Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ  ᠢᠢᠨ ᠳᠡᠭᠡᠳᠦ ᠲᠥᠪᠰᠢᠨ ᠦ ᠠᠭᠤᠯᠵᠠᠯᠲᠠ ᠳᠤ ᠠᠵᠢᠭᠯᠠᠭᠴᠢ ᠪᠠᠷ ᠣᠷᠤᠯᠴᠠᠵᠤ᠂ ᠦᠭᠡ ᠬᠡᠯᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠢᠶᠠᠨ᠋ᠵᠢᠨ ᠬᠣᠲᠠᠨ᠎ᠠ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ (ᠱᠠ᠊᠂ ᠬᠠ᠊᠂ ᠠ᠊᠂ ᠪᠠᠢᠢ᠊᠂) ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠳᠤ ᠠᠵᠢᠭᠯᠠᠭᠴᠢ ᠪᠠᠷ ᠣᠷᠤᠯᠴᠠᠵᠤ᠂ ᠦᠭᠡ ᠬᠡᠯᠡᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠬᠡᠯᠡᠭᠰᠡᠨ ᠦᠭᠡᠨ ᠳᠥ ᠪᠡᠨ᠂ ᠪᠦᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ ᠳᠥ ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠭᠦᠢᠴᠡᠳᠬᠡᠵᠦ ᠪᠤᠢ ᠡᠭᠦᠷᠭᠡ ᠢᠢ ᠣᠨᠴᠠᠯᠠᠨ ᠲᠡᠮᠳᠡᠭᠯᠡᠵᠦ᠂ ᠮᠣᠩ᠋ᠭᠤᠯ ᠤᠯᠤᠰ ᠡᠩᠬᠡ ᠢᠢ ᠡᠷᠬᠢᠮᠯᠡᠭᠰᠡᠨ᠂ ᠣᠯᠠᠨ ᠲᠤᠯᠭᠠᠭᠤᠷᠢᠲᠤ᠂ ᠪᠡᠶ᠎ᠡ ᠳᠠᠭᠠᠭᠠᠭᠰᠠᠨ ᠭᠠᠳᠠᠭᠠᠳᠤ ᠪᠣᠳᠤᠯᠭ᠎ᠠ ᠪᠠᠨ ᠲᠤᠭᠤᠰᠢᠲᠠᠢ ᠬᠡᠷᠡᠭᠵᠢᠭᠦᠯᠵᠦ ᠢᠷᠡᠭᠰᠡᠨ ᠢ ᠳᠤᠷᠠᠳᠪᠠ᠃

ᠮᠥᠨ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠠᠢᠢᠭᠠᠯᠢ ᠢᠢᠨ ᠭᠠᠮᠰᠢᠭ ᠤᠨ ᠡᠷᠦᠰᠳᠡᠯ ᠢ ᠪᠠᠭᠤᠷᠠᠭᠤᠯᠬᠤ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠴᠢᠬᠤᠯᠠ ᠢᠢ ᠣᠨᠴᠠᠯᠠᠵᠤ᠂ «ᠲᠡᠷᠪᠤᠮ ᠮᠣᠳᠤ»᠂ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠵᠡᠷᠭᠡ ᠦᠨᠳᠦᠰᠦᠨ ᠦ ᠬᠥᠳᠡᠯᠭᠡᠭᠡᠨ ᠢ ᠲᠠᠨᠢᠯᠴᠠᠭᠤᠯᠤᠨ᠂ 2026 ᠣᠨ ᠳᠤ ᠤᠯᠠᠭᠠᠨᠪᠠᠭᠠᠲᠤᠷ ᠲᠤ ᠨᠢ᠊᠂ ᠦ᠊᠂ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ᠎ᠠ ᠨᠤᠭᠤᠳ ᠤᠨ ᠪᠠᠭ᠎ᠠ ᠬᠤᠷᠠᠯ (COP-17) ᠢ ᠵᠣᠬᠢᠶᠠᠨ ᠪᠠᠢᠢᠭᠤᠯᠬᠤ ᠪᠠᠷ ᠠᠵᠢᠯᠯᠠᠵᠤ ᠪᠠᠢᠢᠭ᠎ᠠ ᠢᠢ ᠲᠡᠮᠳᠡᠭᠯᠡᠯ᠎ᠡ᠃

ᠮᠣᠩ᠋ᠭᠤᠯ ᠤᠯᠤᠰ ᠪᠦᠰᠡ ᠨᠤᠲᠤᠭ ᠤᠨ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ᠂ ᠲᠡᠭᠡᠭᠡᠪᠦᠷᠢ ᠯᠣᠵᠢᠰᠲ᠋ᠢᠭ᠋ ᠤᠨ ᠴᠢᠬᠤᠯᠠ ᠵᠠᠩ᠋ᠭᠢᠯᠠᠭ᠎ᠠ ᠪᠣᠯᠬᠤ «ᠲᠷᠠᠨ᠋ᠽᠢᠲ᠋ ᠮᠣᠩ᠋ᠭᠤᠯ» ᠵᠣᠷᠢᠯᠲᠠ ᠢᠢ ᠳᠡᠪᠰᠢᠭᠦᠯᠵᠦ᠂ ᠣ᠊᠂ ᠬᠣ᠊᠂ ᠤᠯᠤᠰ᠂ ᠪᠦ᠊᠂ ᠨᠠᠢᠢ᠊᠂ ᠬᠢ᠊᠂ ᠠ᠊᠂ ᠤᠯᠤᠰ ᠲᠠᠢ ᠬᠠᠮᠲᠤᠷᠠᠨ ᠠᠦ᠋ᠲ᠋ᠣ᠋ ᠪᠣᠯᠤᠨ ᠲᠡᠮᠦᠷ ᠵᠠᠮ᠂ ᠡᠷᠴᠢᠮ ᠬᠦᠴᠦ᠂ ᠠᠶᠠᠯᠠᠯ ᠵᠢᠭᠤᠯᠴᠢᠯᠠᠯ ᠤᠨ ᠲᠣᠮᠣᠬᠠᠨ ᠲᠥᠰᠦᠯ᠂ ᠮᠥᠨ ᠪᠠᠢᠢᠭᠠᠯᠢ ᠢᠢᠨ ᠬᠡᠶ ᠳᠠᠮᠵᠢᠭᠤᠯᠬᠤ ᠬᠣᠭᠤᠯᠠᠶ ᠢᠢᠨ ᠲᠥᠰᠦᠯ ᠢ ᠬᠡᠷᠡᠭᠵᠢᠭᠦᠯᠬᠦ ᠢᠢᠨ ᠲᠥᠯᠦᠭᠡ ᠢᠳᠡᠪᠬᠢᠲᠡᠢ ᠠᠵᠢᠯᠯᠠᠵᠤ ᠪᠠᠢᠢᠭ᠎ᠠ ᠢᠢ ᠣᠨᠴᠠᠯᠠᠨ ᠲᠡᠮᠳᠡᠭᠯᠡᠪᠡ᠃

ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠭᠡᠰᠢᠭᠦᠨ ᠪᠦᠬᠦ ᠣᠷᠤᠨ ᠲᠠᠢ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠵᠦ᠂ ᠪᠦᠰᠡ ᠨᠤᠲᠤᠭ ᠤᠨ ᠢᠨ᠋ᠲ᠋ᠧᠭᠷᠠᠼᠢ ᠳᠤ ᠬᠤᠪᠢ ᠨᠡᠮᠡᠷᠢ ᠣᠷᠤᠭᠤᠯᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠪᠡ᠃

ᠲᠡᠭᠦᠨᠴᠢᠯᠡᠨ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠦᠨ ᠳᠡᠪᠰᠢᠭᠦᠯᠦᠭᠰᠡᠨ «ᠳᠠᠶᠠᠩ ᠳᠡᠯᠡᠬᠡᠶ ᠢᠢᠨ ᠵᠠᠰᠠᠭᠯᠠᠯ ᠤᠨ ᠰᠠᠨᠠᠭᠠᠴᠢᠯᠠᠭ᠎ᠠ» ᠨᠢ ᠨᠢ᠊᠂ ᠦ᠊᠂ ᠪᠠᠢᠢᠭᠤᠯᠤᠯᠭ᠎ᠠ ᠲᠥᠪ ᠲᠡᠢ ᠣᠯᠠᠨ ᠤᠯᠤᠰ ᠤᠨ ᠲᠣᠭᠲᠠᠯᠴᠠᠭᠠᠨ ᠳᠤ ᠬᠥᠭ᠍ᠵᠢᠵᠦ ᠪᠤᠢ ᠣᠷᠤᠨ ᠨᠤᠭᠤᠳ ᠤᠨ ᠣᠷᠤᠯᠴᠠᠭ᠎ᠠ ᠢᠢ ᠨᠡᠮᠡᠭᠳᠡᠭᠦᠯᠬᠦ᠂ ᠲᠡᠳᠡᠨ ᠦ ᠳᠠᠭᠤ ᠬᠣᠭᠤᠯᠠᠶ ᠢᠢ ᠰᠢᠢᠳᠪᠦᠷᠢ ᠭᠠᠷᠭᠠᠬᠤ ᠲᠥᠪᠰᠢᠨ ᠳᠥ ᠬᠦᠷᠭᠡᠬᠦ ᠢᠢ ᠴᠢᠬᠤᠯᠠᠴᠢᠯᠠᠨ ᠣᠨᠴᠠᠯᠠᠭᠰᠠᠨ ᠢ ᠲᠠᠯᠠᠷᠬᠠᠨ ᠰᠠᠢᠢᠰᠢᠶᠠᠪᠠ᠃

ᠡᠨᠡ ᠤᠳᠠᠭ᠎ᠠ ᠢᠢᠨ ᠳᠡᠭᠡᠳᠦ ᠲᠥᠪᠰᠢᠨ ᠦ ᠠᠭᠤᠯᠵᠠᠯᠲᠠ ᠳᠤ ᠣᠷᠤᠰ ᠤᠨ ᠬᠣᠯᠪᠤᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠡᠨᠡᠳᠬᠡᠭ᠌᠂ ᠻᠠᠽᠠᠻᠰᠲ᠋ᠠᠨ᠂ ᠻᠢᠷᠭᠢᠽ᠂ ᠲ᠋ᠠᠵᠢᠻᠢᠰᠲ᠋ᠠᠨ᠂ ᠤᠽᠪᠧᠻᠢᠰᠲ᠋ᠠᠨ᠂ ᠫᠠᠻᠢᠰᠲ᠋ᠠᠨ᠂ ᠢᠷᠠᠨ᠂ ᠪᠧᠯᠠᠷᠦ᠋ᠰ᠂ ᠲᠦᠷᠻ᠂ ᠠᠽᠧᠷᠪᠠᠢᠢᠵᠠᠨ᠂ ᠠᠷᠮᠧᠨᠢᠶ᠎ᠠ᠂ ᠸᠢᠶᠧᠲ᠋ᠨᠠᠮ᠂ ᠮᠠᠯᠠᠢᠢᠽ᠂ ᠢᠨ᠋ᠳ᠋ᠣᠨᠧᠰᠢᠶ ᠠ᠂ ᠯᠠᠣᠰ᠂ ᠻᠠᠮᠪᠣᠵ᠂ ᠲᠦᠷᠻᠮᠧᠨᠢᠰᠲ᠋ᠠᠨ᠂ ᠶᠧᠭᠢᠫᠧᠲ᠋᠂ ᠮᠠᠯᠢᠳ᠋ᠢᠸ᠂ ᠪᠠᠯᠪᠠ ᠵᠡᠷᠭᠡ ᠤᠯᠤᠰ ᠤᠨ ᠲᠥᠷᠦ ᠢᠢᠨ ᠲᠡᠷᠢᠭᠦᠨ᠂ ᠵᠠᠰᠠᠭ ᠤᠨ ᠭᠠᠵᠠᠷ ᠤᠨ ᠲᠡᠷᠢᠭᠦᠨ ᠨᠠᠷ ᠣᠷᠤᠯᠴᠠᠯ᠎ᠠ᠃

ᠮᠥᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠ᠊·ᠭᠦᠲ᠋ᠧᠷᠷᠧᠱ᠂ ᠱᠠ᠊᠂ ᠬᠠ᠊᠂ ᠠ᠊᠂ ᠪᠠᠢᠢᠭᠤᠯᠤᠯᠭ᠋ ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠦ᠊·ᠶᠧᠷᠮᠧᠻᠪᠠᠶᠧᠸ᠂ ᠲᠥᠷᠦ ᠢᠢᠨ ᠪᠤᠰᠤ ᠪᠠᠢᠢᠭᠤᠯᠤᠯᠭ᠋ ᠠ ᠪᠣᠯᠤᠨ ᠪᠦᠰᠡ ᠨᠤᠲᠤᠭ ᠤᠨ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ ᠬᠤᠷᠠᠯᠳᠤᠭᠠᠨ ᠳᠤ ᠣᠷᠤᠯᠴᠠᠵᠤ᠂ ᠪᠦᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ ᠳᠥ ᠴᠢᠭᠯᠡᠭᠰᠡᠨ ᠥᠷᠭᠡᠨ ᠬᠦᠷᠢᠶᠡᠨ ᠦ ᠠᠰᠠᠭᠤᠳᠠᠯ ᠢ ᠬᠡᠯᠡᠯᠴᠡᠪᠡ᠃

ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠵᠥᠪᠯᠡᠯ ᠦᠨ ᠦᠷᠭᠡᠳᠭᠡᠭ᠍ᠰᠡᠨ ᠬᠤᠷᠠᠯᠳᠤᠭᠠᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠢᠶᠠᠨ᠋ᠵᠢᠨ ᠬᠣᠲᠠᠨ᠎ᠠ ᠠᠮᠵᠢᠯᠲᠠ ᠲᠠᠢ ᠪᠣᠯᠤᠯ᠎ᠠ᠃