ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠢᠶᠠᠨ᠋ᠵᠢᠨ ᠬᠣᠲᠠᠨ᠎ᠠ 2025 ᠣᠨ ᠤ 08 ᠳ᠋ᠤᠭᠠᠷ ᠰᠠᠷ᠎ᠠ ᠢᠢᠨ 31 ᠦ ᠡᠳᠦᠷ ᠡᠴᠡ 09 ᠊ᠳ᠋ᠦᠭᠡᠷ ᠰᠠᠷ᠎ᠠ ᠢᠢᠨ 01 ᠦ ᠡᠳᠦᠷ ᠦᠳ ᠲᠥ ᠪᠣᠯᠬᠤ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ (ᠱᠠ᠊᠂ ᠬᠠ᠊᠂ ᠠ᠊᠂ ᠪᠠᠢᠢ᠊᠂) ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠳᠤ ᠠᠵᠢᠭᠯᠠᠭᠴᠢ ᠪᠠᠷ ᠣᠷᠤᠯᠴᠠᠨ᠎ᠠ᠃
ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠳᠤ ᠣᠷᠤᠯᠴᠠᠬᠤ ᠦᠶ᠎ᠡ ᠪᠡᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠮᠣᠩ᠋ᠭᠤᠯ ᠤᠯᠤᠰ᠂ ᠱᠠ᠊᠂ ᠬᠠ᠊᠂ ᠠ᠊᠂ ᠪᠠᠢᠢᠭᠤᠯᠤᠯᠭ᠋ ᠠ ᠬᠣᠭᠤᠷᠤᠨᠳᠤ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠮᠠᠨ ᠤ ᠤᠯᠤᠰ ᠤᠨ ᠪᠠᠷᠢᠮᠲᠠᠯᠠᠵᠤ ᠪᠤᠢ ᠪᠠᠢᠢᠷᠢ ᠰᠠᠭᠤᠷᠢ ᠢᠢ ᠲᠠᠨᠢᠯᠴᠠᠭᠤᠯᠤᠨ ᠦᠭᠡ ᠬᠡᠯᠡᠵᠦ᠂ ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠭᠡᠰᠢᠭᠦᠨ ᠪᠣᠯᠤᠨ ᠶᠠᠷᠢᠶ᠎ᠠ ᠬᠡᠯᠡᠯᠴᠡᠭᠡᠨ ᠦ ᠲᠦᠩᠰᠢ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠲᠠᠢ ᠠᠭᠤᠯᠵᠠᠵᠤ᠂ ᠬᠣᠶᠠᠷ ᠲᠠᠯ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠬᠤ ᠪᠠᠷ ᠲᠥᠯᠦᠪᠯᠡᠵᠦ ᠪᠠᠢᠢᠭ᠎ᠠ ᠶᠤᠮ᠃
ᠡᠭᠦᠨ ᠡᠴᠡ ᠭᠠᠳᠠᠨ᠎ᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠠᠵᠢᠯᠯᠠᠬᠤ ᠦᠶ᠎ᠡ ᠪᠡᠷ ᠢᠶᠡᠨ ᠮᠣᠩ᠋ᠭᠤᠯ ᠤᠯᠤᠰ᠂ ᠣ᠊᠂ ᠬᠣ᠊᠂ ᠤᠯᠤᠰ᠂ ᠪᠦ᠊᠂ ᠨᠠᠢᠢ᠊᠂ ᠬᠢ᠊᠂ ᠠ᠊᠂ ᠤᠯᠤᠰ ᠤᠨ ᠲᠥᠷᠦ ᠢᠢᠨ ᠲᠡᠷᠢᠭᠦᠨ ᠨᠠᠷ ᠤᠨ ᠭᠤᠷᠪᠠᠨ ᠲᠠᠯᠠᠲᠤ ᠡᠭᠡᠯᠵᠢᠲᠦ ᠠᠭᠤᠯᠵᠠᠯᠲᠠ ᠳᠤ ᠣᠷᠤᠯᠴᠠᠬᠤ ᠪᠠᠷ ᠲᠥᠯᠦᠪᠯᠡᠵᠦ ᠪᠠᠢᠢᠨ᠎ᠠ᠃