Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠌ᠫᠢᠩ ᠲᠡᠶ ᠠᠭᠤᠯᠵᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠨᠠᠷ 2025 ᠣᠨ ᠤ 09 ᠊ᠳ᠋ᠦᠭᠡᠷ ᠰᠠᠷ᠎ᠠ ᠢᠢᠨ 02 ᠤ ᠡᠳᠦᠷ ᠪᠡᠭᠡᠵᠢᠩ ᠬᠣᠲᠠᠨ᠎ᠠ ᠠᠭᠤᠯᠵᠠᠪᠠ᠃

ᠠᠭᠤᠯᠵᠠᠯᠲᠠ ᠢᠢᠨ ᠡᠬᠢᠨ ᠳᠥ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠋ ᠠ ᠢᠢᠨ ᠳᠡᠭᠡᠳᠦ ᠲᠥᠪᠰᠢᠨ ᠦ ᠠᠭᠤᠯᠵᠠᠯᠲᠠ ᠪᠣᠯᠤᠨ ᠳᠡᠯᠡᠬᠡᠶ ᠢᠢᠨ II ᠳᠠᠢᠢᠨ᠂ ᠬᠢᠲᠠᠳ ᠤᠨ ᠠᠷᠠᠳ ᠲᠦᠮᠡᠨ ᠶᠠᠫᠣᠨ ᠤ ᠡᠰᠡᠷᠭᠦ ᠳᠠᠢᠢᠨ ᠳᠤ ᠢᠯᠠᠯᠲᠠ ᠪᠠᠢᠢᠭᠤᠯᠤᠭᠰᠠᠨ ᠤ 80 ᠵᠢᠯ ᠦᠨ ᠣᠢ ᠢᠢᠨ ᠪᠠᠶᠠᠷ ᠲᠤ ᠬᠦᠷᠦᠯᠴᠡᠨ ᠢᠷᠡᠵᠦ ᠣᠷᠤᠯᠴᠠᠭᠰᠠᠨ ᠳᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠳᠥ ᠲᠠᠯᠠᠷᠬᠠᠯ ᠢᠯᠡᠷᠬᠡᠢᠢᠯᠡᠪᠡ᠃

ᠶᠡᠷᠦᠩᠬᠡᠢᠢᠯᠡᠭᠴᠢ ᠤ·ᠬᠦᠷᠡᠯᠰᠦ᠋ᠬᠡ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠦᠨ ᠤᠷᠢᠯᠭ᠎ᠠ ᠪᠠᠷ ᠳᠡᠭᠡᠷᠡᠬᠢ ᠠᠷᠭ᠎ᠠ ᠬᠡᠮᠵᠢᠶ᠎ᠡ ᠨᠤᠭᠦᠳ ᠲᠥ ᠣᠷᠤᠯᠴᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠭ᠎ᠠ ᠪᠠᠨ ᠢᠯᠡᠷᠬᠡᠢᠢᠯᠡᠵᠦ᠂ ᠡᠨᠡ ᠬᠦ ᠢᠯᠠᠯᠲᠠ ᠢᠢ ᠠᠪᠴᠢᠷᠠᠬᠤ ᠳᠤ ᠮᠣᠩ᠋ᠭᠤᠯ ᠠᠷᠠᠳ ᠤᠨ ᠬᠤᠪᠢᠰᠬᠠᠯᠲᠤ ᠴᠡᠷᠢᠭ ᠵᠥᠪᠯᠡᠯᠲᠦ ᠢᠢᠨ ᠠᠷᠮᠢ ᠲᠠᠢ ᠬᠠᠮᠲᠤᠷᠠᠨ ᠵᠡᠭᠦᠨ ᠬᠣᠢᠢᠳᠤ ᠬᠢᠲᠠᠳ ᠢ ᠴᠢᠯᠦᠭᠡᠯᠡᠬᠦ ᠪᠠᠢᠢᠯᠳᠤᠭᠠᠨ ᠤ ᠠᠵᠢᠯᠯᠠᠭᠠᠨ ᠳᠤ ᠣᠷᠤᠯᠴᠠᠨ ᠥᠪᠡᠷᠰᠡᠳ ᠦᠨ ᠠᠯᠲᠠᠨ ᠠᠮᠢ ᠪᠠᠨ ᠵᠣᠷᠢᠭᠤᠯᠤᠨ ᠪᠠᠭᠠᠲᠤᠷᠯᠢᠭ ᠭᠠᠪᠢᠶ᠎ᠠ ᠪᠠᠢᠢᠭᠤᠯᠤᠭᠰᠠᠨ ᠢ ᠣᠨᠴᠠᠯᠠᠨ ᠲᠡᠮᠳᠡᠭᠯᠡᠯ᠎ᠡ᠃

ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠮᠠᠩᠯᠠᠢᠢᠯᠠᠯ ᠳᠣᠣᠷ᠎ᠠ ᠮᠣᠩ᠋ᠭᠤᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠪᠦᠬᠦᠢ ᠯᠠ ᠰᠠᠯᠪᠤᠷᠢ ᠳᠤ ᠥᠷᠭᠡᠵᠢᠨ ᠬᠥᠭ᠍ᠵᠢᠵᠦ᠂ ᠤᠯᠤᠰ ᠲᠥᠷᠦ ᠢᠢᠨ ᠬᠠᠷᠢᠯᠴᠠᠨ ᠣᠢᠢᠯᠠᠭᠠᠯᠴᠠᠯ᠂ ᠢᠲᠡᠭᠡᠯᠴᠡᠯ ᠤᠯᠠᠮ ᠪᠡᠬᠢᠵᠢᠵᠦ᠂ ᠪᠦᠰᠡ ᠨᠤᠲᠤᠭ ᠤᠨ ᠤᠯᠤᠰ ᠣᠷᠤᠨ ᠨᠤᠭᠤᠳ ᠤᠨ ᠬᠠᠮᠲᠤ ᠢᠢᠨ ᠠᠵᠢᠯᠯᠠᠭᠠᠨ ᠤ ᠦᠯᠢᠭᠡᠷ ᠵᠢᠱᠢᠶ᠎ᠡ ᠪᠣᠯᠵᠤ ᠪᠤᠢ ᠢᠢ ᠲᠠᠯ᠎ᠠ ᠨᠤᠭᠤᠳ ᠣᠨᠴᠠᠯᠠᠨ ᠲᠡᠮᠳᠡᠭᠯᠡᠪᠡ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ᠂ ᠲᠡᠭᠦᠨ ᠦ ᠳᠣᠲᠤᠷ᠎ᠠ ᠬᠤᠳᠠᠯᠳᠤᠭ᠎ᠠ᠂ ᠡᠳ᠋ ᠦᠨ ᠵᠠᠰᠠᠭ᠂ ᠬᠢᠯᠢ ᠳᠠᠮᠨᠠᠭᠰᠠᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ᠂ ᠰᠡᠷᠭᠦᠭᠡᠭ᠍ᠳᠡᠬᠦ ᠡᠷᠴᠢᠮ ᠬᠦᠴᠦ᠂ ᠪᠠᠢᠢᠭᠠᠯᠢ ᠣᠷᠴᠢᠨ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠤᠷᠤᠭᠰᠢᠯᠠᠭᠤᠯᠬᠤ ᠲᠣᠳᠤᠷᠬᠠᠶ ᠠᠰᠠᠭᠤᠳᠠᠯ ᠤᠳ ᠢᠶᠠᠷ ᠰᠠᠨᠠᠯ ᠰᠣᠯᠢᠯᠴᠠᠵᠤ᠂ ᠨᠢᠭᠡᠳᠦᠭᠰᠡᠨ ᠣᠢᠢᠯᠠᠭᠠᠯᠴᠠᠯ ᠳᠤ ᠬᠦᠷᠪᠡ᠃

ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠲᠣᠬᠢᠷᠠᠭᠰᠠᠨ ᠬᠣᠶᠠᠷ ᠲᠠᠯ᠎ᠠ ᠢᠢᠨ ᠬᠤᠳᠠᠯᠳᠤᠭ᠎ᠠ ᠢᠢ 20 ᠲᠡᠷᠪᠤᠮ ᠠᠮ᠊·ᠳ᠋ᠣᠯᠯᠠᠷ ᠲᠤ ᠬᠦᠷᠭᠡᠬᠦ ᠵᠣᠷᠢᠯᠲᠠ ᠢᠢᠨ ᠬᠦᠷᠢᠶᠡᠨ ᠳᠥ ᠮᠣᠩ᠋ᠭᠤᠯ ᠤᠯᠤᠰ ᠠᠴᠠ ᠭᠠᠷᠭᠠᠬᠤ ᠠᠭᠤᠯᠠ ᠠᠭᠤᠷᠬᠠᠶ ᠢᠢᠨ ᠪᠦᠲᠦᠭᠡᠭ᠍ᠳᠡᠬᠦᠨ ᠦ ᠡᠻᠰᠫᠣᠷᠲ ᠢ ᠨᠡᠮᠡᠭᠳᠡᠭᠦᠯᠬᠦ᠂ ᠭᠠᠰᠢᠭᠤᠨᠰᠤᠬᠠᠢᠢᠲᠤ-ᠭᠠᠭᠴᠠᠮᠣᠳᠤ ᠪᠣᠭᠤᠮᠲᠠ ᠢᠢᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠡᠬᠢᠯᠡᠭᠰᠡᠨ ᠲᠡᠢ ᠬᠣᠯᠪᠤᠭᠳᠠᠭᠤᠯᠤᠨ ᠰᠢᠪᠡᠭᠡᠬᠦ᠋ᠷᠡᠩ-ᠰᠡᠬᠡᠭᠡ᠂ ᠪᠢᠴᠢᠭᠲᠦ-ᠵᠡᠭᠦᠨᠬᠠᠲᠠᠪᠴᠢ᠂ ᠬᠠᠩ᠋ᠭᠢ-ᠮᠠᠨᠳᠠᠯ ᠵᠡᠷᠭᠡ ᠪᠣᠭᠤᠮᠲᠠ ᠢᠢᠨ ᠲᠡᠮᠦᠷ ᠵᠠᠮ ᠤᠨ ᠬᠣᠯᠪᠤᠯᠲᠠ ᠢᠢᠨ ᠠᠵᠢᠯ ᠢ ᠤᠷᠤᠭᠰᠢᠯᠠᠭᠤᠯᠬᠤ᠂ ᠰᠡᠷᠭᠦᠭᠡᠭ᠍ᠳᠡᠬᠦ ᠡᠷᠴᠢᠮ ᠬᠦᠴᠦᠨ ᠦ ᠲᠥᠰᠦᠯ ᠦᠳ ᠢ ᠬᠠᠮᠲᠤᠷᠠᠨ ᠬᠡᠷᠡᠭᠵᠢᠭᠦᠯᠬᠦ ᠵᠡᠷᠭᠡ ᠰᠠᠨᠠᠯ ᠢ ᠮᠣᠩ᠋ᠭᠤᠯ ᠤᠨ ᠲᠠᠯ᠎ᠠ ᠠᠴᠠ ᠳᠡᠪᠰᠢᠭᠦᠯᠪᠡ᠃

ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ ᠬᠣᠶᠠᠷ ᠲᠠᠯ᠎ᠠ ᠢᠢᠨ ᠬᠠᠮᠲᠤᠷᠠᠨ ᠬᠡᠷᠡᠭᠵᠢᠭᠦᠯᠵᠦ ᠪᠤᠢ ᠭᠠᠰᠢᠭᠤᠨᠰᠤᠬᠠᠢᠢᠲᠤ-ᠭᠠᠭᠴᠠᠮᠣᠳᠤ ᠪᠣᠭᠤᠮᠲᠠ ᠢᠢᠨ ᠲᠡᠮᠦᠷ ᠵᠠᠮ᠂ ᠡᠷᠳᠡᠨᠢᠪᠦ᠋ᠷᠢᠨ ᠦ ᠤᠰᠤᠨ ᠴᠠᠬᠢᠯᠭᠠᠨ ᠰᠲ᠋ᠠᠨ᠋ᠼᠢ᠂ ᠶᠡᠷᠦᠩᠬᠡᠢᠢᠯᠡᠭᠴᠢ ᠢᠢᠨ ᠨᠡᠷᠡᠮᠵᠢᠲᠦ ᠰᠫᠣᠷᠲ ᠴᠣᠭᠴᠠᠯᠠᠪᠤᠷᠢ ᠵᠡᠷᠭᠡ ᠲᠥᠰᠦᠯ ᠨᠢ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠴᠢᠬᠤᠯᠠ ᠣᠯᠤᠯᠲᠠ ᠠᠮᠵᠢᠯᠲᠠ ᠭᠡᠳᠡᠭ ᠢ ᠲᠡᠮᠳᠡᠭᠯᠡᠪᠡ᠃

ᠮᠥᠨ ᠬᠢᠲᠠᠳ ᠤᠨ ᠲᠠᠯ᠎ᠠ ᠠᠴᠠ ᠳᠡᠪᠰᠢᠭᠦᠯᠦᠭᠰᠡᠨ ᠰᠠᠨᠠᠯ ᠰᠠᠨᠠᠭᠠᠴᠢᠯᠠᠭ᠎ᠠ ᠨᠤᠭᠤᠳ ᠢ ᠮᠣᠩ᠋ᠭᠤᠯ ᠤᠨ ᠲᠠᠯ᠎ᠠ ᠳᠡᠮᠵᠢᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠵᠦ᠂ ᠡᠳᠡᠭᠡᠷ ᠰᠠᠨᠠᠯ ᠰᠠᠨᠠᠭᠠᠴᠢᠯᠠᠭ᠎ᠠ ᠢᠢᠨ ᠬᠦᠷᠢᠶᠡᠨ ᠳᠥ ᠬᠣᠶᠠᠷ ᠲᠠᠯ᠎ᠠ ᠢᠢᠨ ᠪᠣᠯᠤᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠣᠯᠤᠮᠵᠢ ᠲᠠᠢ ᠢᠢ ᠣᠨᠴᠠᠯᠠᠪᠠ᠃

ᠲᠤᠬᠠᠢᠢᠯᠠᠪᠠᠯ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ (СОР17) ᠢ ᠤᠯᠠᠭᠠᠨᠪᠠᠭᠠᠲᠤᠷ ᠬᠣᠲᠠᠨ᠎ᠠ 2026 ᠣᠨ ᠳᠤ ᠵᠣᠬᠢᠶᠠᠨ ᠪᠠᠢᠢᠭᠤᠯᠬᠤ ᠳᠤ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠲᠡᠭᠦᠨᠴᠢᠯᠡᠨ ᠲᠠᠯ᠎ᠠ ᠨᠤᠭᠤᠳ ᠬᠠᠮᠲᠤ ᠢᠢᠨ ᠠᠵᠢᠯᠯᠠᠭᠠᠨ ᠤ ᠳᠠᠷᠠᠭᠠᠬᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠪᠠ᠃ ᠡᠭᠦᠨ ᠳᠥ:

1. «ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠡᠻᠰᠫᠣᠷᠲ᠋ᠯᠠᠬᠤ ᠦᠶ᠎ᠡ ᠢᠢᠨ ᠵᠥᠭᠡᠢ ᠢᠢᠨ ᠪᠠᠯ ᠳᠤ ᠲᠠᠯᠪᠢᠭᠳᠠᠬᠤ ᠬᠢᠨᠠᠯᠲᠠ᠂ ᠬᠣᠷᠢᠭ᠎ᠠ ᠴᠡᠭᠡᠷ᠂ ᠮᠠᠯ ᠡᠮᠨᠡᠯᠭᠡ ᠢᠢᠨ ᠠᠷᠢᠭᠤᠨ ᠴᠡᠪᠡᠷ ᠦᠨ ᠱᠠᠭᠠᠷᠳᠠᠯᠭ᠎ᠠ ᠢᠢᠨ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠢᠢᠯᠢ ᠢᠢᠨ ᠶᠡᠷᠦᠩᠬᠡᠶ ᠭᠠᠵᠠᠷ ᠤᠨ ᠬᠣᠭᠤᠷᠤᠨᠳᠤ ᠢᠢᠨ ᠫᠷᠣᠲ᠋ᠤᠻᠤᠯ»᠂

2. «ᠠᠮᠢᠲᠠᠨ᠂ ᠤᠷᠭᠤᠮᠠᠯ ᠬᠢᠯᠢ ᠪᠡᠷ ᠣᠷᠤᠭᠤᠯᠬᠤ᠂ ᠭᠠᠷᠭᠠᠬᠤ ᠦᠶ᠎ᠡ ᠢᠢᠨ ᠬᠣᠷᠢᠭ᠎ᠠ ᠴᠡᠭᠡᠷ ᠦᠨ ᠲᠧᠭᠨᠢᠭ ᠦᠨ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠢᠢᠯᠢ ᠢᠢᠨ ᠶᠡᠷᠦᠩᠬᠡᠶ ᠭᠠᠵᠠᠷ ᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»᠂

3. «ᠬᠡᠮᠵᠢᠯ ᠵᠦᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠲ᠋ᠠᠨ᠋ᠳᠠᠷᠲ᠂ ᠬᠡᠮᠵᠢᠯ ᠵᠦᠢ ᠢᠢᠨ ᠭᠠᠵᠠᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠬ᠎ᠠ ᠵᠡᠭᠡᠯᠢ ᠢᠢᠨ ᠵᠣᠬᠢᠴᠠᠭᠤᠯᠤᠯᠲᠠ ᠢᠢᠨ ᠤᠳᠤᠷᠢᠳᠬᠤ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»᠂

4. «ᠲᠣᠬᠢᠷᠠᠯ ᠤᠨ ᠦᠨᠡᠯᠡᠭᠡᠨ ᠦ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠰᠲ᠋ᠠᠨ᠋ᠳᠠᠷᠲ᠂ ᠬᠡᠮᠵᠢᠯ ᠵᠦᠢ ᠢᠢᠨ ᠭᠠᠵᠠᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠬ᠎ᠠ ᠵᠡᠭᠡᠯᠢ ᠢᠢᠨ ᠵᠣᠬᠢᠴᠠᠭᠤᠯᠤᠯᠲᠠ ᠢᠢᠨ ᠤᠳᠤᠷᠢᠳᠬᠤ ᠭᠠᠵᠠᠷ (ᠦᠨᠳᠦᠰᠦᠨ ᠦ ᠪᠠᠲᠤᠯᠠᠭᠠᠵᠢᠭᠤᠯᠤᠯᠲᠠ᠂ ᠢᠲᠡᠭᠡᠮᠵᠢᠯᠡᠯ ᠦᠨ ᠤᠳᠤᠷᠢᠳᠬᠤ ᠭᠠᠵᠠᠷ) ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»᠂

5. «ᠮᠣᠩ᠋ᠭᠤᠯ ᠤᠨ ᠦᠨᠳᠦᠰᠦᠨ ᠦ ᠮᠡᠳᠡᠭᠡᠯᠡᠯ ᠦᠨ «ᠮᠣᠩ᠊ᠴᠠ᠊ᠮᠡ» ᠠᠭᠧᠨ᠋ᠲ᠋ᠯᠢᠭ᠂ ᠬᠢᠲᠠᠳ ᠤᠨ ᠮᠡᠳᠡᠭᠡᠯᠡᠯ ᠦᠨ ᠭᠷᠦ᠋ᠫ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠵᠡᠷᠭᠡ ᠪᠣᠯᠤᠨ᠎ᠠ᠃