Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ᠂ ᠬᠢᠲᠠᠳ᠂ ᠣᠷᠤᠰ ᠭᠤᠷᠪᠠᠨ ᠤᠯᠤᠰ ᠤᠨ ᠲᠥᠷᠦ ᠢᠢᠨ ᠲᠡᠷᠢᠭᠦᠨ ᠠᠭᠤᠯᠵᠠᠯ᠎ᠠ

ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠣᠷᠤᠰ ᠤᠨ ᠬᠣᠯᠪᠤᠭᠠᠨ ᠤ ᠤᠯᠤᠰ ᠤᠨ ᠲᠥᠷᠦ ᠢᠢᠨ ᠲᠡᠷᠢᠭᠦᠨ 2025 ᠣᠨ ᠤ 09 ᠊ᠳ᠋ᠦᠭᠡᠷ ᠰᠠᠷ᠎ᠠ ᠢᠢᠨ 02 ᠤ ᠡᠳᠦᠷ ᠪᠦ᠊᠂ ᠨᠠᠢᠢ᠊᠂ ᠬᠢ᠊᠂ ᠠ᠊᠂ ᠤᠯᠤᠰ ᠤᠨ ᠨᠡᠢᠢᠰᠯᠡᠯ ᠪᠡᠭᠡᠵᠢᠩ ᠬᠣᠲᠠᠨ᠎ᠠ ᠠᠭᠤᠯᠵᠠᠯ᠎ᠠ᠃

ᠭᠤᠷᠪᠠᠨ ᠤᠯᠤᠰ ᠤᠨ ᠲᠥᠷᠦ ᠢᠢᠨ ᠲᠡᠷᠢᠭᠦᠨ ᠦ VI ᠠᠭᠤᠯᠵᠠᠯᠲᠠ 2022 ᠣᠨ ᠳᠤ ᠦᠽᠪᠧᠻᠢᠰᠲ᠋ᠠᠨ ᠤᠯᠤᠰ ᠤᠨ ᠨᠡᠢᠢᠰᠯᠡᠯ ᠰᠠᠮᠠᠷᠻᠠᠨ᠋ᠳ᠋ ᠬᠣᠲᠠᠨ᠎ᠠ ᠪᠣᠯᠤᠭᠰᠠᠨ ᠪᠥᠭᠡᠳ VII ᠠᠭᠤᠯᠵᠠᠯᠲᠠ ᠡᠢᠢᠨ ᠬᠦ 3 ᠵᠢᠯ ᠦᠨ ᠳᠠᠷᠠᠭ᠎ᠠ ᠪᠣᠯᠵᠤ ᠪᠠᠢᠢᠨ᠎ᠠ᠃

ᠠᠭᠤᠯᠵᠠᠯᠲᠠ ᠢᠢᠨ ᠡᠬᠢᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦ᠊᠂ ᠨᠠᠢᠢ᠊᠂ ᠬᠢ᠊᠂ ᠠ᠊᠂ ᠤᠯᠤᠰ ᠤᠨ ᠳᠠᠷᠤᠭ᠎ᠠ ᠰᠢ ᠵᠢᠨ᠋ᠫᠢᠩ᠂ ᠣ᠊᠂ ᠬᠣ᠊᠂ ᠤᠯᠤᠰ ᠤᠨ ᠶᠡᠷᠦᠩᠬᠡᠢᠢᠯᠡᠭᠴᠢ ᠸᠯᠠ᠊·ᠸᠯᠠ᠊·ᠫᠦᠲ᠋ᠢᠨ ᠨᠠᠷ ᠲᠤ ᠮᠡᠨᠳᠦᠴᠢᠯᠡᠭᠡ ᠳᠡᠪᠰᠢᠭᠦᠯᠵᠦ᠂ ᠡᠨᠡ ᠵᠢᠯ ᠳᠡᠯᠡᠬᠡᠶ ᠢᠢᠨ II ᠳᠠᠢᠢᠨ ᠤ ᠭᠠᠯ ᠵᠣᠭᠰᠤᠵᠤ᠂ ᠠᠤᠭ᠎ᠠ ᠡᠬᠡ ᠣᠷᠤᠨ ᠤ ᠳᠠᠢᠢᠨ ᠳᠤ ᠢᠯᠠᠯᠲᠠ ᠪᠠᠢᠢᠭᠤᠯᠤᠭᠰᠠᠨ ᠤ 85 ᠵᠢᠯ ᠦᠨ ᠣᠢ᠂ ᠬᠢᠲᠠᠳ ᠤᠨ ᠠᠷᠠᠳ ᠲᠦᠮᠡᠨ ᠶᠠᠫᠣᠨ ᠤ ᠡᠰᠡᠷᠭᠦ ᠳᠠᠢᠢᠨ ᠳᠤ ᠢᠯᠠᠯᠲᠠ ᠪᠠᠢᠢᠭᠤᠯᠤᠭᠰᠠᠨ ᠤ ᠲᠡᠦᠬᠡᠲᠦ 80 ᠵᠢᠯ ᠦᠨ ᠣᠢ ᠲᠣᠬᠢᠶᠠᠵᠤ ᠪᠤᠢ ᠴᠠᠭ ᠦᠶ᠎ᠡ ᠳᠥ ᠠᠭᠤᠯᠵᠠᠵᠤ ᠪᠠᠢᠢᠭ᠎ᠠ ᠳᠤ ᠪᠠᠶᠠᠷ ᠲᠠᠢ ᠪᠠᠢᠢᠭ᠎ᠠ ᠪᠠᠨ ᠢᠯᠡᠷᠬᠡᠢᠢᠯᠡᠪᠡ᠃

ᠲᠡᠭᠦᠨᠴᠢᠯᠡᠨ ᠮᠣᠩ᠋ᠭᠤᠯ ᠤᠨ ᠲᠠᠯ᠎ᠠ ᠭᠤᠷᠪᠠᠨ ᠤᠯᠤᠰ ᠤᠨ ᠬᠠᠮᠲᠤ ᠢᠢᠨ ᠠᠵᠢᠯᠯᠠᠭᠠᠨ ᠳᠤ ᠣᠨᠴᠤᠭᠤᠶ ᠠᠴᠢ ᠬᠣᠯᠪᠤᠭᠳᠠᠯ ᠥᠭᠳᠡᠭ ᠪᠣᠯᠬᠤ ᠪᠠᠨ ᠢᠯᠡᠷᠬᠡᠢᠢᠯᠡᠵᠦ᠂ ᠡᠨᠡ ᠬᠦᠷᠢᠶᠡᠨ ᠳᠥ «ᠡᠳ᠋ ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ»᠎ ᠊ᠳᠥ ᠲᠤᠰᠬᠠᠭᠳᠠᠭᠰᠠᠨ ᠲᠥᠰᠦᠯ᠂ ᠬᠥᠲᠦᠯᠪᠦᠷᠢ ᠨᠤᠭᠦᠳ ᠢ ᠬᠠᠮᠲᠤᠷᠠᠨ ᠬᠡᠷᠡᠭᠵᠢᠭᠦᠯᠬᠦ᠂ ᠭᠤᠷᠪᠠᠨ ᠤᠯᠤᠰ ᠤᠨ ᠠᠷᠠᠳ ᠢᠷᠭᠡᠳ ᠲᠥ ᠦᠷ᠎ᠡ ᠰᠢᠮ᠎ᠡ ᠢᠢ ᠨᠢ ᠬᠦᠷᠲᠡᠭᠡᠬᠦ᠂ ᠤᠯᠠᠮ ᠢᠶᠠᠷ ᠪᠦᠰᠡ ᠨᠤᠲᠤᠭ ᠤᠨ ᠬᠥᠭ᠍ᠵᠢᠯ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ᠂ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠳᠤ ᠵᠣᠬᠢᠬᠤ ᠬᠤᠪᠢ ᠨᠡᠮᠡᠷᠢ ᠪᠡᠨ ᠣᠷᠤᠭᠤᠯᠬᠤ ᠢᠢᠨ ᠲᠥᠯᠦᠭᠡ ᠪᠠᠢᠢᠭ᠎ᠠ ᠢᠢ ᠢᠯᠡᠷᠬᠡᠢᠢᠯᠡᠪᠡ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠋ᠫᠢᠩ ᠬᠡᠯᠡᠬᠦ ᠳᠥ ᠪᠡᠨ᠂ ᠰᠡᠭᠦᠯ ᠦᠨ ᠵᠢᠯ ᠦᠳ ᠲᠥ ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭ᠎ᠠ ᠴᠢᠬᠤᠯᠠ ᠣᠯᠤᠯᠲᠠ ᠠᠮᠵᠢᠯᠲᠠ ᠲᠠᠢ ᠪᠠᠢᠢᠭ᠎ᠠ ᠢᠢ ᠲᠡᠮᠳᠡᠭᠯᠡᠭᠡᠳ᠂ ᠲᠤᠬᠠᠢᠢᠯᠠᠪᠠᠯ᠂ ᠲᠡᠮᠦᠷ ᠵᠠᠮ ᠤᠨ ᠲᠥᠪ ᠻᠣᠷᠢᠳᠣᠷ ᠤᠨ ᠰᠢᠨᠡᠴᠢᠯᠡᠯ᠂ ᠭᠤᠷᠪᠠᠨ ᠲᠠᠯ᠎ᠠ ᠢᠢᠨ ᠬᠤᠳᠠᠯᠳᠤᠭ᠎ᠠ᠂ ᠪᠠᠢᠢᠭᠠᠯᠢ ᠣᠷᠴᠢᠨ ᠬᠠᠮᠠᠭᠠᠯᠠᠯ᠂ ᠭᠠᠢᠢᠯᠢ᠂ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠳᠡᠪᠬᠢᠵᠢᠵᠦ ᠪᠠᠢᠢᠭ᠎ᠠ ᠢᠢ ᠲᠡᠮᠳᠡᠭᠯᠡᠯ᠎ᠡ᠃

ᠴᠢᠨᠠᠭᠰᠢᠳᠠ ᠤᠯᠤᠰ ᠲᠥᠷᠦ ᠢᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠵᠦ᠂ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠢᠢ ᠳᠡᠮᠵᠢᠵᠦ᠂ ᠣᠳᠤ ᠢᠢᠨ ᠬᠠᠮᠲᠤ ᠢᠢᠨ ᠠᠵᠢᠯᠯᠠᠭ᠎ᠠ ᠢᠢ ᠤᠯᠠᠮ ᠠᠬᠢᠭᠤᠯᠬᠤ ᠢᠢ ᠰᠠᠨᠠᠯ ᠪᠣᠯᠭᠠᠪᠠ᠃ ᠲᠡᠭᠦᠨᠴᠢᠯᠡᠨ ᠬᠢᠲᠠᠳ ᠤᠯᠤᠰ «ᠢᠨ᠋᠊ᠨᠣᠸᠠᠼ ᠤᠨ ᠲᠥᠪ» ᠪᠠᠢᠢᠭᠤᠯᠬᠤ ᠪᠠᠷ ᠲᠥᠯᠦᠪᠯᠡᠵᠦ ᠪᠤᠢ ᠪᠠᠨ ᠲᠠᠨᠢᠯᠴᠠᠭᠤᠯᠵᠤ᠂ ᠮᠣᠩ᠋ᠭᠤᠯ ᠪᠣᠯᠤᠨ ᠣᠷᠤᠰ ᠤᠨ ᠲᠠᠯ᠎ᠠ ᠨᠤᠭᠤᠳ ᠢᠳᠡᠪᠬᠢᠲᠡᠢ ᠣᠷᠤᠯᠴᠠᠬᠤ ᠢᠢ ᠬᠦᠰᠡᠪᠡ᠃

ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊·ᠸᠯᠠ᠊·ᠫᠦᠲ᠋ᠢᠨ ᠭᠤᠷᠪᠠᠨ ᠤᠯᠤᠰ ᠤᠨ ᠢᠨ᠋ᠲ᠋ᠧᠭᠷᠠᠼᠢ ᠢᠢ ᠨᠡᠮᠡᠭᠳᠡᠭᠦᠯᠵᠦ᠂ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠧᠦ᠋ᠷᠠᠽᠢ ᠢᠢᠨ ᠡᠳ᠋ ᠦᠨ ᠵᠠᠰᠠᠭ ᠤᠨ ᠬᠣᠯᠪᠤᠭ᠎ᠠ᠂ «ᠪᠦᠰᠡ ᠪᠠ ᠵᠠᠮ»᠂ «ᠲᠠᠯ᠎ᠠ ᠢᠢᠨ ᠵᠠᠮ» ᠢ ᠤᠶᠠᠯᠳᠤᠭᠤᠯᠬᠤ ᠬᠦᠷᠢᠶᠡᠨ ᠳᠥ ᠲᠡᠭᠡᠭᠡᠪᠦᠷᠢ᠂ ᠯᠣᠭᠢᠰᠲ᠋ᠢᠭ᠂ ᠭᠠᠢᠢᠯᠢ᠂ ᠬᠤᠳᠠᠯᠳᠤᠭ᠎ᠠ ᠢᠢ ᠨᠡᠮᠡᠭᠳᠡᠭᠦᠯᠬᠦ᠂ ᠬᠦᠨᠳᠦ ᠰᠤᠷᠲᠠᠯ ᠢ ᠠᠷᠢᠯᠭᠠᠬᠤ ᠢᠢ ᠰᠠᠨᠠᠯ ᠪᠣᠯᠭᠠᠯ᠎ᠠ᠃

ᠭᠤᠷᠪᠠᠨ ᠤᠯᠤᠰ ᠤᠨ ᠪᠢᠽᠢᠨᠧᠰ ᠡᠷᠬᠢᠯᠡᠭᠴᠢᠳ ᠦᠨ ᠠᠵᠢᠯ ᠬᠡᠷᠡᠭᠴᠢ ᠠᠭᠤᠯᠵᠠᠯᠲᠠ᠂ ᠦᠵᠡᠰᠬᠦᠯᠡᠩ ᠬᠤᠳᠠᠯᠳᠤᠭ᠎ᠠ ᠵᠡᠷᠭᠡ ᠢᠢ ᠲᠣᠭᠲᠠᠮᠠᠯ ᠵᠣᠬᠢᠶᠠᠨ ᠪᠠᠢᠢᠭᠤᠯᠵᠤ᠂ ᠬᠦᠮᠦᠨᠯᠢᠭ᠂ ᠬᠢᠯᠢ ᠢᠢᠨ ᠤᠰᠤ᠂ ᠠᠶᠠᠯᠠᠯ ᠵᠢᠭᠤᠯᠴᠢᠯᠠᠯ ᠤᠨ ᠳᠡᠳ᠋ ᠪᠦᠲᠦᠴᠡ᠂ ᠪᠠᠢᠢᠭᠠᠯᠢ ᠣᠷᠴᠢᠨ ᠵᠡᠷᠭᠡ ᠰᠠᠯᠪᠤᠷᠢ ᠳᠤ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠢᠢ ᠣᠨᠴᠠᠯᠠᠪᠠ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠮᠣᠩ᠋ᠭᠤᠯ᠂ ᠬᠢᠲᠠᠳ᠂ ᠣᠷᠤᠰ ᠤᠨ «ᠡᠳ᠋ ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ» ᠊ᠢᠢ ᠳᠠᠬᠢᠨ ᠲᠠᠪᠤᠨ ᠵᠢᠯ ᠢᠶᠡᠷ ᠪᠤᠶᠤ 2031 ᠣᠨ ᠬᠦᠷᠲᠡᠯ᠎ᠡ ᠰᠤᠩ᠋ᠭᠠᠵᠤ᠂ ᠮᠥᠨ ᠣᠷᠤᠰ ᠤᠨ ᠬᠣᠯᠪᠤᠭᠠᠨ ᠤ ᠤᠯᠤᠰ ᠠᠴᠠ ᠮᠣᠩ᠋ᠭᠤᠯ ᠤᠯᠤᠰ ᠤᠨ ᠭᠠᠵᠠᠷ ᠨᠤᠲᠤᠭ ᠢᠶᠠᠷ ᠳᠠᠮᠵᠢᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠪᠠᠢᠢᠭᠠᠯᠢ ᠢᠢᠨ ᠬᠡᠶ ᠨᠡᠢᠢᠯᠡᠭᠦᠯᠬᠦ ᠬᠣᠭᠤᠯᠠᠶ ᠪᠠᠷᠢᠬᠤ ᠲᠥᠰᠦᠯ ᠢ ᠬᠡᠷᠡᠭᠵᠢᠭᠦᠯᠬᠦ ᠪᠡᠷ ᠡᠴᠦᠰᠯᠡᠨ ᠲᠣᠬᠢᠷᠠᠯᠴᠠᠪᠠ᠃

ᠲᠡᠭᠦᠨᠴᠢᠯᠡᠨ ᠭᠤᠷᠪᠠᠨ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ᠂ ᠳᠡᠳ᠋ ᠪᠦᠲᠦᠴᠡ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠲᠣᠳᠤᠷᠬᠠᠶ ᠠᠰᠠᠭᠤᠳᠠᠯ ᠢᠶᠠᠷ ᠰᠠᠨᠠᠯ ᠰᠣᠯᠢᠯᠴᠠᠯ᠎ᠠ᠃