ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠶ ᠯᠤᠪᠰᠠᠩᠳᠣᠷᠵᠢ ᠢᠢᠨ ᠪᠣᠯᠤᠷᠴᠡᠴᠡᠭ᠌ ᠦᠨ ᠬᠠᠮᠲᠤ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ (ᠱᠠ᠊᠂ ᠬᠠ᠊᠂ ᠠ᠊᠂ ᠪᠠᠢᠢ᠊᠂) ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠳᠤ ᠣᠷᠤᠯᠴᠠᠬᠤ ᠪᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ (ᠪᠦ᠊᠂ ᠨᠠᠢᠢ᠊᠂ ᠬᠢ᠊᠂ ᠠ᠊᠂ ᠤᠯᠤᠰ) ᠤᠨ ᠲᠢᠶᠠᠨ᠋ᠵᠢᠨ ᠬᠣᠲᠠᠨ᠎ᠠ ᠬᠦᠷᠦᠯᠴᠡᠨ ᠢᠷᠡᠯ᠎ᠡ᠃


ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌ ᠨᠠᠷ ᠢ ᠲᠢᠶᠠᠨ᠋ᠵᠢᠨ ᠬᠣᠲᠠ ᠢᠢᠨ «ᠪᠢᠨ᠋ᠾᠠᠶ» ᠣᠯᠠᠨ ᠤᠯᠤᠰ ᠤᠨ ᠨᠢᠰᠬᠦ ᠣᠩ᠋ᠭᠤᠴᠠᠨ ᠤ ᠪᠠᠭᠤᠳᠠᠯ ᠳᠤ ᠬᠦᠷᠦᠯᠴᠡᠨ ᠢᠷᠡᠬᠦ ᠳᠥ ᠪᠦ᠊᠂ ᠨᠠᠢᠢ᠊᠂ ᠬᠢ᠊᠂ ᠠ᠊᠂ ᠤᠯᠤᠰ ᠤᠨ ᠠᠷᠠᠳ ᠤᠨ ᠪᠠᠩᠬᠢᠨ ᠤ ᠶᠡᠷᠦᠩᠬᠡᠢᠢᠯᠡᠭᠴᠢ ᠫᠠᠩ ᠭᠦᠨ᠋ᠱᠥ᠋ᠩ᠂ ᠲᠢᠶᠠᠨ᠋ᠵᠢᠨ ᠬᠣᠲᠠ ᠢᠢᠨ ᠤᠯᠤᠰ ᠲᠥᠷᠦ ᠢᠢᠨ ᠵᠥᠪᠯᠡᠯ ᠦᠨ ᠳᠠᠷᠤᠭ᠎ᠠ ᠸᠠᠩ ᠴᠠᠨ᠋ᠰᠦ᠋ᠨ᠂ ᠪᠦ᠊᠂ ᠨᠠᠢᠢ᠊᠂ ᠬᠢ᠊᠂ ᠠ᠊᠂ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠱᠧᠩ ᠮᠢᠨ᠋ᠵᠶᠤᠸᠠᠨ᠂ ᠮᠣᠩ᠋ᠭᠤᠯ ᠤᠯᠤᠰ ᠠᠴᠠ ᠪᠦ᠊᠂ ᠨᠠᠢᠢ᠊᠂ ᠬᠢ᠊᠂ ᠠ᠊᠂ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨ·ᠡᠩᠬᠡᠪᠣᠯᠤᠳ ᠪᠣᠯᠤᠨ ᠠᠯᠪᠠᠨ ᠤ ᠪᠤᠰᠤᠳ ᠲᠥᠯᠦᠭᠡᠯᠡᠭᠴᠢ ᠤᠭᠲᠤᠪᠠ᠃


ᠶᠡᠷᠦᠩᠬᠡᠢᠢᠯᠡᠭᠴᠢ ᠤ·ᠬᠦᠷᠡᠯᠰᠦ᠋ᠬᠡ ᠪᠦ᠊᠂ ᠨᠠᠢᠢ᠊᠂ ᠬᠢ᠊᠂ ᠠ᠊᠂ ᠤᠯᠤᠰ ᠲᠤ ᠠᠵᠢᠯᠯᠠᠬᠤ ᠦᠶ᠎ᠡ ᠪᠡᠷ ᠢᠶᠡᠨ ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠳᠤ ᠣᠷᠤᠯᠴᠠᠵᠤ᠂ ᠦᠭᠡ ᠬᠡᠯᠡᠨ᠎ᠡ᠃
ᠮᠥᠨ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠲᠡᠶ ᠬᠣᠶᠠᠷ ᠲᠠᠯ᠎ᠠ ᠢᠢᠨ ᠠᠭᠤᠯᠵᠠᠯᠲᠠ ᠬᠢᠵᠦ᠂ ᠮᠣᠩ᠋ᠭᠤᠯ᠂ ᠣᠷᠤᠰ᠂ ᠬᠢᠲᠠᠳ ᠤᠨ ᠲᠥᠷᠦ ᠢᠢᠨ ᠲᠡᠷᠢᠭᠦᠨ ᠨᠠᠷ ᠤᠨ ᠭᠤᠷᠪᠠᠨ ᠲᠠᠯᠠᠲᠤ VII ᠠᠭᠤᠯᠵᠠᠯᠲᠠ ᠳᠤ ᠣᠷᠤᠯᠴᠠᠬᠤ ᠪᠠᠷ ᠲᠥᠯᠦᠪᠯᠡᠵᠦ ᠪᠠᠢᠢᠨ᠎ᠠ᠃
