᠡᠭᠡᠭᠡᠵᠦ᠂ ᠪᠢᠽᠢᠨᠧᠰ ᠡᠷᠬᠢᠯᠡᠭᠴᠢᠳ ᠰᠢᠭᠤᠳ ᠬᠣᠯᠪᠤᠭ᠎ᠠ ᠲᠣᠭᠲᠠᠭᠠᠨ᠂ ᠴᠢᠨᠠᠭᠰᠢᠳᠠ ᠥᠷᠭᠡᠵᠢᠭᠦᠯᠬᠦ ᠱᠠᠭᠠᠷᠳᠠᠯᠭ᠎ᠠ ᠲᠠᠢ ᠢᠢ ᠲᠡᠮᠳᠡᠭᠯᠡᠯ᠎ᠡ᠃

ᠶᠠᠷᠢᠶ᠎ᠠ ᠬᠡᠯᠡᠯᠴᠡᠭᠡᠨ ᠦ ᠦᠶ᠎ᠡ ᠪᠡᠷ ᠲᠡᠭᠡᠭᠡᠪᠦᠷᠢ ᠢᠢᠨ ᠬᠠᠷᠢᠯᠴᠠᠭ᠎ᠠ ᠢᠢ ᠬᠥᠭ᠍ᠵᠢᠭᠦᠯᠬᠦ᠂ ᠲᠡᠷᠡ ᠳᠤᠮᠳᠠ ᠪᠠᠨ ᠯᠣᠭᠢᠰᠲ᠋ᠢᠭ ᠤᠨ ᠰᠠᠯᠪᠤᠷᠢ ᠢᠢᠨ ᠬᠡᠲᠦ ᠢᠢᠨ ᠲᠥᠯᠦᠪ᠂ ᠲᠡᠭᠡᠭᠡᠪᠦᠷᠢ ᠢᠢᠨ ᠻᠣᠷᠢᠳᠣᠷ ᠨᠡᠭᠡᠭᠡᠬᠦ ᠲᠠᠯ᠎ᠠ ᠪᠠᠷ ᠰᠠᠨᠠᠯ ᠰᠣᠯᠢᠯᠴᠠᠯ᠎ᠠ᠃ ᠮᠠᠨ ᠤ ᠤᠯᠤᠰ ᠤᠨ ᠣᠷᠤᠯᠴᠠᠭ᠎ᠠ ᠲᠠᠢ ᠪᠠᠷ ᠣᠯᠠᠨ ᠤᠯᠠᠰ ᠲᠤ ᠥᠷᠢᠰᠦᠯᠳᠦᠬᠦ ᠴᠢᠳᠠᠪᠤᠷᠢ ᠲᠠᠢ ᠰᠢᠨ᠎ᠡ ᠴᠢᠭᠯᠡᠯ ᠪᠤᠢ ᠪᠣᠯᠭᠠᠬᠤ ᠨᠢ ᠬᠠᠮᠤᠭ ᠤᠨ ᠴᠢᠬᠤᠯᠠ ᠠᠵᠢᠯ ᠤᠨ ᠨᠢᠭᠡ ᠭᠡᠵᠦ ᠦᠵᠡᠵᠦ ᠪᠠᠢᠢᠨ᠎ᠠ᠃

ᠠᠭᠤᠯᠠ ᠠᠭᠤᠷᠬᠠᠶ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠰᠣᠨᠢᠷᠬᠠᠯ ᠢᠶᠠᠨ ᠬᠠᠷᠢᠯᠴᠠᠨ ᠢᠯᠡᠷᠬᠡᠢᠢᠯᠡᠯ᠎ᠡ᠃ ᠡᠨᠡ ᠰᠠᠯᠪᠤᠷᠢ ᠳᠤ ᠲᠥᠰᠦᠯ ᠬᠡᠷᠡᠭᠵᠢᠭᠦᠯᠬᠦ ᠲᠤᠷᠰᠢᠯᠭ᠎ᠠ ᠪᠠᠨ ᠰᠣᠯᠢᠯᠴᠠᠵᠤ᠂ ᠪᠣᠳᠠᠲᠤ ᠦᠷ᠎ᠡ ᠳ᠋ᠦᠩ ᠳᠥ ᠬᠦᠷᠭᠡᠬᠦ ᠲᠠᠯ᠎ᠠ ᠪᠠᠷ ᠶᠠᠷᠢᠯᠴᠠᠯ᠎ᠠ᠃

ᠡᠷᠳᠡᠮᠲᠡᠳ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠬᠢᠨ ᠤ ᠰᠣᠯᠢᠯᠴᠠᠭ᠎ᠠ ᠢᠢ ᠡᠷᠴᠢᠮᠵᠢᠭᠦᠯᠬᠦ᠂ ᠪᠣᠯᠪᠠᠰᠤᠷᠠᠯ ᠤᠨ ᠬᠠᠮᠲᠤᠷᠠᠭᠰᠠᠨ ᠬᠥᠲᠦᠯᠪᠦᠷᠢ ᠬᠡᠷᠡᠭᠵᠢᠭᠦᠯᠬᠦ᠂ ᠶᠡᠬᠡ᠂ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ ᠪᠠᠢᠢᠭᠤᠯᠤᠯᠭ᠎ᠠ ᠬᠣᠭᠤᠷᠤᠨᠳᠤ ᠢᠢᠨ ᠬᠠᠷᠢᠯᠴᠠᠭ᠎ᠠ ᠢᠢ ᠬᠥᠭ᠍ᠵᠢᠭᠦᠯᠬᠦ ᠳᠥ ᠣᠨᠴᠤᠭᠤᠶ ᠠᠩᠬᠠᠷᠬᠤ ᠨᠢ ᠵᠦᠢ ᠲᠡᠢ ᠭᠡᠳᠡᠭ ᠲᠥ ᠰᠠᠨᠠᠯ ᠨᠢᠭᠡᠳᠦᠯ᠎ᠡ᠃

ᠪᠦᠲᠦᠭᠡᠯᠴᠢ ᠵᠠᠯᠠᠭᠤᠰ ᠤᠨ ᠬᠠᠷᠢᠯᠴᠠᠭ᠎ᠠ ᠬᠣᠯᠪᠤᠭ᠎ᠠ ᠢᠢ ᠪᠡᠬᠢᠵᠢᠭᠦᠯᠬᠦ ᠨᠢ ᠴᠢᠬᠤᠯᠠ ᠭᠡᠳᠡᠭ ᠢ ᠣᠨᠴᠠᠯᠠᠵᠤ᠂ ᠲᠡᠦᠬᠡ᠂ ᠰᠣᠶᠤᠯ ᠤᠨ ᠥᠪ ᠢ ᠬᠠᠳᠠᠭᠠᠯᠠᠬᠤ᠂ ᠠᠷᠠᠳ ᠲᠦᠮᠡᠨ ᠦ ᠪᠡᠨ ᠣᠶᠤᠨ ᠰᠠᠨᠠᠭᠠᠨ ᠤ ᠨᠡᠢᠢᠲᠡᠯᠢᠭ ᠵᠦᠢᠯᠡᠰ ᠢ ᠰᠤᠷᠲᠠᠯᠴᠢᠯᠠᠬᠤ ᠳᠤ ᠴᠢᠭᠯᠡᠭᠰᠡᠨ ᠲᠥᠰᠦᠯ ᠦᠳ ᠢ ᠳᠡᠮᠵᠢᠬᠦ ᠪᠡᠷ ᠪᠣᠯᠤᠯ᠎ᠠ᠃

ᠡᠷᠬᠢᠮ ᠬᠦᠨᠳᠦᠲᠦ ᠬᠡᠪᠯᠡᠯ ᠮᠡᠳᠡᠭᠡᠯᠡᠯ ᠦᠨ ᠲᠥᠯᠦᠭᠡᠯᠡᠭᠴᠢᠳ ᠡ᠂

ᠬᠡᠯᠡᠯᠴᠡᠭᠡᠨ ᠦ ᠦᠶ᠎ᠡ ᠪᠡᠷ ᠪᠢᠳᠡ ᠣᠯᠠᠨ ᠤᠯᠤᠰ ᠤᠨ ᠪᠣᠯᠤᠨ ᠪᠦᠰᠡ ᠨᠤᠲᠤᠭ ᠤᠨ ᠠᠰᠠᠭᠤᠳᠠᠯ ᠢᠶᠠᠷ ᠰᠠᠨᠠᠯ ᠰᠣᠯᠢᠯᠴᠠᠵᠤ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠂ ᠪᠡᠶ᠎ᠡ ᠪᠡᠶ᠎ᠡ ᠪᠡᠨ ᠬᠠᠷᠢᠯᠴᠠᠨ ᠳᠡᠮᠵᠢᠬᠦ ᠪᠡᠨ ᠨᠤᠲᠠᠯᠠᠯ᠎ᠠ᠃

ᠻᠢᠷᠭᠢᠽ ᠤᠯᠤᠰ ᠧᠦ᠋ᠷᠠᠽᠢ ᠢᠢᠨ ᠪᠦᠷᠢᠨ ᠡᠷᠬᠡᠲᠦ ᠭᠡᠰᠢᠭᠦᠨ ᠦ ᠬᠤᠪᠢ ᠳᠤ ᠲᠤᠰ ᠪᠠᠢᠢᠭᠤᠯᠤᠯᠭ᠎ᠠ ᠲᠠᠢ ᠮᠣᠩ᠋ᠭᠤᠯ ᠤᠯᠤᠰ ᠤᠨ ᠬᠡᠷᠡᠭᠵᠢᠭᠦᠯᠵᠦ ᠪᠤᠢ ᠡᠳ᠋ ᠦᠨ ᠵᠠᠰᠠᠭ ᠤᠨ ᠢᠨ᠋ᠲ᠋ᠧᠭᠷᠠᠽ ᠪᠣᠯᠤᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠪᠡᠨ ᠢᠯᠡᠷᠬᠡᠢᠢᠯᠡᠯ᠎ᠡ᠃

ᠡᠨᠡ ᠬᠦᠷᠢᠶᠡᠨ ᠳᠥ ᠮᠣᠩ᠋ᠭᠤᠯ ᠤᠯᠤᠰ᠂ ᠧᠦ᠋ᠷᠠᠽᠢ ᠢᠢᠨ ᠡᠳ᠋ ᠦᠨ ᠵᠠᠰᠠᠭ ᠤᠨ ᠬᠣᠯᠪᠤᠭ᠎ᠠ ᠬᠣᠭᠤᠷᠤᠨᠳᠤ ᠡᠨᠡ ᠣᠨ ᠤ ᠵᠢᠷᠭᠤᠭᠠᠳ᠋ᠤᠭᠠᠷ ᠰᠠᠷ᠎ᠠ ᠳᠤ ᠪᠠᠢᠢᠭᠤᠯᠤᠭᠰᠠᠨ ᠴᠢᠯᠦᠭᠡᠲᠦ ᠬᠤᠳᠠᠯᠳᠤᠭᠠᠨ ᠤ ᠲᠦᠷ ᠬᠡᠯᠡᠯᠴᠡᠭᠡᠷ ᠢ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠰᠢᠨ᠎ᠡ ᠪᠣᠯᠤᠮᠵᠢ ᠢᠢ ᠨᠡᠭᠡᠭᠡᠭ᠍ᠰᠡᠨ ᠴᠢᠬᠤᠯᠠ ᠦᠢᠯᠡ ᠶᠠᠪᠤᠳᠠᠯ ᠭᠡᠵᠦ ᠦᠵᠡᠵᠦ ᠪᠠᠢᠢᠨ᠎ᠠ᠃

ᠪᠢᠳᠡ ᠬᠣᠶᠠᠷ ᠣᠷᠤᠨ ᠤ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠲᠥᠯᠦᠭᠡ ᠲᠤᠭᠤᠰᠢᠲᠠᠢ ᠠᠵᠢᠯᠯᠠᠬᠤ ᠪᠠᠨ ᠨᠤᠲᠠᠯᠠᠵᠤ ᠪᠠᠢᠢᠨ᠎ᠠ᠃

ᠬᠣᠶᠠᠷ ᠣᠷᠤᠨ ᠤ ᠡᠷᠬᠡ ᠠᠰᠢᠭᠲᠤ ᠨᠡᠢᠢᠴᠡᠭᠰᠡᠨ ᠣᠯᠠᠨ ᠪᠦᠲᠦᠭᠡᠨ ᠪᠠᠢᠢᠭᠤᠯᠤᠯᠲᠠ᠂ ᠲᠥᠯᠦᠪᠯᠡᠭᠡ ᠪᠢᠳᠡᠨ ᠳᠦ ᠪᠠᠢᠢᠨ᠎ᠠ᠃ ᠬᠣᠶᠠᠷ ᠤᠯᠤᠰ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠬᠥᠭᠵᠢᠭᠦᠯᠬᠦ ᠬᠡᠳᠦ ᠬᠡᠳᠦᠨ ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠯ᠎ᠠ᠃

ᠡᠳᠡᠭᠡᠷ ᠢ ᠪᠣᠳᠠᠲᠤ ᠠᠵᠢᠯ ᠬᠡᠷᠡᠭ ᠪᠣᠯᠭᠠᠬᠤ ᠨᠢ ᠠᠷᠠᠳ ᠲᠦᠮᠡᠨ ᠦ ᠨᠠᠢᠢᠷᠠᠮᠳᠠᠯ ᠨᠥᠬᠦᠷᠯᠡᠯ᠂ ᠬᠠᠮᠲᠤ ᠢᠢᠨ ᠠᠵᠢᠯᠯᠠᠭ᠎ᠠ ᠢᠢ ᠤᠯᠠᠮ ᠪᠡᠬᠢᠵᠢᠭᠦᠯᠬᠦ ᠦᠨᠳᠦᠰᠦ ᠰᠠᠭᠤᠷᠢ ᠪᠣᠯᠤᠨ᠎ᠠ ᠭᠡᠵᠦ ᠦᠵᠡᠵᠦ ᠪᠠᠢᠢᠨ᠎ᠠ᠃

ᠡᠷᠬᠢᠮ ᠬᠦᠨᠳᠦᠲᠦ ᠬᠠᠲᠤᠭᠲᠠᠶ᠂ ᠨᠣᠶᠠᠳ ᠡ᠂

ᠮᠣᠩ᠋ᠭᠤᠯ ᠤᠯᠤᠰ ᠤᠨ ᠡᠷᠬᠢᠮ ᠬᠦᠨᠳᠦᠲᠦ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠻᠢᠷᠭᠢᠽ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠨᠢ ᠮᠠᠨ ᠤ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠪᠠᠲᠤᠵᠢᠨ ᠪᠡᠬᠢᠵᠢᠵᠦ᠂ ᠥᠷᠭᠡᠵᠢᠨ ᠬᠥᠭ᠍ᠵᠢᠬᠦ ᠢᠢᠨ ᠲᠣᠳᠤ ᠪᠡᠯᠭᠡ ᠲᠡᠮᠳᠡᠭ ᠪᠣᠯᠤᠯ᠎ᠠ᠃

ᠬᠠᠷᠢᠯᠴᠠᠨ ᠨᠠᠢᠢᠷᠠᠮᠳᠠᠯ᠂ ᠬᠦᠨᠳᠦᠳᠬᠡᠯ ᠳᠥ ᠰᠠᠭᠤᠷᠢᠯᠠᠭᠰᠠᠨ᠂ ᠠᠷᠠᠳ ᠲᠦᠮᠡᠨ ᠦ ᠪᠡᠨ ᠡᠷᠬᠡ ᠠᠰᠢᠭ ᠢ ᠳᠡᠭᠡᠳᠦᠯᠡᠭᠰᠡᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ ᠪᠣᠯᠲᠤᠭᠠᠶ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃