Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠲ᠋ᠠᠵᠢᠻᠢᠰᠲ᠋ᠠᠨ ᠤᠯᠤᠰ ᠤᠨ ᠶᠡᠷᠦᠩᠬᠡᠢᠢᠯᠡᠭᠴᠢ ᠡᠮᠣᠮᠠᠯᠢ ᠷᠠᠾᠮᠣᠨ ᠨᠠᠷ ᠮᠡᠳᠡᠭᠡᠯᠡᠯ ᠬᠢᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠲ᠋ᠠᠵᠢᠻᠢᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠬᠣᠶᠠᠷ ᠤᠯᠤᠰ ᠤᠨ ᠶᠡᠷᠦᠩᠬᠡᠢᠢᠯᠡᠭᠴᠢ ᠠᠯᠪᠠᠨ ᠶᠣᠰᠤᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃

ᠲᠥᠷᠦ ᠢᠢᠨ ᠲᠡᠷᠢᠭᠦᠨ ᠨᠠᠷ ᠤᠨ ᠬᠡᠯᠡᠭᠰᠡᠨ ᠦᠭᠡᠨ ᠡᠴᠡ ᠬᠦᠷᠭᠡᠵᠦ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠡᠨᠳᠡ ᠬᠦᠷᠦᠯᠴᠡᠨ ᠢᠷᠡᠭᠰᠡᠨ ᠡᠷᠬᠢᠮ ᠬᠦᠨᠳᠦᠲᠦ ᠬᠡᠪᠯᠡᠯ ᠦᠨ ᠲᠥᠯᠦᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ ᠡ᠃

ᠠᠽᠢ᠂ ᠧᠦ᠋ᠷᠣᠫᠠ ᠢᠢ ᠬᠣᠯᠪᠤᠭᠰᠠᠨ ᠲᠣᠷᠭᠠᠨ ᠤ ᠵᠠᠮ ᠤᠨ ᠵᠠᠩ᠋ᠭᠢᠯᠠᠭ᠎ᠠ ᠦᠵᠡᠰᠬᠦᠯᠡᠩᠲᠦ ᠰᠠᠢᠢᠬᠠᠨ ᠡᠬᠡ ᠣᠷᠤᠨ ᠳᠤ ᠪᠠᠨ ᠬᠠᠯᠠᠭᠤᠨ ᠳᠣᠲᠤᠨᠤ ᠪᠠᠷ ᠬᠦᠯᠢᠶᠡᠨ ᠠᠪᠴᠤ ᠪᠠᠢᠢᠭ᠎ᠠ ᠡᠷᠬᠢᠮ ᠬᠦᠨᠳᠦᠲᠦ ᠶᠡᠷᠦᠩᠬᠡᠢᠢᠯᠡᠭᠴᠢ ᠡᠮᠣᠮᠠᠯᠢ ᠷᠠᠾᠮᠣᠨ ᠲᠠᠨ ᠳᠤ ᠪᠣᠯᠤᠨ ᠲ᠋ᠠᠵᠢᠻᠢᠰᠲ᠋ᠠᠨ ᠤᠯᠤᠰ ᠤᠨ ᠲᠥᠷᠦ᠂ ᠵᠠᠰᠠᠭ᠂ ᠨᠠᠢᠢᠷᠰᠠᠭ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ 2009 ᠣᠨ ᠳᠤ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠩᠬᠠᠨ ᠤ ᠠᠢᠢᠯᠴᠢᠯᠠᠯ ᠬᠣᠶᠠᠷ ᠣᠷᠤᠨ ᠤ ᠨᠠᠢᠢᠷᠰᠠᠭ ᠬᠠᠷᠢᠯᠴᠠᠭᠠᠨ ᠤ ᠲᠡᠦᠬᠡᠨ ᠳᠥ ᠰᠢᠨ᠎ᠡ ᠡᠬᠢᠯᠡᠯ ᠢ ᠲᠠᠯᠪᠢᠵᠤ᠂ ᠬᠠᠷᠢᠯᠴᠠᠨ ᠢᠲᠡᠭᠡᠯᠴᠡᠯ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠪᠢᠯᠡ᠃

ᠮᠥᠩᠬᠡ ᠴᠠᠰᠤᠲᠤ ᠫᠠᠮᠢᠷ ᠤᠨ ᠨᠢᠷᠤᠭᠤᠨ ᠤ ᠲᠡᠦᠬᠡ᠂ ᠰᠣᠶᠤᠯ ᠢ ᠥᠪᠯᠡᠨ ᠢᠷᠡᠭᠰᠡᠨ ᠲ᠋ᠠᠵᠢᠻᠢᠰᠲ᠋ᠠᠨ ᠤ ᠠᠷᠠᠳ ᠲᠦᠮᠡᠨ ᠪᠣᠯᠤᠨ ᠠᠭᠤᠳᠠᠮ ᠲᠠᠯ᠎ᠠ ᠨᠤᠲᠤᠭ ᠤᠨ ᠮᠣᠩ᠋ᠭᠤᠯ ᠤᠨ ᠠᠷᠠᠳ ᠲᠦᠮᠡᠨ ᠡᠷᠲᠡ ᠳᠡᠭᠡᠷ᠎ᠡ ᠦᠶ᠎ᠡ ᠡᠴᠡ ᠬᠤᠳᠠᠯᠳᠤᠭ᠎ᠠ᠂ ᠰᠣᠶᠤᠯ ᠤᠨ ᠬᠠᠷᠢᠯᠴᠠᠭ᠎ᠠ ᠢᠢ ᠬᠥᠭ᠍ᠵᠢᠭᠦᠯᠵᠦ ᠢᠷᠡᠭᠰᠡᠨ ᠠᠷᠪᠢᠨ ᠪᠠᠶᠠᠯᠢᠭ ᠲᠡᠦᠬᠡ ᠲᠡᠢ ᠪᠢᠯᠡ᠃

ᠬᠣᠶᠠᠷ ᠣᠷᠤᠨ ᠤ ᠡᠨᠡ ᠲᠡᠦᠬᠡᠨ ᠬᠡᠯᠬᠢᠶ᠎ᠡ ᠬᠣᠯᠪᠤᠭ᠎ᠠ ᠢᠢ ᠪᠢᠳᠡ ᠥᠨᠦ ᠢᠢ ᠬᠦᠷᠲᠡᠯ᠎ᠡ ᠡᠷᠬᠢᠮᠯᠡᠨ ᠳᠡᠭᠡᠳᠦᠯᠡᠵᠦ᠂ ᠪᠡᠶ᠎ᠡ ᠪᠡᠶ᠎ᠡ ᠳᠥ ᠪᠡᠨ ᠠᠬᠠᠨ ᠳᠡᠭᠦᠰ ᠦᠨ ᠡᠯᠢᠭᠡᠮᠰᠦᠭ ᠰᠡᠳᠬᠢᠯ ᠢᠶᠡᠷ ᠬᠠᠨᠳᠤᠵᠤ ᠢᠷᠡᠭᠰᠡᠨ ᠨᠢ ᠮᠠᠨ ᠤ ᠬᠣᠶᠠᠷ ᠣᠷᠤᠨ ᠤ ᠨᠠᠢᠢᠷᠠᠮᠳᠠᠯ᠂ ᠨᠥᠬᠦᠷᠯᠡᠯ ᠦᠨ ᠦᠨᠡᠲᠦ ᠥᠪ ᠪᠣᠯᠤᠨ ᠦᠷᠭᠦᠯᠵᠢᠯᠡᠵᠦ ᠪᠠᠢᠢᠨ᠎ᠠ᠃

ᠰᠦᠷᠯᠢᠭ ᠠᠭᠤᠯᠠᠰ᠂ ᠴᠡᠩ᠋ᠭᠡᠭ ᠤᠰᠤᠲᠤ ᠭᠣᠣᠯ ᠮᠥᠷᠡᠨ᠂ ᠪᠠᠢᠢᠭᠠᠯᠢ ᠢᠢᠨ ᠣᠨᠴᠤᠭᠤᠶ ᠲᠣᠭᠲᠠᠴᠠ᠂ ᠰᠣᠶᠤᠯ ᠤᠨ ᠪᠠᠶᠠᠯᠢᠭ ᠥᠪ ᠢ ᠰᠢᠩ᠋ᠭᠡᠭᠡᠭ᠍ᠰᠡᠨ ᠲ᠋ᠠᠵᠢᠻᠢᠰᠲ᠋ᠠᠨ ᠤᠯᠤᠰ ᠲᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠠᠩᠬ᠎ᠠ ᠤᠳᠠᠭ᠎ᠠ ᠲᠥᠷᠦ ᠢᠢᠨ ᠠᠢᠢᠯᠴᠢᠯᠠᠯ ᠬᠢᠵᠦ᠂ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠤᠳᠤᠷᠢᠳᠤᠯᠭ᠎ᠠ ᠳᠣᠣᠷ᠎ᠠ ᠡᠳᠦᠷ ᠡᠴᠡ ᠡᠳᠦᠷ ᠲᠥ ᠥᠷᠭᠡᠵᠢᠨ ᠬᠥᠭ᠍ᠵᠢᠵᠦ ᠪᠤᠢ ᠲ᠋ᠠᠵᠢᠻᠢᠰᠲ᠋ᠠᠨ ᠤᠯᠤᠰ ᠤᠨ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠨᠠᠢᠢᠷᠰᠠᠭ᠂ ᠵᠣᠴᠢᠯᠠᠮᠠᠲᠠᠭᠠᠶ ᠵᠠᠩ ᠴᠢᠨᠠᠷ᠂ ᠲᠡᠦᠬᠡ᠂ ᠰᠣᠶᠤᠯ ᠲᠠᠢ ᠲᠠᠨᠢᠯᠴᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠲᠠᠢ ᠬᠢᠭ᠍ᠰᠡᠨ ᠠᠯᠪᠠᠨ ᠶᠣᠰᠤᠨ ᠤ ᠶᠠᠷᠢᠶ᠎ᠠ ᠬᠡᠯᠡᠯᠴᠡᠭᠡ ᠬᠠᠯᠠᠭᠤᠨ ᠳᠣᠲᠤᠨᠤ᠂ ᠠᠵᠢᠯ ᠬᠡᠷᠡᠭᠴᠢ ᠠᠭᠤᠷ ᠠᠮᠢᠰᠬᠤᠯ ᠳᠤ ᠠᠮᠵᠢᠯᠲᠠ ᠲᠠᠢ ᠪᠣᠯᠵᠤ ᠥᠩ᠋ᠭᠡᠷᠡᠯ᠎ᠡ᠃

ᠪᠢᠳᠡ ᠥᠩ᠋ᠭᠡᠷᠡᠭᠰᠡᠨ 30 ᠭᠠᠷᠤᠶ ᠵᠢᠯ ᠦᠨ ᠣᠯᠤᠯᠲᠠ ᠠᠮᠵᠢᠯᠲᠠ ᠪᠠᠨ ᠳ᠋ᠦᠩᠨᠡᠨ ᠬᠡᠯᠡᠯᠴᠡᠵᠦ᠂ ᠢᠷᠡᠬᠦ ᠣᠨ ᠵᠢᠯ ᠦᠳ ᠲᠥ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠤᠨ᠂ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠦᠷ᠎ᠡ ᠪᠦᠲᠦᠭᠡᠯ ᠲᠡᠢ ᠰᠠᠨᠠᠯ ᠰᠣᠯᠢᠯᠴᠠᠵᠤ᠂ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠦᠪ᠂ ᠵᠠᠮ ᠤᠨ ᠵᠢᠷᠤᠭᠯᠠᠯ᠂ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠯ᠎ᠠ᠃

ᠶᠠᠷᠢᠶ᠎ᠠ ᠬᠡᠯᠡᠯᠴᠡᠭᠡᠨ ᠦ ᠳ᠋ᠦᠩ ᠢᠢᠡᠷ ᠬᠣᠶᠠᠷ ᠤᠯᠤᠰ ᠤᠨ ᠲᠥᠷᠦ ᠢᠢᠨ ᠲᠡᠷᠢᠭᠦᠨ «ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠤᠬᠠᠶ ᠮᠣᠩ᠋ᠭᠤᠯ ᠤᠯᠤᠰ᠂ ᠲ᠋ᠠᠵᠢᠻᠢᠰᠲ᠋ᠠᠨ ᠤᠯᠤᠰ ᠤᠨ ᠬᠠᠮᠲᠤᠷᠠᠭᠰᠠᠨ ᠮᠡᠳᠡᠭᠳᠡᠯ» ᠭᠠᠷᠭᠠᠯ᠎ᠠ᠃

ᠮᠥᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠵᠦ᠂ ᠡᠷᠴᠢᠮ ᠬᠦᠴᠦ᠂ ᠬᠥᠳᠡᠭᠡ ᠠᠵᠤ ᠠᠬᠤᠶ᠂ ᠠᠵᠤ ᠦᠢᠯᠡᠳᠪᠦᠷᠢ᠂ ᠴᠠᠬᠢᠮ ᠬᠥᠭ᠍ᠵᠢᠯ᠂ ᠰᠣᠶᠤᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ ᠬᠥᠭ᠍ᠵᠢᠭᠦᠯᠬᠦ ᠪᠡᠷ ᠲᠣᠬᠢᠷᠠᠯᠴᠠᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠭᠯᠡᠭᠰᠡᠨ ᠪᠠᠢᠢᠭᠤᠯᠤᠯᠭ᠎ᠠ ᠬᠣᠭᠤᠷᠤᠨᠳᠤ ᠢᠢᠨ 11 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠪᠢᠳᠡ ᠮᠣᠩ᠋ᠭᠤᠯ ᠤᠯᠤᠰ ᠤᠨ «ᠠᠯᠤᠰ ᠤᠨ ᠬᠠᠷᠠᠭ᠎ᠠ-2050»᠂ «ᠰᠢᠨ᠎ᠡ ᠰᠡᠷᠭᠦᠯᠲᠡ ᠢᠢᠨ ᠪᠣᠳᠤᠯᠭ᠎ᠠ» ᠪᠣᠯᠤᠨ ᠲ᠋ᠠᠵᠢᠻᠢᠰᠲ᠋ᠠᠨ ᠤᠯᠤᠰ ᠤᠨ «ᠦᠨᠳᠦᠰᠦᠨ ᠦ ᠬᠥᠭ᠍ᠵᠢᠯ ᠦᠨ ᠰᠲ᠋ᠷᠠᠲ᠋ᠧᠭᠢ 2030» ᠬᠣᠭᠤᠷᠤᠨᠳᠤ ᠢᠢᠨ ᠤᠶᠠᠯᠳᠤᠭ᠎ᠠ ᠬᠣᠯᠪᠤᠭ᠎ᠠ ᠢᠢ ᠬᠠᠩ᠋ᠭᠠᠬᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠢᠢ ᠪᠡᠬᠢᠵᠢᠭᠦᠯᠬᠦ᠂ ᠬᠠᠮᠲᠤ ᠢᠢᠨ ᠠᠵᠢᠯᠯᠠᠭᠠᠨ ᠤ ᠰᠢᠨ᠎ᠡ ᠪᠣᠯᠤᠮᠵᠢ ᠨᠤᠭᠤᠳ ᠤᠨ ᠲᠠᠯ᠎ᠠ ᠪᠠᠷ ᠶᠠᠷᠢᠯᠴᠠᠯ᠎ᠠ᠃

ᠮᠥᠨ ᠮᠠᠨ ᠤ ᠬᠣᠶᠠᠷ ᠤᠯᠤᠰ ᠤᠨ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠲᠡᠭᠡᠭᠡᠪᠦᠷᠢ᠂ ᠯᠣᠭᠢᠰᠲ᠋ᠢᠭ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠨᠡᠩ ᠴᠢᠬᠤᠯᠠ ᠭᠡᠳᠡᠭ ᠲᠡᠢ ᠰᠠᠨᠠᠯ ᠨᠢᠭᠡᠳᠴᠦ᠂ ᠪᠦᠰᠡ ᠨᠤᠲᠤᠭ ᠤᠨ ᠬᠤᠳᠠᠯᠳᠤᠭ᠎ᠠ᠂ ᠡᠳ᠋ ᠦᠨ ᠵᠠᠰᠠᠭ ᠤᠨ ᠤᠶᠠᠯᠳᠤᠭ᠎ᠠ ᠢᠢ ᠨᠡᠮᠡᠭᠳᠡᠭᠦᠯᠬᠦ ᠪᠣᠯᠤᠮᠵᠢ ᠢᠢ ᠰᠤᠳᠤᠯᠤᠨ ᠬᠣᠶᠠᠷ ᠣᠷᠤᠨ ᠢ ᠬᠣᠯᠪᠤᠭᠰᠠᠨ ᠳᠥᠲᠡ ᠠᠦ᠋ᠲ᠋ᠣ᠋ ᠵᠠᠮ ᠤᠨ ᠴᠢᠭᠯᠡᠯ ᠢ ᠨᠡᠭᠡᠭᠡᠵᠦ᠂ ᠰᠢᠭᠤᠳ ᠨᠢᠰᠦᠯᠭᠡ ᠲᠡᠢ ᠪᠣᠯᠬᠤ᠂ ᠲᠡᠭᠡᠭᠡᠪᠦᠷᠢ ᠢᠢᠨ ᠰᠢᠨ᠎ᠡ ᠻᠣᠷᠢᠳᠣᠷ ᠪᠠᠢᠢᠭᠤᠯᠬᠤ ᠵᠡᠷᠭᠡ ᠢᠢ ᠬᠡᠯᠡᠯᠴᠡᠯ᠎ᠡ᠃

ᠲᠡᠭᠦᠨᠴᠢᠯᠡᠨ ᠲ᠋ᠠᠵᠢᠻᠢᠰᠲ᠋ᠠᠨ ᠤᠯᠤᠰ ᠢ «ᠠᠽᠢ ᠢᠢᠨ ᠠᠦ᠋ᠲ᠋ᠣ᠋ ᠵᠠᠮ ᠤᠨ ᠰᠦᠯᠵᠢᠶ᠎ᠡ ᠪᠡᠷ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠭᠦᠢᠴᠡᠳᠬᠡᠬᠦ ᠲᠤᠬᠠᠶ» ᠬᠡᠯᠡᠯᠴᠡᠭᠡᠷ ᠲᠥ ᠨᠢᠭᠡᠳᠦᠨ ᠣᠷᠤᠬᠤ ᠳᠤ ᠮᠣᠩ᠋ᠭᠤᠯ ᠤᠯᠤᠰ ᠪᠦᠬᠦ ᠲᠠᠯ᠎ᠠ ᠪᠠᠷ ᠳᠡᠮᠵᠢᠵᠦ ᠠᠵᠢᠯᠯᠠᠬᠤ ᠳᠤ ᠪᠡᠯᠡᠨ ᠪᠤᠢ ᠢᠢ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃

ᠬᠣᠶᠠᠷ ᠤᠯᠤᠰ ᠤᠨ ᠬᠥᠳᠡᠭᠡ ᠠᠵᠤ ᠠᠬᠤᠶ᠂ ᠮᠠᠯ ᠠᠵᠤ ᠠᠬᠤᠶ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠡᠬᠢᠯᠡᠭᠦᠯᠵᠦ᠂ ᠲ᠋ᠠᠵᠢᠻᠢᠰᠲ᠋ᠠᠨ ᠤᠯᠤᠰ ᠲᠤ ᠦᠷᠡᠵᠢᠯ ᠦᠨ ᠮᠠᠯ ᠨᠡᠢᠢᠯᠡᠭᠦᠯᠬᠦ᠂ ᠮᠠᠯ ᠤᠨ ᠭᠠᠷᠤᠯᠲᠠᠢ ᠲᠡᠭᠦᠬᠡᠶ ᠡᠳ᠋᠂ ᠪᠦᠲᠦᠭᠡᠭ᠍ᠳᠡᠬᠦᠨ ᠦ ᠰᠣᠯᠢᠯᠴᠠᠭ᠎ᠠ ᠢᠢ ᠨᠡᠮᠡᠭᠳᠡᠭᠦᠯᠬᠦ᠂ ᠮᠣᠩ᠋ᠭᠤᠯ ᠤᠯᠤᠰ ᠠᠴᠠ ᠾᠠᠯᠠᠯ ᠮᠢᠬ᠎ᠠ ᠨᠡᠢᠢᠯᠡᠭᠦᠯᠬᠦ ᠪᠣᠯᠤᠮᠵᠢ ᠢᠢ ᠰᠤᠳᠤᠯᠬᠤ ᠪᠠᠷ ᠲᠣᠬᠢᠷᠠᠯᠴᠠᠯ᠎ᠠ᠃

ᠡᠨᠡ ᠬᠦ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠭᠦᠨᠵᠡᠭᠡᠢᠢᠷᠡᠭᠦᠯᠬᠦ ᠬᠦᠷᠢᠶᠡᠨ ᠳᠥ ᠬᠣᠶᠠᠷ ᠤᠯᠤᠰ ᠤᠨ ᠮᠠᠯ ᠡᠮᠨᠡᠯᠭᠡ᠂ ᠮᠠᠯ ᠠᠵᠤ ᠠᠬᠤᠶ ᠢᠢᠨ ᠪᠠᠢᠢᠭᠤᠯᠤᠯᠭ᠎ᠠ ᠨᠤᠭᠤᠳ ᠬᠣᠭᠤᠷᠤᠨᠳᠤ ᠢᠢᠨ ᠬᠠᠷᠢᠯᠴᠠᠭ᠎ᠠ ᠢᠢ ᠢᠳᠡᠪᠬᠢᠵᠢᠭᠦᠯᠵᠦ᠂ ᠬᠣᠯᠪᠤᠭᠳᠠᠬᠤ ᠳᠦᠷᠢᠮ ᠵᠢᠷᠤᠮ᠂ ᠡᠷᠡᠭᠦᠯ ᠠᠬᠤᠶ ᠢᠢᠨ ᠱᠠᠭᠠᠷᠳᠠᠯᠭ᠎ᠠ ᠳᠤ ᠨᠡᠢᠢᠴᠡᠭᠦᠦᠯᠦᠨ ᠡᠷᠬᠡ ᠵᠦᠢ ᠢᠢᠨ ᠣᠷᠴᠢᠨ ᠢ ᠪᠦᠷᠢᠳᠦᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠦᠯ᠎ᠡ᠃

ᠮᠣᠩ᠋ᠭᠤᠯ ᠤᠯᠤᠰ ᠤᠨ «ᠴᠠᠭᠠᠨ ᠠᠯᠲᠠ» ᠬᠥᠲᠦᠯᠪᠦᠷᠢ ᠢᠢ ᠲ᠋ᠠᠵᠢᠻᠢᠰᠲ᠋ᠠᠨ ᠤ ᠬᠥᠪᠦᠩ᠂ ᠨᠡᠬᠡᠮᠡᠯ ᠦᠨ ᠰᠠᠯᠪᠤᠷᠢ ᠢᠢᠨ ᠬᠥᠭ᠍ᠵᠢᠯ ᠦᠨ ᠪᠣᠳᠤᠯᠭ᠎ᠠ ᠲᠠᠢ ᠤᠶᠠᠯᠳᠤᠭᠤᠯᠤᠨ ᠨᠣᠣᠰᠤ᠂ ᠨᠣᠯᠤᠤᠷ᠂ ᠬᠥᠪᠦᠩ ᠵᠡᠷᠭᠡ ᠪᠠᠢᠢᠭᠠᠯᠢ ᠢᠢᠨ ᠭᠠᠷᠤᠯᠲᠠᠢ ᠲᠡᠭᠦᠬᠡᠶ ᠡᠳ᠋ ᠲᠤ ᠰᠠᠭᠤᠷᠢᠯᠠᠭᠰᠠᠨ᠂ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠦᠢᠯᠡᠳᠪᠦᠷᠢᠯᠡᠬᠦ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠠᠰᠠᠭᠤᠳᠠᠯ ᠢ ᠬᠡᠯᠡᠯᠴᠡᠯ᠎ᠡ᠃

ᠡᠨᠡ ᠬᠦ ᠠᠢᠢᠯᠴᠢᠯᠠᠯ ᠤᠨ ᠬᠦᠷᠢᠶᠡᠨ ᠳᠥ ᠮᠣᠩ᠋ᠭᠤᠯ᠂ ᠲ᠋ᠠᠵᠢᠻᠢᠰᠲ᠋ᠠᠨ ᠤ ᠠᠩᠬᠠᠨ ᠤ ᠪᠢᠽᠢᠨᠧᠰ ᠹᠣᠷᠦᠢᠮ ᠢ ᠳ᠋ᠦᠱᠠᠨ᠋ᠪᠧ ᠬᠣᠲᠠᠨ᠎ᠠ ᠠᠮᠵᠢᠯᠲᠠ ᠲᠠᠢ ᠵᠣᠬᠢᠶᠠᠨ ᠪᠠᠢᠢᠭᠤᠯᠵᠤ᠂ ᠪᠢᠽᠢᠨᠧᠰ ᠦᠨ ᠵᠥᠪᠯᠡᠯ ᠪᠠᠢᠢᠭᠤᠯᠬᠤ ᠪᠠᠷ ᠲᠣᠬᠢᠷᠠᠭᠰᠠᠨ ᠨᠢ ᠬᠤᠪᠢ ᠢᠢᠨ ᠬᠡᠪᠰᠢᠯ᠂ ᠪᠠᠶᠠᠯᠢᠭ ᠪᠦᠲᠦᠭᠡᠭ᠍ᠴᠢ ᠨᠠᠷ ᠤᠨ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠬᠤ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠢᠢᠨ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠵᠦ᠂ ᠡᠻᠰᠫᠣᠷᠲ ᠢ ᠲᠥᠷᠦᠯᠵᠢᠭᠦᠯᠬᠦ ᠵᠠᠮ ᠢᠶᠠᠷ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠥᠷᠭᠡᠨ ᠪᠣᠯᠤᠮᠵᠢ ᠢᠢ ᠪᠦᠷᠢᠳᠦᠭᠦᠯᠵᠦ ᠪᠤᠢ ᠴᠢᠬᠤᠯᠠ ᠦᠢᠯᠡ ᠶᠠᠪᠤᠳᠠᠯ ᠪᠣᠯᠤᠯ᠎ᠠ᠃

ᠡᠨᠡ ᠤᠳᠠᠭ᠎ᠠ ᠢᠢᠨ ᠠᠢᠢᠯᠴᠢᠯᠠᠯ ᠢᠶᠠᠷ ᠡᠷᠴᠢᠮ ᠬᠦᠴᠦᠨ ᠦ ᠶᠠᠮᠤᠨ ᠬᠣᠭᠤᠷᠤᠨᠳᠤ ᠪᠠᠢᠢᠭᠤᠯᠤᠭᠰᠠᠨ ᠰᠠᠨᠠᠮᠵᠢ ᠪᠢᠴᠢᠭ᠌ ᠨᠢ ᠲ᠋ᠠᠵᠢᠻᠢᠰᠲ᠋ᠠᠨ ᠤᠯᠤᠰ ᠤᠨ ᠤᠰᠤᠨ ᠴᠠᠬᠢᠯᠭᠠᠨ ᠰᠲ᠋ᠠᠨ᠋ᠼᠢ ᠢᠢᠨ ᠠᠷᠪᠢᠨ ᠲᠤᠷᠰᠢᠯᠭ᠎ᠠ ᠢᠢ ᠮᠣᠩ᠋ᠭᠤᠯ ᠤᠯᠤᠰ ᠲᠤ ᠨᠡᠪᠲᠡᠷᠡᠭᠦᠯᠬᠦ᠂ ᠤᠯᠠᠮ ᠢᠶᠠᠷ ᠨᠣᠭᠤᠭᠠᠨ ᠰᠢᠯᠵᠢᠯᠲᠡ ᠢᠢ ᠳᠡᠮᠵᠢᠬᠦ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠪᠡᠶᠡᠯᠡᠭᠦᠯᠬᠦ ᠳᠥ ᠴᠢᠭᠯᠡᠭᠰᠡᠨ ᠤᠷᠲᠤ ᠬᠤᠭᠤᠴᠠᠭᠠᠨ ᠤ ᠲᠦᠩᠰᠢᠯᠡᠯ ᠢ ᠬᠥᠭ᠍ᠵᠢᠭᠦᠯᠬᠦ ᠳᠥ ᠴᠢᠬᠤᠯᠠ ᠠᠴᠢ ᠬᠣᠯᠪᠤᠭᠳᠠᠯᠲᠠᠢ ᠦᠢᠯᠡ ᠶᠠᠪᠤᠳᠠᠯ ᠪᠣᠯᠵᠤ ᠪᠠᠢᠢᠨ᠎ᠠ᠃

ᠪᠦᠰᠡ ᠨᠤᠲᠤᠭ ᠤᠨ ᠰᠡᠷᠭᠦᠭᠡᠭ᠍ᠳᠡᠬᠦ ᠡᠷᠴᠢᠮ ᠬᠦᠴᠦᠨ ᠦ ᠰᠠᠯᠪᠤᠷᠢ ᠳᠤ ᠲᠡᠷᠢᠭᠦᠯᠡᠭᠴᠢ ᠣᠷᠤᠨ ᠤ ᠪᠠᠢᠢᠷᠢ ᠰᠠᠭᠤᠷᠢ ᠪᠠᠨ ᠪᠠᠲᠤᠳᠬᠠᠵᠤ ᠪᠤᠢ ᠲ᠋ᠠᠵᠢᠻᠢᠰᠲ᠋ᠠᠨ ᠤᠯᠤᠰ ᠤᠨ ᠪᠣᠳᠤᠯᠭ᠎ᠠ᠂ ᠲᠤᠷᠰᠢᠯᠭ᠎ᠠ ᠢᠢ ᠮᠠᠨ ᠤ ᠤᠯᠤᠰ ᠥᠨᠳᠦᠷ ᠦᠨᠡᠯᠡᠨ᠂ ᠲᠤᠰ ᠰᠠᠯᠪᠤᠷᠢ ᠳ᠋ᠠᠬᠢ ᠴᠢᠨᠠᠭᠰᠢᠳᠠ ᠢᠢᠨ ᠬᠠᠮᠲᠤ ᠢᠢᠨ ᠠᠵᠢᠯᠯᠠᠭᠠᠨ ᠳᠤ ᠣᠨᠴᠤᠭᠤᠶ ᠠᠴᠢ ᠬᠣᠯᠪᠤᠭᠳᠠᠯ ᠥᠭᠴᠦ ᠪᠠᠢᠢᠨ᠎ᠠ᠃

ᠬᠣᠶᠠᠷ ᠤᠯᠤᠰ ᠤᠨ ᠠᠶᠠᠯᠠᠯ ᠵᠢᠭᠤᠯᠴᠢᠯᠠᠯ᠂ ᠰᠣᠶᠤᠯ᠂ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠴᠢᠬᠤᠯᠠ ᠢᠢ ᠣᠨᠴᠠᠯᠠᠵᠤ᠂ ᠠᠶᠠᠯᠠᠯ ᠵᠢᠭᠤᠯᠴᠢᠯᠠᠯ ᠢ ᠬᠥᠭ᠍ᠵᠢᠭᠦᠯᠬᠦ᠂ ᠦᠨᠳᠦᠰᠦᠨ ᠦ ᠪᠷᠧᠨ᠋ᠳ᠋ ᠢ ᠤᠶᠠᠯᠳᠤᠭᠤᠯᠤᠨ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ᠂ ᠮᠥᠨ ᠪᠣᠯᠪᠠᠰᠤᠷᠠᠯ᠂ ᠰᠣᠶᠤᠯ᠂ ᠰᠫᠣᠷᠲ ᠤᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠢᠷᠡᠭᠡᠳᠦᠶ ᠬᠣᠢᠢᠴᠢ ᠦᠶ᠎ᠡ ᠢᠢᠨ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠦᠭᠡ ᠬᠠᠮᠲᠤᠷᠠᠨ ᠠᠵᠢᠯᠯᠠᠬᠤ ᠢᠢᠨ ᠴᠢᠬᠤᠯᠠ ᠢᠢ ᠰᠠᠨᠠᠯ ᠨᠢᠭᠡ ᠲᠡᠢ ᠲᠡᠮᠳᠡᠭᠯᠡᠯ᠎ᠡ᠃

ᠠᠢᠢᠯᠴᠢᠯᠠᠯ ᠤᠨ ᠬᠦᠷᠢᠶᠡᠨ ᠳᠥ ᠴᠠᠬᠢᠮ ᠬᠥᠭ᠍ᠵᠢᠯ᠂ ᠮᠡᠳᠡᠭᠡᠯᠡᠯ ᠦᠨ ᠲᠧᠭᠨᠣᠯᠤᠭᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌ ᠲᠥ ᠭᠠᠷ ᠤᠨ ᠦᠰᠦᠭ ᠵᠢᠷᠤᠭᠰᠠᠨ ᠨᠢ ᠬᠠᠮᠲᠤ ᠢᠢᠨ ᠠᠵᠢᠯᠯᠠᠭᠠᠨ ᠤ ᠰᠢᠨ᠎ᠡ ᠴᠢᠭᠯᠡᠯ ᠢ ᠨᠡᠭᠡᠭᠡᠵᠦ᠂ ᠢᠷᠡᠭᠡᠳᠦᠶ ᠢᠢᠨ ᠬᠥᠭ᠍ᠵᠢᠯ ᠦᠨ ᠵᠠᠮ ᠢ ᠲᠣᠳᠤᠷᠬᠠᠢᠢᠯᠠᠬᠤ ᠴᠢᠬᠤᠯᠠ ᠠᠯᠬᠤᠮ ᠪᠣᠯᠤᠯ᠎ᠠ ᠭᠡᠵᠦ ᠦᠵᠡᠵᠦ ᠪᠠᠢᠢᠨ᠎ᠠ᠃

«ᠴᠢᠩᠬᠢᠰ ᠬᠠᠭᠠᠨ» ᠦᠨᠳᠦᠰᠦᠨ ᠦ ᠮᠦᠽᠧᠶ ᠪᠣᠯᠤᠨ ᠲ᠋ᠠᠵᠢᠻᠢᠰᠲ᠋ᠠᠨ ᠤᠯᠤᠰ ᠤᠨ ᠦᠨᠳᠦᠰᠦᠨ ᠦ ᠮᠦᠽᠧᠶ ᠰᠣᠶᠤᠯ ᠤᠨ ᠥᠪ ᠢ ᠰᠤᠳᠤᠯᠤᠨ ᠬᠠᠮᠠᠭᠠᠯᠠᠬᠤ᠂ ᠲᠦᠭᠡᠭᠡᠨ ᠳᠡᠯᠭᠡᠷᠡᠭᠦᠯᠬᠦ ᠬᠠᠮᠲᠤ ᠢᠢᠨ ᠠᠵᠢᠯᠯᠠᠭᠠᠨ ᠤ ᠦᠨᠳᠦᠰᠦ ᠢᠢ ᠲᠠᠯᠪᠢᠭᠰᠠᠨ ᠳᠤ ᠰᠡᠳᠬᠢᠯ ᠬᠠᠩ᠋ᠭᠠᠯᠤᠭᠤᠨ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ «ᠮᠣᠩ᠋ᠭᠤᠯ-ᠲ᠋ᠠᠵᠢᠻᠢᠰᠲ᠋ᠠᠨ ᠤ ᠰᠣᠶᠤᠯ ᠤᠨ ᠬᠠᠮᠲᠤᠷᠠᠭᠰᠠᠨ ᠲᠣᠭᠯᠠᠯᠲᠠ» ᠢᠢ ᠬᠣᠶᠠᠷ ᠤᠯᠤᠰ ᠤᠨ ᠲᠥᠷᠦ ᠢᠢᠨ ᠲᠡᠷᠢᠭᠦᠨ ᠦ ᠢᠪᠡᠭᠡᠯ ᠳᠣᠣᠷ᠎ᠠ ᠠᠮᠵᠢᠯᠲᠠ ᠲᠠᠢ ᠵᠣᠬᠢᠶᠠᠨ ᠪᠠᠢᠢᠭᠤᠯᠵᠤ᠂ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠠᠩᠬ᠎ᠠ ᠤᠳᠠᠭ᠎ᠠ ᠳ᠋ᠦᠱᠠᠨ᠋ᠪᠧ ᠬᠣᠲᠠᠨ᠎ᠠ ᠤᠷᠠᠨ ᠪᠦᠲᠦᠭᠡᠯ ᠢᠶᠡᠨ ᠲᠣᠯᠢᠯᠠᠭᠤᠯᠵᠤ᠂ ᠲᠠᠯ᠎ᠠ ᠨᠤᠲᠤᠭ ᠤᠨ ᠠᠶᠠᠯᠭᠤ ᠪᠠᠷ ᠠᠨᠳᠠ ᠨᠥᠬᠦᠳ ᠦᠨ ᠢᠶᠡᠨ ᠰᠣᠨᠤᠷ ᠢ ᠮᠢᠯᠢᠶᠠᠨ᠂ ᠰᠡᠳᠬᠢᠯ ᠬᠥᠳᠡᠯᠦᠮ ᠡ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠵᠦ ᠪᠠᠢᠢᠭ᠎ᠠ ᠳᠤ ᠰᠡᠳᠬᠢᠯ ᠥᠨᠳᠦᠷ ᠪᠠᠢᠢᠨ᠎ᠠ᠃

ᠮᠠᠨ ᠤ ᠬᠣᠶᠠᠷ ᠤᠯᠤᠰ ᠨᠢ᠊᠂ ᠦ᠊᠂ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠨ ᠪᠡᠶ᠎ᠡ ᠪᠡᠶ᠎ᠡ ᠪᠡᠨ ᠳᠡᠮᠵᠢᠨ᠂ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠪᠥᠭᠡᠳ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠬᠠᠷᠢᠯᠴᠠᠨ ᠨᠤᠲᠠᠯᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠ ᠪᠢᠳᠡ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠨᠣᠭᠤᠭᠠᠨ ᠬᠥᠭ᠍ᠵᠢᠯ ᠢ ᠳᠡᠮᠵᠢᠬᠦ ᠳᠥ ᠣᠨᠴᠤᠭᠤᠶ ᠠᠩᠬᠠᠷᠤᠯ ᠬᠠᠨᠳᠤᠭᠤᠯᠳᠠᠭ ᠤᠨ ᠬᠤᠪᠢ ᠳᠤ ᠮᠣᠩ᠋ᠭᠤᠯ ᠤᠯᠤᠰ ᠤᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ ᠲ᠋ᠠᠵᠢᠻᠢᠰᠲ᠋ᠠᠨ ᠤᠯᠤᠰ ᠤᠨ «ᠬᠣᠶᠠᠷ ᠲᠡᠷᠪᠤᠮ ᠰᠠᠭᠤᠯᠭᠠᠴᠠ» ᠬᠥᠲᠦᠯᠪᠦᠷᠢ ᠢᠢ ᠤᠶᠠᠯᠳᠤᠭᠤᠯᠤᠨ ᠨᠥᠬᠦᠨ ᠰᠡᠷᠭᠦᠭᠡᠯᠲᠡ᠂ ᠣᠢᠢᠵᠢᠭᠤᠯᠤᠯᠲᠠ ᠢᠢᠨ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠴᠢᠭᠯᠡᠯ ᠢᠶᠡᠷ ᠦᠷ᠎ᠡ ᠳ᠋ᠦᠩ ᠲᠡᠢ᠂ ᠪᠦᠲᠦᠭᠡᠯᠴᠢ ᠶᠠᠷᠢᠶ᠎ᠠ ᠬᠡᠯᠡᠯᠴᠡᠭᠡ ᠥᠷᠨᠢᠭᠦᠯᠦᠭᠰᠡᠨ ᠨᠢ ᠳᠡᠯᠡᠬᠡᠶ ᠢᠢᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠳᠤ ᠪᠣᠳᠠᠲᠤ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠲ᠋ᠠᠵᠢᠻᠢᠰᠲ᠋ᠠᠨ ᠤᠯᠤᠰ ᠨᠢ ᠮᠣᠩ᠋ᠭᠤᠯ ᠤᠯᠤᠰ ᠤᠨ ᠰᠠᠨᠠᠭᠠᠴᠢᠯᠠᠭᠰᠠᠨ «ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ» ᠤᠨ ᠭᠡᠰᠢᠭᠦᠨ ᠢᠶᠡᠷ ᠨᠢᠭᠡᠳᠦᠭᠰᠡᠨ ᠠᠩᠬᠠᠨ ᠤ ᠤᠯᠤᠰ ᠣᠷᠤᠨ ᠨᠤᠭᠤᠳ ᠤᠨ ᠨᠢᠭᠡ ᠪᠥᠭᠡᠳ ᠡᠨᠡ ᠬᠦ ᠴᠢᠬᠤᠯᠠ ᠰᠠᠨᠠᠭᠠᠴᠢᠯᠠᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠳᠥ ᠭᠦᠨ ᠲᠠᠯᠠᠷᠬᠠᠯ ᠢᠯᠡᠷᠬᠡᠢᠢᠯᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠪᠢᠳᠡᠨ ᠦ ᠶᠠᠷᠢᠶ᠎ᠠ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠬᠣᠶᠠᠷ ᠣᠷᠤᠨ ᠤ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠣᠷᠤᠭᠤᠯᠵᠤ ᠪᠤᠢ ᠬᠤᠪᠢ ᠨᠡᠮᠡᠷᠢ᠂ ᠭᠠᠪᠢᠶ᠎ᠠ ᠵᠢᠳᠬᠦᠯ ᠢ ᠮᠣᠩ᠋ᠭᠤᠯ ᠤᠯᠤᠰ ᠲᠠᠯᠠᠷᠬᠠᠨ ᠬᠦᠯᠢᠶᠡᠵᠦ ᠠᠪᠴᠤ᠂ ᠥᠨᠳᠦᠷ ᠢᠶᠡᠷ ᠦᠨᠡᠯᠡᠵᠦ ᠪᠠᠢᠢᠭ᠎ᠠ ᠢᠢ ᠬᠡᠯᠡᠬᠦ ᠢᠢ ᠬᠦᠰᠡᠵᠦ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠢ ᠢᠷᠡᠬᠦ ᠣᠨ ᠳᠤ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠢᠢ ᠤᠷᠢᠵᠤ ᠪᠠᠢᠢᠭ᠎ᠠ ᠪᠠᠨ ᠳᠠᠬᠢᠨ ᠨᠤᠲᠠᠯᠠᠵᠤ ᠪᠠᠢᠢᠨ᠎ᠠ᠃

ᠲ᠋ᠠᠵᠢᠻᠢᠰᠲ᠋ᠠᠨ ᠤ ᠠᠷᠠᠳ ᠲᠦᠮᠡᠨ ᠲᠠ ᠪᠦᠬᠦᠨ ᠳᠥ ᠮᠣᠩ᠋ᠭᠤᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠡᠷᠡᠭᠦᠯ ᠡᠩᠬᠡ᠂ ᠰᠠᠢᠢᠨ ᠰᠠᠢᠢᠬᠠᠨ ᠢ ᠬᠦᠰᠡᠨ ᠢᠷᠦᠭᠡᠶ ᠡ᠃

ᠮᠠᠨ ᠤ ᠬᠣᠶᠠᠷ ᠤᠯᠤᠰ ᠤᠨ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠴᠡᠴᠡᠭᠯᠡᠨ ᠬᠥᠭ᠍ᠵᠢᠬᠦ ᠪᠣᠯᠲᠤᠭᠠᠶ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠬᠠᠲᠤᠭᠲᠠᠶ ᠨᠣᠶᠠᠳ ᠡ᠂

ᠶᠠᠭᠤᠨ ᠤ ᠡᠮᠦᠨ᠎ᠡ ᠡᠷᠬᠢᠮ ᠬᠦᠨᠳᠦᠲᠦ ᠶᠡᠷᠦᠩᠬᠡᠢᠢᠯᠡᠭᠴᠢ᠂ ᠨᠣᠶᠠᠨ ᠤᠬᠤᠨ᠎ᠠ ᠢᠢᠨ ᠬᠦᠷᠡᠯᠰᠦ᠋ᠬᠡ ᠪᠣᠯᠤᠨ ᠨᠠᠢᠢᠷᠰᠠᠭ ᠮᠣᠩ᠋ᠭᠤᠯ ᠤᠨ ᠥᠨᠳᠦᠷ᠂ ᠳᠡᠭᠡᠳᠦ ᠬᠡᠮᠵᠢᠶᠡᠨ ᠦ ᠲᠥᠯᠦᠭᠡᠯᠡᠭᠴᠢᠳ ᠢ ᠲ᠋ᠠᠵᠢᠻᠢᠰᠲ᠋ᠠᠨ ᠳᠤ ᠲᠠᠪᠠ ᠲᠠᠢ ᠮᠣᠷᠢᠯᠠᠬᠤ ᠢᠢ ᠬᠦᠰᠡᠵᠦ ᠪᠠᠢᠢᠨ᠎ᠠ᠃

ᠮᠠᠨ ᠤ ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠬᠠᠷᠢᠯᠴᠠᠭ᠎ᠠ ᠪᠠᠨ ᠬᠥᠭ᠍ᠵᠢᠭᠦᠯᠬᠦ ᠠᠷᠭ᠎ᠠ ᠵᠠᠮ ᠢ ᠪᠠᠢᠢᠩ᠋ᠭᠤ ᠡᠷᠢᠯᠬᠢᠯᠡᠵᠦ ᠢᠷᠡᠭᠰᠡᠨ ᠪᠢᠯᠡ᠃

ᠪᠢᠳᠡ ᠲᠥᠷᠦ ᠢᠢᠨ ᠡᠨᠡ ᠠᠢᠢᠯᠴᠢᠯᠠᠯ ᠢ ᠴᠢᠨᠠᠭᠰᠢᠳᠠ ᠢᠢᠨ ᠬᠠᠮᠲᠤ ᠢᠢᠨ ᠠᠵᠢᠯᠯᠠᠭᠠᠨ ᠤ ᠪᠣᠳᠠᠲᠤ ᠦᠷᠭᠦᠯᠵᠢᠯᠡᠯ ᠭᠡᠳᠡᠭ ᠢ ᠲᠡᠮᠳᠡᠭᠯᠡᠵᠦ ᠪᠠᠢᠢᠨ᠎ᠠ᠃ ᠲ᠋ᠠᠵᠢᠻᠢᠰᠲ᠋ᠠᠨ᠂ ᠮᠣᠩ᠋ᠭᠤᠯ ᠤᠨ ᠶᠠᠷᠢᠶ᠎ᠠ ᠬᠡᠯᠡᠯᠴᠡᠭᠡ ᠨᠢ ᠨᠠᠢᠢᠷᠰᠠᠭ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠰᠢᠨ᠎ᠡ ᠲᠥᠪᠰᠢᠨ ᠳᠥ ᠭᠠᠷᠭᠠᠬᠤ ᠦᠨᠳᠦᠰᠦ ᠰᠠᠭᠤᠷᠢ ᠪᠣᠯᠵᠤ ᠪᠠᠢᠢᠨ᠎ᠠ᠃

ᠬᠣᠶᠠᠷ ᠤᠯᠤᠰ ᠤᠨ ᠬᠠᠷᠢᠯᠴᠠᠭ᠎ᠠ ᠬᠣᠯᠪᠤᠭ᠎ᠠ᠂ ᠶᠠᠷᠢᠶ᠎ᠠ ᠬᠡᠯᠡᠯᠴᠡᠭᠡ ᠪᠦᠬᠦ ᠱᠠᠲᠤᠨ ᠳᠤ ᠠᠵᠢᠯ ᠬᠡᠷᠡᠭ ᠪᠣᠯᠵᠤ ᠪᠠᠢᠢᠨ᠎ᠠ᠃ ᠪᠢᠳᠡ ᠡᠨᠡ ᠬᠠᠷᠢᠯᠴᠠᠭ᠎ᠠ ᠪᠠᠨ ᠥᠷᠭᠡᠵᠢᠭᠦᠯᠦᠨ ᠬᠥᠭ᠍ᠵᠢᠭᠦᠯᠵᠦ᠂ ᠪᠣᠳᠠᠲᠤ ᠦᠷ᠎ᠡ ᠳ᠋ᠦᠩ ᠭᠠᠷᠭᠠᠬᠤ ᠪᠣᠯᠤᠨ᠎ᠠ᠃

ᠪᠢᠳᠡ ᠥᠨᠦᠳᠦᠷ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠨᠦ ᠢᠢᠨ ᠪᠠᠢᠢᠳᠠᠯ ᠢ ᠳ᠋ᠦᠩᠨᠡᠵᠦ᠂ ᠬᠡᠲᠦ ᠢᠢᠨ ᠲᠥᠯᠦᠪ ᠢᠶᠡᠨ ᠲᠣᠳᠤᠷᠬᠠᠢᠢᠯᠠᠵᠤ᠂ ᠣᠯᠠᠨ ᠤᠯᠤᠰ ᠤᠨ ᠪᠣᠯᠤᠨ ᠪᠦᠰᠡ ᠨᠤᠲᠤᠭ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠬᠡᠯᠡᠯᠴᠡᠯ᠎ᠡ᠃

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠣᠳᠠᠲᠤ ᠦᠷ᠎ᠡ ᠳ᠋ᠦᠩ ᠳᠥ ᠬᠦᠷᠭᠡᠬᠦ᠂ ᠡᠷᠬᠡ ᠵᠦᠢ ᠢᠢᠨ ᠣᠷᠴᠢᠨ ᠢ ᠤᠯᠠᠮ ᠪᠡᠬᠢᠵᠢᠭᠦᠯᠬᠦ ᠳᠥ ᠴᠢᠭᠯᠡᠭᠰᠡᠨ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃

ᠭᠠᠭᠴᠠᠭᠠᠷᠴᠢᠯᠠᠭᠰᠠᠨ ᠠᠭᠤᠯᠵᠠᠯᠲᠠ ᠪᠣᠯᠤᠨ ᠠᠯᠪᠠᠨ ᠶᠣᠰᠤᠨ ᠤ ᠬᠡᠯᠡᠯᠴᠡᠭᠡᠨ ᠦ ᠦᠶ᠎ᠡ ᠪᠡᠷ ᠬᠠᠷᠢᠯᠴᠠᠭ᠎ᠠ ᠢᠢ ᠥᠨᠳᠦᠷ ᠲᠥᠪᠰᠢᠨ ᠳᠥ ᠪᠡᠬᠢᠵᠢᠭᠦᠯᠬᠦ ᠨᠢ ᠴᠢᠬᠤᠯᠠ ᠠᠴᠢ ᠬᠣᠯᠪᠤᠭᠳᠠᠯᠲᠠᠢ ᠭᠡᠳᠡᠭ ᠢ ᠣᠨᠴᠠᠯᠠᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠡᠨᠡ ᠠᠢᠢᠯᠴᠢᠯᠠᠯ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠷᠤᠭᠰᠢᠯᠠᠭᠤᠯᠬᠤ ᠳᠤ ᠵᠢᠩᠲᠡᠢ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠰᠢᠨ᠎ᠡ ᠪᠣᠯᠤᠮᠵᠢ ᠨᠤᠭᠤᠳ ᠨᠡᠭᠡᠭᠡᠭ᠍ᠳᠡᠯ᠎ᠡ᠃ ᠬᠤᠳᠠᠯᠳᠤᠭ᠎ᠠ᠂ ᠡᠳ᠋ ᠦᠨ ᠵᠠᠰᠠᠭ ᠤᠨ ᠲᠣᠭᠲᠠᠪᠤᠷᠢᠲᠠᠢ ᠥᠰᠦᠯᠲᠡ ᠢᠢ ᠬᠠᠳᠠᠭᠠᠯᠠᠬᠤ᠂ ᠶᠠᠷᠢᠯᠴᠠᠭᠰᠠᠨ ᠵᠦᠢᠯᠡᠰ ᠢ ᠪᠣᠳᠠᠲᠤ ᠠᠵᠢᠯ ᠬᠡᠷᠡᠭ ᠪᠣᠯᠭᠠᠬᠤ ᠨᠢ ᠵᠦᠢ ᠲᠡᠢ ᠭᠡᠵᠦ ᠦᠵᠡᠵᠦ ᠪᠠᠢᠢᠨ᠎ᠠ᠃

ᠬᠤᠳᠠᠯᠳᠤᠭ᠎ᠠ᠂ ᠡᠳ᠋ ᠦᠨ ᠵᠠᠰᠠᠭ᠂ ᠪᠣᠯᠪᠠᠰᠤᠷᠠᠯ᠂ ᠰᠣᠶᠤᠯ᠂ ᠬᠦᠮᠦᠨᠯᠢᠭ᠂ ᠪᠤᠰᠤᠳ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠨ ᠡᠷᠴᠢᠮᠵᠢᠭᠦᠯᠬᠦ ᠨᠢ ᠬᠠᠮᠤᠭ ᠤᠨ ᠵᠥᠪ ᠭᠡᠵᠦ ᠦᠵᠡᠵᠦ ᠪᠠᠢᠢᠨ᠎ᠠ᠃ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ᠂ ᠫᠠᠷᠯᠠᠮᠧᠨ᠋ᠲ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠨᠢ ᠴᠢᠬᠤᠯᠠ ᠪᠠᠢᠢᠨ᠎ᠠ᠃

ᠶᠠᠷᠢᠶ᠎ᠠ ᠬᠡᠯᠡᠯᠴᠡᠭᠡᠨ ᠦ ᠦᠶ᠎ᠡ ᠪᠡᠷ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠴᠢᠬᠤᠯᠠᠴᠢᠯᠠᠵᠤ ᠶᠠᠷᠢᠯᠴᠠᠯ᠎ᠠ᠃ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠠᠵᠢᠯ ᠢ ᠡᠷᠴᠢᠮᠵᠢᠭᠦᠯᠬᠦ ᠱᠠᠭᠠᠷᠳᠠᠯᠭ᠎ᠠ ᠲᠠᠢ ᠭᠡᠳᠡᠭ ᠲᠥ ᠰᠠᠨᠠᠯ ᠨᠢᠭᠡᠳᠦᠯ᠎ᠡ᠃

ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠵᠦ᠂ ᠦᠷ᠎ᠡ ᠳ᠋ᠦᠩ ᠳᠥ ᠬᠦᠷᠬᠦ ᠨᠢ ᠴᠢᠬᠤᠯᠠ ᠠᠴᠢ ᠬᠣᠯᠪᠤᠭᠳᠠᠯ ᠲᠠᠢ ᠢᠢ ᠣᠨᠴᠠᠯᠠᠨ ᠲᠡᠮᠳᠡᠭᠯᠡᠯ᠎ᠡ᠃

ᠮᠥᠨ ᠪᠢᠳᠡ ᠨᠥᠭᠡᠴᠡ ᠪᠣᠯᠤᠮᠵᠢ ᠪᠠᠨ ᠠᠰᠢᠭᠯᠠᠨ᠂ ᠡᠳ᠋ ᠦᠨ ᠵᠠᠰᠠᠭ ᠤᠨ ᠥᠷᠢᠰᠦᠯᠳᠦᠬᠦ ᠴᠢᠳᠠᠪᠤᠷᠢ ᠢᠢ ᠨᠡᠮᠡᠭᠳᠡᠭᠦᠯᠬᠦ ᠴᠢᠭᠯᠡᠯ ᠢᠶᠡᠷ ᠠᠵᠢᠯᠯᠠᠬᠤ ᠪᠠᠷ ᠲᠣᠬᠢᠷᠠᠯᠴᠠᠯ᠎ᠠ᠃ ᠪᠢᠳᠡ ᠬᠥᠷᠦᠩ᠋ᠭᠡ ᠣᠷᠤᠭᠤᠯᠤᠯᠲᠠ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠪᠠᠢᠢᠭ᠎ᠠ ᠢᠢ ᠬᠠᠷᠢᠯᠴᠠᠨ ᠨᠤᠲᠠᠯᠠᠯ᠎ᠠ᠃ ᠲᠥᠰᠦᠯ᠂ ᠬᠥᠲᠦᠯᠪᠦᠷᠢ ᠪᠣᠯᠪᠠᠰᠤᠷᠠᠭᠤᠯᠵᠤ᠂ ᠣᠢᠢᠷ᠎ᠠ ᠢᠢᠨ ᠬᠤᠭᠤᠴᠠᠭᠠᠨ ᠳᠤ ᠬᠡᠷᠡᠭᠵᠢᠭᠦᠯᠬᠦ ᠪᠡᠷ ᠪᠣᠯᠤᠯ᠎ᠠ᠃

ᠮᠠᠨ ᠤ ᠤᠯᠤᠰ ᠪᠠᠢᠢᠭᠠᠯᠢ ᠢᠢᠨ ᠨᠥᠭᠡᠴᠡ ᠪᠠᠶᠠᠯᠢᠭ ᠢ ᠠᠰᠢᠭᠯᠠᠬᠤ ᠰᠠᠭᠤᠷᠢ ᠰᠤᠳᠤᠯᠭᠠᠨ ᠤ ᠠᠵᠢᠯ ᠬᠢᠬᠦ ᠰᠠᠨᠠᠯ ᠳᠡᠪᠰᠢᠭᠦᠯᠵᠦ᠂ ᠡᠨᠡ ᠴᠢᠭᠯᠡᠯ ᠢᠶᠡᠷ ᠬᠠᠮᠲᠤᠷᠠᠬᠤ ᠪᠠᠷ ᠲᠣᠬᠢᠷᠠᠯ᠎ᠠ᠃

ᠪᠣᠯᠪᠠᠰᠤᠷᠠᠭᠤᠯᠬᠤ ᠦᠢᠯᠡᠳᠪᠦᠷᠢ᠂ ᠬᠦᠨᠡᠰᠦ᠂ ᠬᠥᠩ᠋ᠭᠡᠨ ᠦᠢᠯᠡᠳᠪᠦᠷᠢ᠂ ᠬᠥᠳᠡᠭᠡ ᠠᠵᠤ ᠠᠬᠤᠶ᠂ ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠪᠠᠢᠢᠨ᠎ᠠ᠃ ᠪᠢᠽᠢᠨᠧᠰ ᠦᠨ ᠲᠠᠭᠠᠲᠠᠢ ᠣᠷᠴᠢᠨ ᠪᠦᠷᠢᠳᠦᠭᠦᠯᠬᠦ ᠵᠣᠷᠢᠯᠭ᠎ᠠ ᠪᠠᠷ ᠠᠯᠢᠪᠠ ᠰᠢᠨ᠎ᠡ ᠰᠠᠨᠠᠯ᠂ ᠰᠠᠨᠠᠭᠠᠴᠢᠯᠠᠭ᠎ᠠ ᠢᠢ ᠳᠡᠮᠵᠢᠬᠦ ᠪᠡᠷ ᠪᠣᠯᠤᠯ᠎ᠠ᠃

ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠠᠩᠬᠠᠨ ᠤ ᠪᠢᠽᠢᠨᠧᠰ ᠹᠣᠷᠦᠢᠮ ᠵᠣᠬᠢᠶᠠᠵᠤ ᠪᠠᠢᠢᠭ᠎ᠠ ᠳᠤ ᠪᠠᠶᠠᠷ ᠲᠠᠢ ᠪᠠᠢᠢᠨ᠎ᠠ᠃ ᠡᠢᠢᠮᠦ ᠠᠷᠭ᠎ᠠ ᠬᠡᠮᠵᠢᠶ᠎ᠡ ᠢᠢ ᠲᠣᠭᠲᠠᠮᠠᠯ ᠵᠣᠬᠢᠶᠠᠬᠤ ᠨᠢ ᠪᠢᠽᠢᠨᠧᠰ ᠡᠷᠬᠢᠯᠡᠭᠴᠢᠳ ᠢ ᠬᠠᠷᠢᠯᠴᠠᠭ᠎ᠠ ᠬᠣᠯᠪᠤᠭ᠎ᠠ ᠲᠣᠭᠲᠠᠭᠠᠬᠤ ᠳᠤ ᠴᠢᠬᠤᠯᠠ ᠡᠭᠦᠷᠭᠡ ᠭᠦᠢᠴᠡᠳᠬᠡᠨ᠎ᠡ ᠭᠡᠵᠦ ᠦᠵᠡᠵᠦ ᠪᠠᠢᠢᠨ᠎ᠠ᠃

ᠥᠨᠦᠳᠦᠷ ᠦᠨ ᠶᠠᠷᠢᠶ᠎ᠠ ᠬᠡᠯᠡᠯᠴᠡᠭᠡᠨ ᠦ ᠦᠶ᠎ᠡ ᠪᠡᠷ ᠠᠶᠠᠯᠠᠯ ᠵᠢᠭᠤᠯᠴᠢᠯᠠᠯ᠂ ᠰᠣᠶᠤᠯ᠂ ᠬᠦᠮᠦᠨᠯᠢᠭ ᠦᠨ ᠰᠠᠯᠪᠤᠷᠢ ᠢᠢᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠡᠨ ᠨᠤᠲᠠᠯᠠᠯ᠎ᠠ᠃

ᠰᠣᠶᠤᠯ ᠢᠢᠨ ᠥᠪ ᠢ ᠬᠠᠮᠠᠭᠠᠯᠠᠬᠤ ᠠᠵᠢᠯ ᠢ ᠡᠷᠴᠢᠮᠵᠢᠭᠦᠯᠬᠦ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠵᠠᠯᠠᠭᠤᠴᠤᠳ᠂ ᠰᠫᠣᠷᠲ ᠤᠨ ᠴᠢᠭᠯᠡᠯ ᠢᠶᠡᠷ ᠰᠠᠨᠠᠯ ᠰᠣᠯᠢᠯᠴᠠᠵᠤ᠂ ᠬᠣᠯᠪᠤᠭᠳᠠᠬᠤ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠮᠠᠨ ᠤ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠨ ᠰᠣᠶᠤᠯ ᠤᠨ ᠡᠳᠦᠷ ᠦᠳ ᠢ ᠨᠡᠢᠢᠰᠯᠡᠯ ᠬᠣᠲᠠ ᠳᠤ ᠮᠠᠨᠢ ᠵᠣᠬᠢᠶᠠᠨ ᠪᠠᠢᠢᠭᠤᠯᠵᠤ ᠪᠠᠢᠢᠭ᠎ᠠ ᠳᠤ ᠲᠠᠯᠠᠷᠬᠠᠵᠤ ᠪᠠᠢᠢᠨ᠎ᠠ᠃

ᠪᠢᠳᠡ ᠮᠥᠨ ᠣᠯᠠᠨ ᠤᠯᠤᠰ᠂ ᠪᠦᠰᠡ ᠨᠤᠲᠤᠭ ᠤᠨ ᠠᠶᠤᠯ ᠦᠭᠡᠢ᠂ ᠲᠣᠭᠲᠠᠪᠤᠷᠢᠲᠠᠢ ᠪᠠᠢᠢᠳᠠᠯ ᠤᠨ ᠲᠠᠯ᠎ᠠ ᠪᠠᠷ ᠶᠠᠷᠢᠯᠴᠠᠯ᠎ᠠ᠃ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠣᠷᠴᠢᠨ ᠳᠤ ᠦᠵᠡᠭᠦᠯᠬᠦ ᠰᠥᠷᠭᠦ ᠨᠥᠯᠦᠭᠡᠯᠡᠯ ᠢ ᠪᠠᠭᠤᠷᠠᠭᠤᠯᠬᠤ ᠴᠢᠭᠯᠡᠯ ᠢᠶᠡᠷ ᠬᠠᠮᠲᠤ ᠢᠢᠨ ᠬᠦᠴᠦᠨ ᠴᠢᠷᠮᠠᠢᠢᠯᠲᠠ ᠭᠠᠷᠭᠠᠨ᠂ ᠬᠤᠪᠢ ᠨᠡᠮᠡᠷᠢ ᠪᠡᠨ ᠣᠷᠤᠭᠤᠯᠬᠤ ᠪᠠᠷ ᠲᠣᠬᠢᠷᠠᠯᠴᠠᠯ᠎ᠠ᠃

ᠪᠢᠳᠡ ᠣᠯᠠᠨ ᠤᠯᠤᠰ᠂ ᠪᠦᠰᠡ ᠨᠤᠲᠤᠭ ᠤᠨ ᠲᠥᠪᠰᠢᠨ ᠳᠥ ᠪᠡᠶ᠎ᠡ ᠪᠡᠶ᠎ᠡ ᠪᠡᠨ ᠬᠠᠷᠢᠯᠴᠠᠨ ᠳᠡᠮᠵᠢᠵᠦ ᠢᠷᠡᠭᠰᠡᠨ᠃ ᠨᠢ᠊᠂ ᠦ᠊᠂ ᠪᠠᠢᠢᠭᠤᠯᠤᠯᠭ᠎ᠠ᠂ ᠲᠡᠭᠦᠨ ᠦ ᠲᠥᠷᠦᠯᠵᠢᠭᠰᠡᠨ ᠪᠠᠢᠢᠭᠤᠯᠤᠯᠭ᠎ᠠ ᠨᠤᠭᠤᠳ᠂ ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠠᠨ ᠦᠷᠭᠦᠯᠵᠢᠯᠡᠭᠦᠯᠬᠦ ᠪᠡᠨ ᠬᠠᠷᠢᠯᠴᠠᠨ ᠨᠤᠲᠠᠯᠠᠯ᠎ᠠ᠃

ᠡᠨᠡ ᠤᠳᠠᠭ᠎ᠠ ᠢᠢᠨ ᠠᠢᠢᠯᠴᠢᠯᠠᠯ ᠬᠠᠮᠲᠤ ᠢᠢᠨ ᠠᠵᠢᠯᠯᠠᠭᠠᠨ ᠳᠤ ᠡᠶᠡᠷᠭᠦ ᠨᠥᠯᠦᠭᠡ ᠦᠵᠡᠭᠦᠯᠵᠦ᠂ ᠪᠣᠳᠠᠲᠤ ᠦᠷ᠎ᠡ ᠳ᠋ᠦᠩ ᠠᠪᠴᠢᠷᠠᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠ ᠨᠠᠮᠠᠢᠢ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠢᠢ ᠤᠷᠢᠭᠰᠠᠨ ᠳᠤ ᠲᠠᠯᠠᠷᠬᠠᠯ ᠢᠯᠡᠷᠬᠡᠢᠢᠯᠡᠶ ᠡ᠃ ᠪᠢ ᠮᠣᠩ᠋ᠭᠤᠯ ᠤᠯᠤᠰ ᠲᠤ ᠠᠢᠢᠯᠴᠢᠯᠠᠬᠤ ᠪᠣᠯᠤᠨ᠎ᠠ᠃

ᠪᠢ 2009 ᠣᠨ ᠳᠤ ᠬᠣᠶᠠᠷ ᠡᠳᠦᠷ ᠦᠨ ᠠᠢᠢᠯᠴᠢᠯᠠᠯ ᠬᠢᠵᠦ ᠪᠠᠢᠢᠭᠰᠠᠨ᠃ ᠥᠷᠭᠡᠨ ᠠᠭᠤᠳᠠᠮ ᠭᠠᠵᠠᠷ ᠨᠤᠲᠤᠭ ᠲᠠᠢ ᠮᠣᠩ᠋ᠭᠤᠯ ᠣᠷᠤᠨ ᠮᠢᠨᠦ ᠠᠢᠢᠯᠴᠢᠯᠠᠬᠤ ᠰᠣᠨᠢᠷᠬᠠᠯ ᠢ ᠶᠡᠬᠡ ᠲᠥᠷᠦᠭᠦᠯᠵᠦ ᠪᠠᠢᠢᠨ᠎ᠠ᠃

ᠪᠢᠳᠡ ᠮᠣᠩ᠋ᠭᠤᠯ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠠᠨ ᠪᠦᠬᠦ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠣᠨᠴᠤᠭᠤᠶ ᠬᠦᠰᠡᠯ ᠡᠷᠡᠮᠡᠯᠵᠡᠯ ᠲᠡᠢ ᠪᠠᠢᠢᠨ᠎ᠠ᠃

ᠬᠣᠶᠠᠷ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠨᠢ ᠬᠠᠮᠲᠤ ᠢᠢᠨ ᠠᠵᠢᠯᠯᠠᠭᠠᠨ ᠤ ᠵᠠᠮ ᠤᠨ ᠵᠢᠷᠤᠭᠯᠠᠯ ᠢ ᠭᠠᠷᠭᠠᠬᠤ ᠶᠣᠰᠤ ᠲᠠᠢ ᠭᠡᠵᠦ ᠦᠵᠡᠵᠦ ᠪᠠᠢᠢᠨ᠎ᠠ᠃ ᠲᠠᠨ ᠤ ᠭᠠᠷᠭᠠᠭᠰᠠᠨ ᠪᠦᠬᠦ ᠰᠠᠨᠠᠯ ᠢ ᠪᠢᠳᠡ ᠳᠡᠮᠵᠢᠵᠦ ᠪᠠᠢᠢᠨ᠎ᠠ᠃

ᠮᠠᠨ ᠤ ᠨᠠᠷᠠᠯᠢᠭ ᠰᠠᠢᠢᠬᠠᠨ ᠣᠷᠤᠨ ᠳᠤ ᠲᠠᠪᠠ ᠲᠠᠢ ᠮᠣᠷᠢᠯᠠᠨ᠎ᠠ ᠤᠤ᠃ ᠮᠠᠨ ᠤ ᠠᠷᠠᠳ ᠲᠦᠮᠡᠨ ᠲᠠ ᠪᠦᠬᠦᠨ ᠢ ᠠᠢᠢᠯᠴᠢᠯᠠᠬᠤ ᠪᠠᠷ ᠬᠦᠷᠦᠯᠴᠡᠨ ᠢᠷᠡᠭᠰᠡᠨ ᠳᠥ ᠲᠤᠢᠢᠯ ᠤᠨ ᠶᠡᠬᠡ ᠪᠠᠶᠠᠷ ᠲᠠᠢ ᠪᠠᠢᠢᠭ᠎ᠠ ᠢᠢ ᠤᠯᠠᠮᠵᠢᠯᠠᠶ ᠠ᠃

ᠪᠤᠷᠬᠠᠨ ᠤ ᠢᠪᠡᠭᠡᠯ ᠢᠶᠡᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠮᠠᠨᠢ ᠪᠣᠳᠠᠲᠤ ᠦᠷ᠎ᠡ ᠳ᠋ᠦᠩ ᠠᠪᠴᠢᠷᠠᠭᠠᠰᠠᠶ ᠭᠡᠵᠦ ᠬᠦᠰᠡᠵᠦ ᠪᠠᠢᠢᠨ᠎ᠠ᠃

ᠲᠠ ᠪᠦᠬᠦᠨ ᠳᠥ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ ᠬᠦᠰᠡᠶ ᠡ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃