ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ 11 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃
1. «ᠨᠠᠢᠢᠷᠰᠠᠭ ᠬᠠᠷᠢᠯᠴᠠᠭ᠎ᠠ᠂ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠬᠠᠮᠲᠤᠷᠠᠭᠰᠠᠨ ᠮᠡᠳᠡᠭᠳᠡᠯ» ᠳ᠋ᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠡᠮᠣᠮᠠᠯᠢ ᠷᠠᠾᠮᠣᠨ ᠨᠠᠷ ᠭᠠᠷ ᠤᠨ ᠦᠰᠦᠭ ᠵᠢᠷᠤᠯ᠎ᠠ᠃

ᠲᠥᠷᠦ ᠢᠢᠨ ᠲᠡᠷᠢᠭᠦᠨ ᠨᠠᠷ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠡᠷᠡᠮᠡᠯᠵᠡᠯ ᠢᠶᠡᠨ ᠨᠤᠲᠠᠯᠠᠵᠤ᠂ ᠬᠠᠷᠢᠯᠴᠠᠭ᠎ᠠ ᠢᠢ ᠤᠯᠤᠰ ᠲᠥᠷᠦ᠂ ᠬᠤᠳᠠᠯᠳᠤᠭ᠎ᠠ᠂ ᠡᠳ᠋ ᠦᠨ ᠵᠠᠰᠠᠭ᠂ ᠠᠵᠤ ᠦᠢᠯᠡᠳᠪᠦᠷᠢᠯᠡᠯ᠂ ᠬᠥᠳᠡᠭᠡ ᠠᠵᠤ ᠠᠬᠤᠶ᠂ ᠰᠡᠷᠭᠦᠭᠡᠭ᠍ᠳᠡᠬᠦ ᠡᠷᠴᠢᠮ ᠬᠦᠴᠦ᠂ ᠲᠡᠭᠡᠭᠡᠪᠦᠷᠢ᠂ ᠯᠣᠭᠢᠰᠲ᠋ᠢᠭ᠂ ᠪᠣᠯᠪᠠᠰᠤᠷᠠᠯ᠂ ᠰᠣᠶᠤᠯ᠂ ᠠᠶᠠᠯᠠᠯ ᠵᠢᠭᠤᠯᠴᠢᠯᠠᠯ ᠵᠡᠷᠭᠡ ᠪᠦᠬᠦ ᠰᠠᠯᠪᠤᠷᠢ ᠳᠤ ᠥᠷᠭᠡᠵᠢᠭᠦᠯᠦᠨ ᠪᠡᠬᠢᠵᠢᠭᠦᠯᠬᠦ ᠪᠡᠷ ᠲᠣᠬᠢᠷᠠᠯᠴᠠᠯ᠎ᠠ᠃
2. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠭᠠᠳᠠᠭᠠᠳᠤ ᠬᠡᠷᠡᠭ ᠦᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠰᠢᠷᠣᠵᠢᠳ᠋ᠳᠢᠨ ᠮᠦᠾᠷᠢᠳ᠋ᠳᠢᠨ᠂

ᠶᠠᠮᠤᠳ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠵᠥᠪᠯᠡᠯᠳᠦᠬᠦ ᠠᠭᠤᠯᠵᠠᠯᠲᠠ ᠵᠣᠬᠢᠶᠠᠨ ᠪᠠᠢᠢᠭᠤᠯᠬᠤ ᠵᠡᠷᠭᠡ ᠪᠡᠷ ᠮᠡᠳᠡᠭᠡᠯᠡᠯ᠂ ᠲᠤᠷᠰᠢᠯᠭ᠎ᠠ ᠰᠣᠯᠢᠯᠴᠠᠵᠤ᠂ ᠪᠤᠰᠤᠳ ᠰᠠᠯᠪᠤᠷᠢ ᠢᠢᠨ ᠶᠠᠮᠤᠳ᠂ ᠪᠠᠢᠢᠭᠤᠯᠤᠯᠭ᠎ᠠ ᠬᠣᠭᠤᠷᠤᠨᠳᠤ ᠢᠢᠨ ᠤᠶᠠᠯᠳᠤᠭ᠎ᠠ ᠬᠣᠯᠪᠤᠭ᠎ᠠ ᠢᠢ ᠪᠡᠬᠢᠵᠢᠭᠦᠯᠦᠨ᠎ᠡ᠃
3. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠡᠷᠴᠢᠮ ᠬᠦᠴᠦᠨ ᠦ ᠶᠠᠮᠤᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠡᠷᠴᠢᠮ ᠬᠦᠴᠦ᠂ ᠤᠰᠤᠨ ᠤ ᠨᠥᠭᠡᠴᠡ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠡᠷᠴᠢᠮ ᠬᠦᠴᠦ᠂ ᠤᠰᠤᠨ ᠤ ᠨᠥᠭᠡᠴᠡ ᠢᠢᠨ ᠰᠠᠢᠢᠳ ᠿᠦᠮᠠ ᠳ᠋ᠠᠯᠧᠷ ᠱᠣᠹᠠᠻᠢᠷ᠂

ᠤᠰᠤᠨ ᠤ ᠡᠷᠴᠢᠮ ᠬᠦᠴᠦ ᠠᠰᠢᠭᠯᠠᠬᠤ ᠴᠢᠭᠯᠡᠯ ᠢᠶᠡᠷ ᠲᠥᠰᠦᠯ᠂ ᠬᠥᠲᠦᠯᠪᠦᠷᠢ ᠬᠡᠷᠡᠭᠵᠢᠭᠦᠯᠬᠦ᠂ ᠬᠦᠮᠦᠨ ᠦ ᠨᠥᠭᠡᠴᠡ ᠢᠢᠨ ᠴᠢᠳᠠᠪᠬᠢ ᠢᠢ ᠪᠡᠬᠢᠵᠢᠭᠦᠯᠬᠦ᠂ ᠤᠷᠲᠤ ᠪᠣᠯᠤᠨ ᠪᠣᠭᠤᠨᠢ ᠬᠤᠭᠤᠴᠠᠭᠠᠨ ᠤ ᠰᠤᠷᠭᠠᠯᠲᠠ ᠳᠤ ᠬᠠᠮᠤᠷᠤᠭᠤᠯᠬᠤ᠂ ᠮᠡᠷᠭᠡᠵᠢᠯᠲᠡᠨ ᠰᠣᠯᠢᠯᠴᠠᠬᠤ᠂ ᠬᠠᠮᠲᠤᠷᠠᠭᠰᠠᠨ ᠲᠥᠰᠦᠯ ᠬᠡᠷᠡᠭᠵᠢᠭᠦᠯᠬᠦ ᠵᠡᠷᠭᠡ ᠪᠡᠷ ᠬᠠᠮᠲᠤᠷᠠᠵᠤ ᠠᠵᠢᠯᠯᠠᠬᠤ ᠪᠣᠯᠤᠮᠵᠢ ᠪᠦᠷᠢᠳᠦᠯ᠎ᠡ᠃ ᠵᠠᠰᠠᠭ ᠤᠨ ᠭᠠᠵᠠᠷ ᠤᠨ ᠵᠦᠭ ᠡᠴᠡ ᠡᠷᠴᠢᠮ ᠬᠦᠴᠦᠨ ᠦ ᠰᠠᠯᠪᠤᠷᠢ ᠳᠤ ᠤᠰᠤᠨ ᠤ ᠡᠬᠢ ᠡᠭᠦᠰᠪᠦᠷᠢ ᠢᠢᠨ ᠲᠥᠰᠦᠯ ᠦᠳ ᠢ ᠲᠦᠯᠬᠢᠭᠦᠦ ᠬᠥᠭ᠍ᠵᠢᠭᠦᠯᠬᠦ ᠪᠡᠷ ᠵᠣᠷᠢᠵᠤ ᠪᠠᠢᠢᠭ᠎ᠠ᠃ ᠴᠠᠬᠢᠯᠭᠠᠨ ᠡᠷᠴᠢᠮ ᠬᠦᠴᠦᠨ ᠦ ᠪᠡᠨ 98 ᠬᠤᠪᠢ ᠢᠢ ᠤᠰᠤᠨ ᠴᠠᠬᠢᠯᠭᠠᠨ ᠰᠲ᠋ᠠᠨ᠋ᠼᠢ ᠪᠠᠷ ᠬᠠᠩ᠋ᠭᠠᠵᠤ᠂ ᠡᠷᠴᠢᠮ ᠬᠦᠴᠦᠨ ᠦ ᠪᠡᠶ᠎ᠡ ᠳᠠᠭᠠᠭᠠᠭᠰᠠᠨ ᠪᠠᠢᠢᠳᠠᠯ ᠢᠶᠠᠨ ᠬᠠᠩ᠋ᠭᠠᠬᠤ ᠵᠣᠷᠢᠯᠲᠠ ᠲᠠᠢ ᠲ᠋ᠠᠵᠢᠻᠢᠰᠲ᠋ᠠᠨ ᠤ ᠲᠤᠷᠰᠢᠯᠭ᠎ᠠ ᠢᠢ ᠰᠤᠳᠤᠯᠬᠤ ᠨᠢ ᠴᠢᠬᠤᠯᠠ ᠠᠴᠢ ᠬᠣᠯᠪᠤᠭᠳᠠᠯᠲᠠᠢ ᠶᠤᠮ᠃
4. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠬᠥᠳᠡᠭᠡ ᠠᠵᠤ ᠠᠬᠤᠶ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠢᠢᠳ ᠵᠠᠳᠳᠣᠩᠪᠠ ᠢᠢᠨ ᠡᠩᠬᠡᠪᠠᠶᠠᠷ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠬᠥᠳᠡᠭᠡ ᠠᠵᠤ ᠠᠬᠤᠶ ᠢᠢᠨ ᠰᠠᠢᠢᠳ ᠾᠠᠻᠢᠮᠽᠣᠳᠠ ᠻᠦᠷᠪᠣᠨ᠂

ᠬᠥᠳᠡᠭᠡ ᠠᠵᠤ ᠠᠬᠤᠶ ᠢᠢᠨ ᠰᠠᠯᠪᠤᠷᠢ ᠢᠢᠨ ᠲᠤᠷᠰᠢᠯᠭ᠎ᠠ᠂ ᠨᠥᠭᠡᠴᠡ᠂ ᠪᠣᠯᠤᠯᠴᠠᠭ᠎ᠠ ᠢᠢ ᠬᠠᠷᠠᠭᠠᠯᠵᠠᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠡᠷᠡᠮᠡᠯᠵᠡᠯ ᠢᠶᠡᠨ ᠢᠯᠡᠷᠬᠡᠢᠢᠯᠡᠵᠦ᠂ ᠲᠣᠳᠤᠷᠬᠠᠶ ᠴᠢᠭᠯᠡᠯ ᠢᠶᠡᠷ ᠬᠠᠮᠲᠤᠷᠠᠵᠤ ᠠᠵᠢᠯᠯᠠᠬᠤ ᠪᠠᠷ ᠲᠣᠬᠢᠷᠠᠯᠴᠠᠪᠠ᠃ ᠲᠤᠬᠠᠢᠢᠯᠠᠪᠠᠯ᠂ ᠤᠷᠭᠤᠮᠠᠯ ᠦᠷᠡᠵᠢᠭᠦᠯᠬᠦ᠂ ᠮᠠᠯ ᠠᠵᠤ ᠠᠬᠤᠶ᠂ ᠬᠥᠳᠡᠭᠡ ᠠᠵᠤ ᠠᠬᠤᠶ ᠢᠢᠨ ᠦᠢᠯᠡᠳᠪᠦᠷᠢᠯᠡᠯ ᠢ ᠮᠧᠬᠠᠨᠢᠭᠵᠢᠭᠤᠯᠬᠤ᠂ ᠦᠷ᠎ᠡ ᠢᠢᠨ ᠦᠢᠯᠡᠳᠪᠦᠷᠢᠯᠡᠯ ᠳᠥ ᠳᠡᠪᠰᠢᠯᠲᠡᠲᠦ ᠲᠧᠭᠨᠣᠯᠤᠭᠢ ᠨᠡᠪᠲᠡᠷᠡᠭᠦᠯᠬᠦ᠂ ᠤᠷᠭᠤᠮᠠᠯ ᠤᠨ ᠡᠪᠡᠳᠴᠢᠨ᠂ ᠬᠣᠣᠷᠲᠠᠨ ᠰᠢᠪᠠᠵᠢ ᠠᠴᠠ ᠬᠠᠮᠠᠭᠠᠯᠠᠬᠤ᠂ ᠭᠠᠵᠠᠷ ᠤᠨ ᠨᠥᠬᠦᠨ ᠰᠡᠷᠭᠦᠭᠡᠯᠲᠡ᠂ ᠬᠥᠷᠦᠰᠦ ᠤᠰᠤᠯᠠᠭᠠᠨ ᠤ ᠰᠢᠰᠲ᠋ᠧᠮ ᠦᠨ ᠬᠠᠮᠲᠤᠷᠠᠭᠰᠠᠨ ᠰᠤᠳᠤᠯᠭ᠎ᠠ ᠬᠢᠬᠦ᠂ ᠤᠷᠭᠤᠮᠠᠯ ᠤᠨ ᠡᠷᠡᠭᠦᠯ ᠠᠬᠤᠶ ᠢᠢᠨ ᠪᠣᠯᠤᠨ ᠮᠠᠯ ᠡᠮᠨᠡᠯᠭᠡ ᠢᠢᠨ ᠬᠢᠨᠠᠯᠲᠠ ᠢᠢ ᠰᠠᠢᠢᠵᠢᠷᠠᠭᠤᠯᠬᠤ ᠵᠡᠷᠭᠡ ᠰᠠᠯᠪᠤᠷᠢ ᠳᠤ ᠬᠠᠷᠢᠯᠴᠠᠨ ᠲᠤᠷᠰᠢᠯᠭ᠎ᠠ ᠰᠣᠯᠢᠯᠴᠠᠵᠤ᠂ ᠬᠠᠮᠲᠤᠷᠠᠭᠰᠠᠨ ᠦᠢᠯᠡᠳᠪᠦᠷᠢ ᠪᠠᠢᠢᠭᠤᠯᠬᠤ ᠪᠣᠯᠤᠮᠵᠢ ᠢᠢ ᠰᠤᠳᠤᠯᠬᠤ᠂ ᠪᠣᠯᠪᠠᠰᠤᠨ ᠬᠦᠴᠦᠨ ᠪᠡᠯᠡᠳᠬᠡᠬᠦ᠂ ᠮᠡᠷᠭᠡᠵᠢᠯᠲᠡᠨ ᠰᠣᠯᠢᠯᠴᠠᠬᠤ ᠣᠷᠴᠢᠨ ᠪᠦᠷᠢᠳᠦᠯ᠎ᠡ᠃
5. «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠵᠠᠰᠠᠭ ᠤᠨ ᠭᠠᠵᠠᠷ ᠤᠨ ᠬᠠᠷᠢᠶ᠎ᠠ ᠠᠶᠠᠯᠠᠯ ᠵᠢᠭᠤᠯᠴᠢᠯᠠᠯ ᠤᠨ ᠬᠥᠭ᠍ᠵᠢᠯ ᠦᠨ ᠠᠭᠧᠨ᠋ᠲ᠋ᠯᠢᠭ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠴᠢᠩᠪᠠᠲᠤ ᠢᠢᠨ ᠤᠨᠳᠤᠷᠤᠮ᠎ᠠ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠵᠠᠰᠠᠭ ᠤᠨ ᠭᠠᠵᠠᠷ ᠤᠨ ᠬᠠᠷᠢᠶ᠎ᠠ ᠠᠶᠠᠯᠠᠯ ᠵᠢᠭᠤᠯᠴᠢᠯᠠᠯ ᠤᠨ ᠬᠥᠭ᠍ᠵᠢᠯ ᠦᠨ ᠬᠣᠷᠢᠶᠠᠨ ᠤ ᠳᠠᠷᠤᠭ᠎ᠠ ᠿᠦᠮᠠᠾᠣᠨ᠋ᠽᠣᠳᠠ ᠿᠠᠮᠱᠧᠳ᠋ ᠿᠦᠷᠠᠾᠣᠨ᠂

ᠠᠶᠠᠯᠠᠯ ᠵᠢᠭᠤᠯᠴᠢᠯᠠᠯ ᠤᠨ ᠰᠠᠯᠪᠤᠷᠢ ᠳᠤ ᠪᠠᠢᠢᠭᠠᠯᠢ ᠢᠢᠨ ᠪᠣᠯᠤᠨ ᠰᠣᠶᠤᠯ ᠤᠨ ᠥᠪ ᠢ ᠢᠷᠡᠭᠡᠳᠦᠶ ᠢᠢᠨ ᠪᠠᠶᠠᠯᠢᠭ ᠭᠡᠵᠦ ᠦᠵᠡᠵᠦ᠂ ᠲᠡᠳᠡᠭᠡᠷ ᠢ ᠬᠠᠮᠠᠭᠠᠯᠠᠬᠤ ᠢᠢᠨ ᠵᠡᠷᠭᠡᠴᠡᠭᠡ ᠦᠷ᠎ᠡ ᠠᠰᠢᠭ ᠲᠠᠢ᠂ ᠠᠭᠤᠯᠭ᠎ᠠ ᠥᠨᠳᠦᠷ ᠲᠡᠢ᠂ ᠲᠠᠨᠢᠭᠤᠯᠤᠨ ᠰᠤᠷᠲᠠᠯᠴᠢᠯᠠᠬᠤ᠂ ᠬᠥᠭ᠍ᠵᠢᠭᠦᠯᠬᠦ ᠳᠥ ᠬᠠᠮᠲᠤᠷᠠᠨ ᠠᠵᠢᠯᠯᠠᠬᠤ ᠨᠢ ᠴᠢᠬᠤᠯᠠ ᠭᠡᠵᠦ ᠦᠵᠡᠯ᠎ᠡ᠃ ᠲᠠᠯ᠎ᠠ ᠨᠤᠭᠤᠳ ᠠᠶᠠᠯᠠᠯ ᠵᠢᠭᠤᠯᠴᠢᠯᠠᠯ ᠤᠨ ᠬᠥᠷᠦᠩ᠋ᠭᠡ ᠣᠷᠤᠭᠤᠯᠤᠯᠲᠠ ᠪᠣᠯᠤᠨ ᠲᠧᠭᠨᠣᠯᠤᠭᠢ ᠳᠤ ᠰᠠᠭᠤᠷᠢᠯᠠᠭᠰᠠᠨ ᠤᠬᠠᠭᠠᠯᠢᠭ ᠠᠶᠠᠯᠠᠯ ᠵᠢᠭᠤᠯᠴᠢᠯᠠᠯ ᠤᠨ ᠰᠠᠨᠠᠭᠠᠴᠢᠯᠠᠭ᠎ᠠ ᠢᠢ ᠬᠠᠷᠢᠯᠴᠠᠨ ᠳᠡᠮᠵᠢᠬᠦ᠂ ᠰᠠᠯᠪᠤᠷᠢ ᠢᠢᠨ ᠮᠡᠷᠭᠡᠵᠢᠯᠲᠡᠨᠨ ᠨᠤᠭᠦᠳ᠂ ᠬᠣᠯᠪᠤᠭᠳᠠᠬᠤ ᠪᠢᠽᠢᠨᠧᠰ ᠦᠨ ᠪᠠᠢᠢᠭᠤᠯᠤᠯᠭ᠎ᠠ ᠢᠢᠨ ᠬᠠᠷᠢᠯᠴᠠᠭ᠎ᠠ ᠢᠢ ᠥᠷᠭᠡᠵᠢᠭᠦᠯᠬᠦ ᠪᠡᠷ ᠲᠣᠬᠢᠷᠠᠯᠴᠠᠯ᠎ᠠ᠃
6. «ᠴᠠᠬᠢᠮ ᠰᠢᠯᠵᠢᠯᠲᠡ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠴᠠᠬᠢᠮ ᠬᠥᠭ᠍ᠵᠢᠯ᠂ ᠢᠨ᠋᠊ᠨᠣᠸᠠᠼ᠂ ᠬᠠᠷᠢᠯᠴᠠᠭ᠎ᠠ ᠬᠣᠯᠪᠤᠭᠠᠨ ᠤ ᠶᠠᠮᠤᠨ᠂ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠨ᠋᠊ᠨᠣᠸᠠᠼ᠂ ᠴᠠᠬᠢᠮ ᠲᠧᠭᠨᠣᠯᠤᠭᠢ ᠢᠢᠨ ᠠᠭᠧᠨ᠋ᠲ᠋ᠯᠢᠭ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠴᠠᠬᠢᠮ ᠬᠥᠭ᠍ᠵᠢᠯ᠂ ᠢᠨ᠋᠊ᠨᠣᠸᠠᠼ᠂ ᠬᠠᠷᠢᠯᠴᠠᠭ᠎ᠠ ᠬᠣᠯᠪᠤᠭᠠᠨ ᠤ ᠰᠠᠢᠢᠳ ᠡᠩᠬᠡᠪᠠᠶᠠᠷ ᠤᠨ ᠪᠠᠲᠤᠱᠤᠭᠠᠷ ᠠ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠨ᠋᠊᠊᠊ᠨᠣᠸᠠᠼ᠂ ᠴᠠᠬᠢᠮ ᠲᠧᠭᠨᠣᠯᠤᠭᠢ ᠢᠢᠨ ᠠᠭᠧᠨ᠋ᠲ᠋ᠯᠢᠭ ᠤᠨ ᠵᠠᠬᠢᠷᠤᠯ ᠮᠢᠷᠽᠣ᠋ ᠬᠦᠷᠱᠧᠳ᠋ ᠹᠠᠢᠢᠽᠦ᠋ᠯᠯᠣᠽᠣᠳᠠ᠂

ᠳ᠋ᠢᠵᠢᠲ᠋ᠠᠯ ᠡᠳ᠋ ᠦᠨ ᠵᠠᠰᠠᠭ ᠤᠨ ᠰᠠᠯᠪᠤᠷᠢ ᠢᠢᠨ ᠵᠣᠬᠢᠴᠠᠭᠤᠯᠤᠯᠲᠠ ᠢᠢᠨ ᠲᠣᠭᠲᠠᠯᠴᠠᠭ᠎ᠠ ᠢᠢ ᠪᠣᠯᠪᠠᠰᠤᠷᠠᠩ᠋ᠭᠤᠢ ᠪᠣᠯᠭᠠᠬᠤ ᠴᠢᠭᠯᠡᠯ ᠢᠶᠡᠷ ᠮᠡᠳᠡᠯᠭᠡ᠂ ᠲᠤᠷᠰᠢᠯᠭ᠎ᠠ ᠰᠣᠯᠢᠯᠴᠠᠵᠤ᠂ ᠲᠥᠷᠦ ᠢᠢᠨ ᠴᠠᠬᠢᠮ ᠦᠢᠯᠡᠴᠢᠯᠡᠭᠡ ᠢᠢ ᠬᠥᠭ᠍ᠵᠢᠭᠦᠯᠬᠦ᠂ ᠲᠥᠷᠦ ᠢᠢᠨ ᠪᠠᠢᠢᠭᠤᠯᠤᠯᠭ᠎ᠠ ᠨᠤᠭᠤᠳ ᠤᠨ ᠦᠢᠯᠡ ᠠᠵᠢᠯᠯᠠᠭ᠎ᠠ ᠢᠢ ᠴᠠᠬᠢᠮᠵᠢᠭᠤᠯᠬᠤ ᠴᠢᠭᠯᠡᠯ ᠢᠶᠡᠷ ᠲᠤᠷᠰᠢᠯᠭ᠎ᠠ ᠰᠣᠯᠢᠯᠴᠠᠨ᠎ᠠ᠃
7. «ᠣᠨᠴᠤᠭᠤᠶ ᠪᠠᠢᠢᠳᠠᠯ ᠠᠴᠠ ᠤᠷᠢᠳᠴᠢᠯᠠᠨ ᠰᠡᠷᠭᠡᠢᠢᠯᠡᠬᠦ᠂ ᠬᠣᠣᠷ ᠤᠷᠰᠢᠭ ᠢ ᠠᠷᠢᠯᠭᠠᠬᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠣᠨᠴᠤᠭᠤᠶ ᠪᠠᠢᠢᠳᠠᠯ ᠤᠨ ᠶᠡᠷᠦᠩᠬᠡᠶ ᠭᠠᠵᠠᠷ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠵᠠᠰᠠᠭ ᠤᠨ ᠭᠠᠵᠠᠷ ᠤᠨ ᠳᠡᠷᠭᠡᠳᠡᠬᠢ ᠣᠨᠴᠤᠭᠤᠶ ᠻᠣᠮᠢᠰᠰ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠣᠨᠴᠤᠭᠤᠶ ᠪᠠᠢᠢᠳᠠᠯ ᠤᠨ ᠶᠡᠷᠦᠩᠬᠡᠶ ᠭᠠᠵᠠᠷ ᠤᠨ ᠳᠠᠷᠤᠭ᠎ᠠ᠂ ᠬᠣᠰᠢᠭᠤᠴᠢ ᠭᠧᠨᠧᠷᠠᠯ ᠭᠣᠮᠪᠤᠵᠠᠪ ᠤᠨ ᠠᠷᠢᠭᠤᠨᠪᠤᠶᠠᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠵᠠᠰᠠᠭ ᠤᠨ ᠭᠠᠵᠠᠷ ᠤᠨ ᠳᠡᠷᠭᠡᠳᠡᠬᠢ ᠣᠨᠴᠤᠭᠤᠶ ᠻᠣᠮᠢᠰᠰ ᠤᠨ ᠳᠠᠷᠤᠭ᠎ᠠ᠂ ᠬᠤᠷᠠᠩᠳᠠ ᠭᠧᠨᠧᠷᠠᠯ ᠷᠠᠿᠠᠪᠠᠯᠢ ᠷᠠᠾᠮᠣᠨᠠᠯᠢ᠂

ᠪᠠᠢᠢᠭᠠᠯᠢ ᠢᠢᠨ ᠪᠣᠯᠤᠨ ᠬᠦᠮᠦᠨ ᠦ ᠬᠦᠴᠦᠨ ᠵᠦᠢᠯ ᠡᠴᠡ ᠡᠭᠦᠳᠦᠯ ᠲᠡᠢ ᠣᠨᠴᠤᠭᠤᠶ ᠨᠥᠬᠦᠴᠡᠯ ᠪᠠᠢᠢᠳᠠᠯ ᠢ ᠵᠣᠬᠢᠴᠠᠭᠤᠯᠬᠤ᠂ ᠪᠠᠢᠢᠭᠠᠯᠢ ᠢᠢᠨ ᠭᠠᠮᠰᠢᠭ ᠤᠨ ᠡᠷᠦᠰᠳᠡᠯ ᠢ ᠪᠠᠭᠤᠷᠠᠭᠤᠯᠬᠤ ᠴᠢᠭᠯᠡᠯ ᠢᠶᠡᠷ ᠬᠠᠷᠢᠯᠴᠠᠨ ᠲᠤᠷᠰᠢᠯᠭ᠎ᠠ ᠰᠣᠯᠢᠯᠴᠠᠬᠤ ᠪᠠᠷ ᠪᠣᠯᠪᠠ᠃ ᠣᠨᠴᠤᠭᠤᠶ ᠪᠠᠢᠢᠳᠠᠯ᠂ ᠭᠠᠮᠰᠢᠭ ᠤᠨ ᠦᠶ᠎ᠡ ᠳᠥ ᠠᠷᠠᠳ ᠢᠷᠭᠡᠳ ᠲᠥ ᠰᠢᠭᠤᠷᠬᠠᠶ ᠵᠠᠷᠯᠠᠨ ᠮᠡᠳᠡᠭᠡᠯᠡᠬᠦ ᠰᠢᠰᠲ᠋ᠧᠮ ᠢ ᠪᠡᠬᠢᠵᠢᠭᠦᠯᠬᠦ᠂ ᠣᠷᠴᠢᠨ ᠦᠶ᠎ᠡ ᠢᠢᠨ ᠲᠧᠭᠨᠣᠯᠤᠭᠢ ᠢᠢ ᠨᠡᠪᠲᠡᠷᠡᠭᠦᠯᠬᠦ ᠴᠢᠭᠯᠡᠯ ᠢᠶᠡᠷ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠵᠦ᠂ ᠮᠡᠷᠭᠡᠵᠢᠯᠲᠡᠨ ᠪᠡᠯᠡᠳᠬᠡᠬᠦ᠂ ᠮᠡᠷᠭᠡᠰᠢᠭᠦᠯᠬᠦ᠂ ᠭᠠᠮᠰᠢᠭ ᠠᠴᠠ ᠬᠠᠮᠠᠭᠠᠯᠠᠬᠤ ᠴᠢᠭᠯᠡᠯ ᠢᠶᠡᠷ ᠬᠠᠮᠲᠤᠷᠠᠭᠰᠠᠨ ᠳᠠᠳᠤᠯᠭ᠎ᠠ᠂ ᠰᠤᠷᠭᠠᠭᠤᠯᠢᠯᠲᠠ ᠵᠣᠬᠢᠶᠠᠨ ᠪᠠᠢᠢᠭᠤᠯᠤᠨ᠎ᠠ᠃
8. «ᠰᠢᠨᠵᠢᠯᠡᠬᠦ ᠤᠬᠠᠭᠠᠨ᠂ ᠲᠧᠭᠨᠣᠯᠤᠭᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠦᠨᠳᠦᠰᠦᠨ ᠦ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠰᠣᠳᠨᠠᠮᠰᠠᠮᠪᠤᠤ ᠢᠢᠨ ᠳᠡᠮᠪᠡᠷᠢᠯ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠦᠨᠳᠦᠰᠦᠨ ᠦ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠬᠦᠱᠸᠠᠾᠲ᠋ᠽᠣᠳᠠ ᠻᠣᠪᠢᠯᠿᠣᠨ᠂

ᠰᠢᠨᠵᠢᠯᠡᠬᠦ ᠤᠬᠠᠭᠠᠨ ᠤ ᠠᠻᠠᠳᠧᠮᠢ ᠢᠢᠨ ᠬᠠᠮᠲᠤ ᠢᠢᠨ ᠠᠵᠢᠯᠯᠠᠭ᠎ᠠ ᠠᠯᠪᠠᠨ ᠶᠣᠰᠤ ᠪᠠᠷ ᠡᠬᠢᠯᠡᠯ᠎ᠡ᠃ ᠮᠡᠳᠡᠯᠭᠡ ᠮᠡᠳᠡᠭᠡᠯᠡᠯ ᠰᠣᠯᠢᠯᠴᠠᠬᠤ᠂ ᠬᠠᠮᠲᠤᠷᠠᠭᠰᠠᠨ ᠰᠤᠳᠤᠯᠭᠠᠨ ᠤ ᠲᠥᠰᠦᠯ᠂ ᠬᠥᠲᠦᠯᠪᠦᠷᠢ᠂ ᠬᠤᠷᠠᠯ ᠰᠧᠮᠢᠨᠠᠷ ᠵᠣᠬᠢᠶᠠᠨ ᠪᠠᠢᠢᠭᠤᠯᠬᠤ᠂ ᠡᠷᠳᠡᠮᠲᠡᠨ᠂ ᠰᠤᠳᠤᠯᠤᠭᠠᠴᠢᠳ ᠢᠶᠠᠨ ᠰᠣᠯᠢᠯᠴᠠᠨ᠂ ᠰᠢᠨ᠎ᠡ ᠲᠥᠷᠦᠯ ᠦᠨ ᠬᠠᠮᠲᠤᠷᠠᠭᠰᠠᠨ ᠰᠤᠳᠤᠯᠭ᠎ᠠ ᠢᠢ ᠲᠣᠭᠲᠠᠪᠤᠷᠢ ᠲᠠᠢ ᠬᠥᠭ᠍ᠵᠢᠭᠦᠯᠦᠨ᠎ᠡ᠃ ᠪᠠᠢᠢᠭᠠᠯᠢ ᠢᠢᠨ ᠤᠬᠠᠭᠠᠨ᠂ ᠨᠡᠢᠢᠭᠡᠮ᠂ ᠬᠦᠮᠦᠨᠯᠢᠭ ᠦᠨ ᠤᠬᠠᠭᠠᠨ᠂ ᠬᠥᠳᠡᠭᠡ ᠠᠵᠤ ᠠᠬᠤᠶ ᠢᠢᠨ ᠰᠢᠨᠵᠢᠯᠡᠬᠦ ᠤᠬᠠᠭᠠᠨ᠂ ᠲᠡᠭᠦᠨ ᠦ ᠳᠣᠲᠤᠷ᠎ᠠ ᠵᠢᠮᠢᠰ᠂ ᠵᠢᠮᠢᠰᠬᠡᠨ᠎ᠡ ᠢᠢᠨ ᠠᠵᠤ ᠠᠬᠤᠶ᠂ ᠬᠦᠨᠡᠰᠦᠨ ᠦ ᠲᠧᠭᠨᠣᠯᠤᠭᠢ ᠢᠢᠨ ᠴᠢᠭᠯᠡᠯ ᠢᠶᠡᠷ ᠢᠯᠡᠭᠦᠦ ᠬᠠᠮᠲᠤᠷᠠᠨ ᠠᠵᠢᠯᠯᠠᠨ᠎ᠠ᠃
9. «ᠮᠣᠩ᠋ᠭᠤᠯ ᠤᠯᠤᠰ ᠤᠨ «ᠢ-ᠮᠣᠩ᠋ᠭᠤᠯ» ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ «ᠱᠢᠹᠷᠯᠡᠭᠴᠢ ᠲᠥᠪ ᠦᠳ᠂ ᠲᠥᠷᠦ ᠢᠢᠨ ᠦᠢᠯᠡᠴᠢᠯᠡᠭᠡ᠂ ᠴᠠᠬᠢᠮ ᠫᠷᠣᠭᠷᠠᠮ ᠬᠥᠭ᠍ᠵᠢᠭᠦᠯᠦᠯᠲᠡ» ᠢᠢᠨ ᠻᠣᠮᠫᠠᠨᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ «ᠢ-ᠮᠣᠩ᠋ᠭᠤᠯ» ᠠᠻᠠᠳᠧᠮᠢ ᠢᠢᠨ ᠵᠠᠬᠢᠷᠤᠯ ᠪᠠᠪᠤᠤᠵᠠᠪ ᠤᠨ ᠮᠢᠭ᠌ᠮᠠᠷᠨᠠᠷᠠᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠨ᠋᠊᠊᠊ᠨᠣᠸᠠᠼ᠂ ᠴᠠᠬᠢᠮ ᠲᠧᠭᠨᠣᠯᠤᠭᠢ ᠢᠢᠨ ᠠᠭᠧᠨ᠋ᠲ᠋ᠯᠢᠭ ᠤᠨ ᠵᠠᠬᠢᠷᠤᠯ ᠮᠢᠷᠽᠣ᠋ ᠬᠦᠷᠱᠧᠳ᠋ ᠹᠠᠢᠢᠽᠦ᠋ᠯᠯᠣᠽᠣᠳᠠ᠂

ᠣᠯᠠᠨ ᠤᠯᠤᠰ ᠤᠨ ᠬᠠᠷᠢᠯᠴᠠᠭ᠎ᠠ᠂ ᠪᠦᠰᠡ ᠨᠤᠲᠤᠭ ᠤᠨ ᠠᠶᠤᠯ ᠦᠭᠡᠢ ᠪᠠᠢᠢᠳᠠᠯ᠂ ᠡᠳ᠋ ᠦᠨ ᠵᠠᠰᠠᠭ᠂ ᠨᠡᠢᠢᠭᠡᠮ ᠦᠨ ᠲᠣᠭᠲᠠᠪᠤᠷᠢᠲᠠᠢ ᠬᠥᠭ᠍ᠵᠢᠯ ᠳᠥ ᠲᠤᠯᠭᠠᠮᠳᠠᠭᠰᠠᠨ ᠠᠰᠠᠭᠤᠳᠠᠯ ᠤᠳ ᠢ ᠬᠠᠮᠲᠤᠷᠠᠨ ᠰᠤᠳᠤᠯᠬᠤ᠂ ᠬᠠᠷᠢᠯᠴᠠᠨ ᠲᠤᠷᠰᠢᠯᠭ᠎ᠠ ᠰᠣᠯᠢᠯᠴᠠᠬᠤ᠂ ᠬᠠᠮᠲᠤᠷᠠᠭᠰᠠᠨ ᠡᠷᠳᠡᠮ ᠰᠢᠨᠵᠢᠯᠡᠭᠡᠨ ᠦ ᠬᠤᠷᠠᠯ᠂ ᠬᠡᠯᠡᠯᠴᠡᠭᠦᠯᠭᠡ᠂ ᠰᠧᠮᠢᠨᠠᠷ ᠵᠣᠬᠢᠶᠠᠨ ᠪᠠᠢᠢᠭᠤᠯᠬᠤ ᠵᠡᠷᠭᠡ ᠪᠡᠷ ᠬᠠᠮᠲᠤᠷᠠᠨ ᠠᠵᠢᠯᠯᠠᠨ᠎ᠠ᠃
10. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠠᠶᠤᠯ ᠦᠭᠡᠢ ᠪᠠᠢᠢᠳᠠᠯ ᠰᠤᠳᠤᠯᠤᠯ ᠤᠨ ᠬᠦᠷᠢᠶᠡᠯᠡᠩ ᠪᠣᠯᠤᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠰᠲ᠋ᠷᠠᠲ᠋ᠧᠭᠢ ᠢᠢᠨ ᠰᠤᠳᠤᠯᠭᠠᠨ ᠤ ᠲᠥᠪ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠠᠶᠤᠯ ᠦᠭᠡᠢ ᠪᠠᠢᠢᠳᠠᠯ ᠰᠤᠳᠤᠯᠤᠯ ᠤᠨ ᠬᠦᠷᠢᠶᠡᠯᠡᠩ ᠦᠨ ᠳᠠᠷᠤᠭ᠎ᠠ ᠭᠠᠩᠬᠤᠶᠠᠭ ᠤᠨ ᠭᠠᠩᠪᠣᠯᠤᠳ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠰᠲ᠋ᠷᠠᠲ᠋ᠧᠭᠢ ᠢᠢᠨ ᠰᠤᠳᠤᠯᠭᠠᠨ ᠤ ᠲᠥᠪ ᠦᠨ ᠵᠠᠬᠢᠷᠤᠯ ᠦᠰᠮᠣᠨ᠋ᠽᠣᠳᠠ ᠾᠠᠢᠢᠷᠢᠳᠢᠨ ᠦᠰᠮᠣᠨ᠂

ᠣᠯᠠᠨ ᠤᠯᠤᠰ ᠤᠨ ᠬᠠᠷᠢᠯᠴᠠᠭ᠎ᠠ᠂ ᠳᠡᠯᠡᠬᠡᠶ ᠳ᠋ᠠᠬᠢᠨ ᠤ ᠪᠣᠯᠤᠨ ᠪᠦᠰᠡ ᠨᠤᠲᠤᠭ ᠤᠨ ᠠᠶᠤᠯ ᠦᠭᠡᠢ ᠪᠠᠢᠢᠳᠠᠯ᠂ ᠡᠳ᠋ ᠦᠨ ᠵᠠᠰᠠᠭ᠂ ᠨᠡᠢᠢᠭᠡᠮ ᠦᠨ ᠬᠥᠭ᠍ᠵᠢᠯ ᠦᠨ ᠠᠰᠠᠭᠤᠳᠠᠯ ᠤᠨ ᠬᠦᠷᠢᠶᠡᠨ ᠳᠥ ᠰᠤᠳᠤᠯᠭᠠᠨ ᠤ ᠠᠵᠢᠯ ᠤᠨ ᠦᠷ᠎ᠡ ᠳ᠋ᠦᠩ ᠢ ᠬᠤᠪᠢᠶᠠᠯᠴᠠᠬᠤ᠂ ᠡᠷᠳᠡᠮ ᠰᠢᠨᠵᠢᠯᠡᠭᠡᠨ ᠦ ᠪᠠᠭ᠎ᠠ ᠬᠤᠷᠠᠯ᠂ ᠰᠧᠮᠢᠨᠠᠷ᠂ ᠳᠤᠭᠤᠶ ᠰᠢᠷᠡᠭᠡᠨ ᠦ ᠠᠭᠤᠯᠵᠠᠯᠲᠠ᠂ ᠠᠻᠠᠳᠧᠮᠢᠻ ᠬᠡᠯᠡᠯᠴᠡᠭᠦᠯᠭᠡ ᠬᠢᠬᠦ᠂ ᠪᠦᠰᠡ ᠨᠤᠲᠤᠭ ᠤᠨ ᠪᠣᠯᠤᠨ ᠣᠯᠠᠨ ᠤᠯᠤᠰ ᠤᠨ ᠰᠢᠨᠵᠢ ᠴᠢᠨᠠᠷᠲᠠᠶ ᠠᠷᠭ᠎ᠠ ᠬᠡᠮᠵᠢᠶ᠎ᠡ ᠢᠢ ᠬᠠᠮᠲᠤᠷᠠᠨ ᠵᠣᠬᠢᠶᠠᠨ ᠪᠠᠢᠢᠭᠤᠯᠬᠤ ᠵᠡᠷᠭᠡ ᠪᠣᠯᠤᠮᠵᠢ ᠪᠦᠷᠢᠳᠦᠯ᠎ᠡ᠃
11. «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠴᠢᠩᠬᠢᠰ ᠬᠠᠭᠠᠨ ᠦᠨᠳᠦᠰᠦᠨ ᠦ ᠮᠦᠽᠧᠶ ᠪᠣᠯᠤᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠦᠨᠳᠦᠰᠦᠨ ᠦ ᠮᠦᠽᠧᠶ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠴᠢᠩᠬᠢᠰ ᠬᠠᠭᠠᠨ ᠦᠨᠳᠦᠰᠦᠨ ᠦ ᠮᠦᠽᠧᠶ ᠢᠢᠨ ᠵᠠᠬᠢᠷᠤᠯ ᠰᠠᠮᠫᠢᠯᠳᠣᠨᠳᠤᠪ ᠤᠨ ᠴᠢᠯᠠᠭᠤᠨ᠂ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠤᠨ ᠦᠨᠳᠦᠰᠦᠨ ᠦ ᠮᠦᠽᠧᠶ ᠢᠢᠨ ᠵᠠᠬᠢᠷᠤᠯ ᠢᠪᠷᠣᠬᠢᠮᠽᠣᠳᠠ ᠽᠴᠹᠠᠷᠱᠣ᠋ ᠰᠠᠹᠣ ᠨᠠᠷ ᠲᠤᠰ ᠲᠤᠰ ᠭᠠᠷ ᠤᠨ ᠦᠰᠦᠭ ᠵᠢᠷᠤᠯ᠎ᠠ᠃

ᠲᠡᠦᠬᠡ-ᠰᠣᠶᠤᠯ ᠤᠨ ᠥᠪ ᠢ ᠬᠠᠳᠠᠭᠠᠯᠠᠬᠤ᠂ ᠰᠤᠳᠤᠯᠬᠤ᠂ ᠰᠤᠷᠲᠠᠯᠴᠢᠯᠠᠬᠤ᠂ ᠰᠢᠨᠵᠢᠯᠡᠬᠦ ᠤᠬᠠᠭᠠᠨ᠂ ᠰᠣᠶᠤᠯ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠬᠦ᠂ ᠪᠡᠬᠢᠵᠢᠭᠦᠯᠬᠦ ᠵᠡᠷᠭᠡ ᠪᠡᠷ ᠬᠠᠮᠲᠤᠷᠠᠨ᠎ᠠ᠃