Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail HH.1
HH.1
ᠦᠨᠳᠦᠰᠦᠨ ᠦ ᠦᠢᠯᠡᠳᠪᠦᠷᠢᠯᠡᠭᠴᠢ ᠠᠵᠤ ᠠᠬᠤᠢ ᠢᠢᠨ ᠨᠢᠭᠡᠴᠡ ᠨᠦᠭᠦᠳ 《ᠬᠦᠨᠡᠰᠦᠨ ᠦ ᠬᠤᠪᠢᠰᠬᠠᠯ》᠍ᠳ᠋ᠤ ᠨᠢᠭᠡᠳᠦᠭᠰᠡᠭᠡᠷ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠤ 《ᠮᠣᠩᠯᠠᠪᠧᠯ》ᠭᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠍ ᠳᠤ ᠠᠵᠢᠯᠯᠠᠯ᠎ᠠ᠃

2004 ᠣᠨ ᠳᠤ ᠪᠠᠢᠢᠭᠤᠯᠤᠭᠳᠠᠭᠰᠠᠨ ᠲᠤᠰ ᠺᠣᠮᠫᠠᠨᠢ ᠪᠦᠬᠦ ᠲᠥᠷᠥᠯ ᠦᠨ ᠬᠦᠨᠡᠰᠦ᠂ ᠤᠰᠤ᠂ ᠤᠮᠳᠠᠭ᠎ᠠ᠂ ᠠᠬᠤᠢ ᠢᠢᠨ ᠪᠣᠯᠤᠨ ᠭᠣᠸ᠎ᠠ ᠰᠠᠢᠢᠬᠠᠨ᠂ ᠪᠤᠰᠤᠳ ᠪᠦᠲᠦᠭᠡᠭ᠍ᠳᠡᠬᠦᠨ ᠦ ᠬᠠᠶᠠᠭ᠂ ᠱᠣᠰᠢᠭ᠎ᠠ᠂ ᠪᠠᠭᠯᠠᠭ᠎ᠠ᠂ ᠪᠣᠭᠣᠳᠠᠯ ᠦᠢᠯᠡᠳᠪᠦᠷᠢᠯᠡᠳᠡᠭ᠃2011 ᠣᠨ ᠳᠤ ᠯᠣᠨᠳᠣᠨ ᠬᠣᠲᠠᠨ ᠠ 《ᠣᠯᠠᠨ ᠤᠯᠤᠰ ᠤᠨ ᠴᠢᠨᠠᠷ ᠤᠨ ᠠᠯᠲᠠᠨ ᠲᠢᠲᠢᠮ》 ᠍ ᠢ ᠰᠠᠯᠪᠤᠷᠢ ᠲᠤ ᠪᠠᠨ ᠠᠩᠬ᠎ᠠ ᠤᠳᠠᠭ᠎ᠠ ᠠᠪᠴᠤ᠂ 2019 ᠣᠨ ᠳᠤ ISO 9001᠄2015 ᠣᠯᠠᠨ ᠤᠯᠤᠰ ᠤᠨ ᠴᠢᠨᠠᠷ ᠤᠨ ᠲᠣᠭᠲᠠᠯᠴᠠᠭ᠎ᠠ ᠨᠡᠪᠲᠡᠷᠡᠭᠦᠯᠵᠡᠢ᠃《ᠬᠦᠨᠡᠰᠦᠨ ᠦ ᠬᠠᠩ᠋ᠭᠠᠮᠵᠢ᠂

thumbnail 2025.11.28 MUYK BN Itali Ulsad ailchlal hiine
2025.11.28 MUYK BN Itali Ulsad ailchlal hiine
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠ ᠢᠢᠨ ᠤᠷᠢᠯᠭ᠎ᠠ ᠪᠠᠷ ᠒᠐᠒᠕ ᠣᠨ ᠤ ᠑᠒ ᠳ᠋ᠤᠭᠠᠷ ᠰᠠᠷ᠎ᠠ ᠢᠢᠨ ᠐᠑-᠐᠓ ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃

ᠡᠨᠡ ᠠᠢᠢᠯᠴᠢᠯᠠᠯ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠢᠲ᠋ᠠᠯᠢ ᠤᠯᠤᠰ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠕᠕ ᠵᠢᠯ ᠦᠨ ᠣᠢ ᠢᠢᠨ ᠬᠦᠷᠢᠶᠡᠨ ᠳᠥ ᠲᠥᠷᠦ ᠢᠢᠨ ᠲᠡᠷᠢᠭᠦᠨ ᠦ ᠲᠥᠪᠰᠢᠨ ᠳᠥ ᠑᠔ ᠵᠢᠯ ᠦᠨ ᠳᠠᠷᠠᠭ᠎ᠠ ᠪᠣᠯᠬᠤ ᠶᠤᠮ᠃

ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ ᠪᠣᠯᠤᠨ ᠠᠯᠪᠠᠨ ᠶᠣᠰᠤᠨ ᠤ ᠬᠡᠯᠡᠯᠴᠡᠭᠡ ᠬᠢᠨ᠎ᠡ᠃ ᠶᠡᠷᠦᠩᠬᠡᠢᠢᠯᠡᠭᠴᠢ ᠤ·ᠬᠦᠷᠡᠯᠰᠦ᠋ᠬᠡ ᠳᠥ

thumbnail 2025.12.26 Zagasnii Dulmaa hemeen oldoo aldarshsan Ayuriin Dulmaad Hudulmuriin baatar tsol hurteelee 1
2025.12.26 Zagasnii Dulmaa hemeen oldoo aldarshsan Ayuriin Dulmaad Hudulmuriin baatar tsol hurteelee 1
«ᠵᠢᠭᠠᠰᠤᠨ ᠤ ᠳᠤᠯᠮ᠎ᠠ» ᠬᠡᠮᠡᠨ ᠣᠯᠠᠨ ᠢᠶᠠᠨ ᠠᠯᠳᠠᠷᠰᠢᠭᠰᠠᠨ ᠠᠻᠠᠳᠧᠮᠢᠴᠢ ᠠᠶᠤᠷ ᠤᠨ ᠳᠤᠯᠮ᠎ᠠ ᠳᠤ ᠬᠥᠳᠡᠯᠮᠦᠷᠢ ᠢᠢᠨ ᠪᠠᠭᠠᠲᠤᠷ ᠴᠣᠯᠠ ᠬᠦᠷᠲᠡᠭᠡᠯ᠎ᠡ

ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ ᠲᠡᠦᠬᠡᠲᠦ ᠑᠐᠑ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ᠎ᠡ᠃

ᠬᠥᠳᠡᠯᠮᠦᠷᠢ ᠢᠢᠨ ᠪᠠᠭᠠᠲᠤᠷ ᠴᠣᠯᠠ ᠢᠢ:

• ᠰᠢᠨᠵᠢᠯᠡᠬᠦ ᠤᠬᠠᠭᠠᠨ᠂ ᠪᠣᠯᠪᠠᠰᠤᠷᠠᠯ ᠤᠨ ᠰᠠᠯᠪᠤᠷᠢ ᠳᠤ ᠦᠷ᠎ᠡ ᠪᠦᠲᠦᠭᠡᠯ ᠲᠡᠢ ᠠᠵᠢᠯᠯᠠᠵᠤ᠂ ᠣᠯᠠᠨ ᠠᠷᠪᠠᠨ ᠨᠢᠭᠡ ᠰᠡᠳᠦᠪᠲᠦ ᠡᠷᠳᠡᠮ ᠰᠢᠨᠵᠢᠯᠡᠭᠡᠨ ᠦ ᠪᠦᠲᠦᠭᠡᠯ᠂ ᠣᠯᠠᠨ ᠵᠠᠭᠤᠨ ᠥᠭᠦᠯᠡᠯ᠂ ᠵᠢᠭᠠᠪᠤᠷᠢ᠂ ᠵᠥᠪᠯᠡᠮᠵᠢ᠂ ᠭᠠᠷ ᠤᠨ ᠠᠪᠤᠯᠭ᠎ᠠ ᠪᠣᠯᠪᠠᠰᠤᠷᠠᠭᠤᠯᠵᠤ᠂ ᠪᠢᠣᠯᠣᠭᠢ ᠢᠢᠨ ᠰᠠᠯᠪᠤᠷᠢ ᠢᠢᠨ ᠮᠡᠷᠭᠡᠵᠢᠯ ᠲᠡᠢ ᠬᠦᠮᠦᠨ ᠦ ᠨᠥᠭᠡᠴᠡ ᠪᠡᠯᠡᠳᠬᠡᠬᠦ᠂ ᠮᠣᠩ᠋ᠭᠤᠯ ᠣᠷᠤᠨ ᠤ ᠵᠢᠭᠠᠰᠤᠨ ᠤ

thumbnail 2025.11.25 Ardiin bagsh Sendenjawiin Dulamd Hudulmuriin baatar tsol hurteelee 1
2025.11.25 Ardiin bagsh Sendenjawiin Dulamd Hudulmuriin baatar tsol hurteelee 1
ᠠᠷᠠᠳ ᠤᠨ ᠪᠠᠭᠰᠢ ᠰᠡᠩᠳᠦᠩᠵᠠᠪ ᠤᠨ ᠳᠤᠯᠮ᠎ᠠ ᠳᠤ ᠬᠥᠳᠡᠯᠮᠦᠷᠢ ᠢᠢᠨ ᠪᠠᠭᠠᠲᠤᠷ ᠴᠣᠯᠠ ᠬᠦᠷᠲᠡᠭᠡᠯ᠎ᠡ

ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ ᠲᠡᠦᠬᠡᠲᠦ ᠑᠐᠑ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ᠎ᠡ᠃

ᠬᠥᠳᠡᠯᠮᠦᠷᠢ ᠢᠢᠨ ᠪᠠᠭᠠᠲᠤᠷ ᠴᠣᠯᠠ ᠢᠢ:

ᠮᠣᠩ᠋ᠭᠤᠯ ᠦᠨᠳᠦᠰᠦᠲᠡᠨ ᠦ ᠰᠣᠶᠤᠯ᠂ ᠰᠡᠳᠬᠢᠯᠭᠡᠨ ᠦ ᠦᠨᠳᠦᠰᠦ ᠪᠣᠯᠤᠭᠰᠠᠨ ᠮᠣᠩ᠋ᠭᠤᠯ ᠳᠣᠮᠤᠭ ᠵᠦᠢ᠂ ᠪᠡᠯᠭᠡᠳᠡᠯ ᠵᠦᠢ ᠢᠢᠨ ᠴᠤᠪᠤᠷᠠᠯ ᠰᠤᠳᠤᠯᠭ᠎ᠠ ᠪᠠᠷ ᠢᠶᠠᠨ ᠮᠣᠩ᠋ᠭᠤᠯ ᠰᠣᠶᠤᠯ ᠢ ᠲᠠᠢᠢᠯᠤᠨ ᠲᠠᠢᠢᠯᠪᠤᠷᠢᠯᠠᠬᠤ ᠣᠨᠤᠯ ᠠᠷᠭ᠎ᠠ ᠵᠦᠢ᠂ ᠦᠵᠡᠯ ᠪᠠᠷᠢᠮᠲᠠᠯᠠᠯ ᠪᠣᠯᠪᠠᠰᠤᠷᠠᠭᠤᠯᠵᠤ᠂ ᠰᠠᠭᠤᠷᠢ ᠰᠤᠳᠤᠯᠭᠠᠨ ᠤ ᠣᠯᠠᠨ ᠠᠷᠪᠠᠨ ᠪᠦᠲᠦᠭᠡᠯ ᠲᠤᠭᠤᠷᠪᠢᠨ᠂ ᠲᠥᠷᠦ ᠢᠢᠨ

thumbnail 2025.11.24 Mongol baharhliin udriig tohiolduulan baatarlag tuuli haillaa 1
2025.11.24 Mongol baharhliin udriig tohiolduulan baatarlag tuuli haillaa 1
«ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠪᠠᠭᠠᠲᠤᠷᠯᠢᠭ ᠲᠤᠤᠯᠢ ᠬᠠᠢᠢᠯᠠᠯ᠎ᠠ

ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠡᠳᠦᠷ ᠪᠣᠭᠳᠠ ᠬᠠᠭᠠᠨ ᠤ ᠣᠷᠳᠤᠨ ᠮᠦᠽᠧᠶ ᠳᠥ «ᠬᠠᠭᠠᠨ ᠴᠢᠩ᠋ᠭᠢᠯ ᠪᠠᠭᠠᠲᠤᠷ» ᠪᠠᠭᠠᠲᠤᠷᠯᠢᠭ ᠲᠤᠤᠯᠢ ᠬᠠᠢᠢᠯᠠᠯ᠎ᠠ᠃

ᠶᠡᠷᠦᠩᠬᠡᠢᠢᠯᠡᠭᠴᠢ ᠢᠢᠨ ᠰᠣᠶᠤᠯ᠂ ᠱᠠᠰᠢᠨ ᠤ ᠪᠣᠳᠤᠯᠭ᠎ᠠ ᠢᠢᠨ ᠵᠥᠪᠯᠡᠬᠦ ᠪ᠊·ᠰᠡᠷᠭᠦᠯᠡᠩ ᠶᠣᠰᠤᠯᠠᠯ ᠢ ᠨᠡᠭᠡᠭᠡᠵᠦ ᠬᠡᠯᠡᠬᠦ ᠳᠥ ᠪᠡᠨ᠂ ᠪᠠᠭᠠᠲᠤᠷᠯᠢᠭ ᠲᠤᠤᠯᠢᠰ ᠤᠨ ᠠᠭᠤᠯᠭ᠎ᠠ᠂ ᠠᠴᠢ ᠬᠣᠯᠪᠤᠭᠳᠠᠯ ᠢ ᠲᠠᠨᠢᠵᠤ ᠣᠢᠢᠯᠠᠭᠠᠬᠤ᠂ ᠲᠦᠭᠡᠭᠡᠨ ᠳᠡᠯᠭᠡᠷᠡᠭᠦᠯᠬᠦ᠂ ᠥᠪ ᠰᠣᠶᠤᠯ ᠢᠶᠠᠨ ᠬᠦᠨᠳᠦᠳᠬᠡᠨ ᠳᠡᠭᠡᠳᠦᠯᠡᠬᠦ᠂ ᠤᠯᠠᠮᠵᠢᠯᠠᠭᠤᠯᠬᠤ᠂ ᠬᠠᠳᠠᠭᠠᠯᠠᠬᠤ ᠢᠢᠨ ᠴᠢᠬᠤᠯᠠ ᠢᠢ ᠣᠨᠴᠠᠯᠠᠵᠤ᠂ ᠡᠭᠦᠨ ᠳᠥ ᠢᠳᠡᠪᠬᠢ ᠰᠠᠨᠠᠭᠠᠴᠢᠯᠠᠭ᠎ᠠ ᠲᠠᠢ ᠣᠷᠤᠯᠴᠠᠵᠤ ᠪᠠᠢᠢᠭ᠎ᠠ ᠪᠠᠢᠢᠭᠤᠯᠤᠯᠭ᠎ᠠ᠂ ᠡᠷᠳᠡᠮᠲᠡᠨ

thumbnail 2025.11.22 Munkh tengeriin bichig-2025 mongol uran bichlegiin shildguud todorloo 1
2025.11.22 Munkh tengeriin bichig-2025 mongol uran bichlegiin shildguud todorloo 1
«ᠮᠥᠩᠬᠡ ᠲᠩᠷᠢ ᠢᠢᠨ ᠪᠢᠴᠢᠭ-᠒᠐᠒᠕» ᠮᠣᠩ᠋ᠭᠤᠯ ᠤᠷᠠᠨ ᠪᠢᠴᠢᠯᠭᠡ ᠢᠢᠨ ᠰᠢᠯᠢᠳᠡᠭ ᠦᠳ ᠲᠣᠳᠣᠷᠠᠯ᠎ᠠ

ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠡᠳᠦᠷ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠳᠠᠭ «ᠮᠥᠩᠬᠡ ᠲᠩᠷᠢ ᠢᠢᠨ ᠪᠢᠴᠢᠭ᠌-᠒᠐᠒᠕» ᠮᠣᠩ᠋ᠭᠤᠯ ᠤᠷᠠᠨ ᠪᠢᠴᠢᠯᠭᠡ ᠢᠢᠨ ᠣᠯᠠᠨ ᠤᠯᠤᠰ ᠤᠨ ᠦᠵᠡᠰᠬᠦᠯᠡᠩ ᠦᠨ ᠨᠡᠭᠡᠭᠡᠯᠲᠡ ᠮᠣᠩ᠋ᠭᠤᠯ ᠤᠨ ᠬᠡᠦᠬᠡᠳ ᠦᠨ ᠣᠷᠳᠤᠨ ᠳᠤ ᠪᠣᠯᠤᠯ᠎ᠠ᠃

᠑᠒ ᠳ᠋ᠤᠭᠠᠷ ᠰᠠᠷ᠎ᠠ ᠢᠢᠨ ᠐᠕ ᠤ ᠡᠳᠦᠷ ᠬᠦᠷᠲᠡᠯ᠎ᠡ ᠣᠯᠠᠨ ᠤ ᠬᠦᠷᠲᠡᠭᠡᠯ ᠪᠣᠯᠬᠤ ᠡᠨᠡ ᠦᠵᠡᠰᠬᠦᠯᠡᠩ ᠮᠣᠩ᠋ᠭᠤᠯ ᠬᠦᠮᠦᠨ ᠦ ᠣᠶᠤᠨ ᠤ ᠳᠠᠷᠬᠠᠯᠠᠭ᠎ᠠ᠂ ᠮᠣᠩ᠋ᠭᠤᠯ ᠦᠨᠳᠦᠰᠦᠨ ᠦ ᠰᠣᠶᠤᠯ ᠤᠨ ᠥᠪ ᠤᠯᠠᠮᠵᠢᠯᠠᠯ ᠢ ᠬᠣᠢᠢᠴᠢ ᠦᠶ᠎ᠡ ᠪᠣᠯᠤᠨ ᠣᠯᠠᠨ ᠤᠯᠤᠰ ᠲᠤ ᠲᠠᠨᠢᠭᠤᠯᠤᠨ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠡᠷᠭᠡ ᠵᠣᠷᠢᠯᠭ᠎ᠠ ᠲᠠᠢ ᠶᠤᠮ᠃

ᠡᠨᠡ

thumbnail 2025.11.21 E.Batmagnai turuulj, Chinggis haan tsomiig hurtlee 1
2025.11.21 E.Batmagnai turuulj, Chinggis haan tsomiig hurtlee 1
«ᠮᠣᠩ᠋ᠭᠤᠯ ᠪᠠᠬᠠᠷᠬᠠᠯ ᠤᠨ ᠡᠳᠦᠷ» ᠲᠥ ᠵᠣᠷᠢᠭᠤᠯᠤᠭᠰᠠᠨ ᠪᠠᠷᠢᠯᠳᠤᠭᠠᠨ ᠳᠤ ᠤᠯᠤᠰ ᠤᠨ ᠠᠷᠰᠯᠠᠨ ᠡ᠊·ᠪᠠᠲᠤᠮᠠᠩᠨᠠᠶ ᠲᠦᠷᠦᠭᠦᠯᠡᠵᠦ᠂ «ᠴᠢᠩᠬᠢᠰ ᠬᠠᠭᠠᠨ» ᠴᠣᠮᠤ ᠢᠢ ᠬᠦᠷᠲᠡᠯ᠎ᠡ

ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠲ᠋ᠥ ᠵᠣᠷᠢᠭᠤᠯᠤᠭᠰᠠᠨ ᠤᠯᠤᠰ᠂ ᠠᠢᠢᠮᠠᠭ ᠤᠨ ᠠᠯᠳᠠᠷ᠂ ᠴᠣᠯᠠ ᠲᠠᠢ᠂ ᠥᠨᠳᠦᠷ ᠴᠢᠨᠰᠠᠭ᠎ᠠ ᠲᠠᠢ ᠬᠦᠴᠦᠲᠦ ᠑᠒᠘ ᠪᠥᠬᠡ ᠢᠢᠨ ᠪᠠᠷᠢᠯᠳᠤᠭᠠᠨ ᠮᠣᠩ᠋ᠭᠤᠯ ᠪᠥᠬᠡ ᠢᠢᠨ ᠥᠷᠭᠦᠭᠡᠨ ᠳᠥ ᠪᠣᠯᠤᠯ᠎ᠠ᠃

ᠡᠨᠡ ᠤᠳᠠᠭ᠎ᠠ ᠢᠢᠨ ᠪᠠᠷᠢᠯᠳᠤᠭᠠᠨ ᠳᠤ ᠤᠪᠰᠤ ᠠᠢᠢᠮᠠᠭ ᠤᠨ ᠬᠣᠪᠳᠤ ᠰᠤᠮᠤ ᠢᠢᠨ ᠬᠠᠷᠢᠶᠠᠲᠤ᠂ ᠤᠯᠤᠰ ᠤᠨ ᠳᠠᠷᠬᠠᠨ ᠠᠪᠤᠷᠭᠤ ᠨᠠ᠊·ᠪᠠᠲᠤᠰᠠᠭᠤᠷᠢ᠂ ᠬᠣᠪᠳᠤ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ᠂ ᠤᠯᠤᠰ ᠤᠨ ᠠᠪᠤᠷᠭᠤ ᠣ·ᠬᠠᠩ᠋ᠭᠠᠢ ᠲᠡᠷᠢᠭᠦᠲᠡᠢ ᠬᠦᠴᠦᠲᠦ ᠑᠒᠘ ᠪᠥᠬᠡ ᠵᠣᠳᠤᠭᠯᠠᠭᠰᠠᠨ ᠠᠴᠠ ᠪᠠᠶᠠᠩᠬᠣᠩ᠋ᠭᠤᠷ ᠠᠢᠢᠮᠠᠭ ᠤᠨ ᠵᠢᠩᠰᠡᠲᠦ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠡᠩᠬᠡᠲᠦ᠋ᠪᠰᠢᠨ ᠦ ᠪᠠᠲᠤᠮᠠᠩᠨᠠᠶ ᠲᠦᠷᠦᠭᠦᠯᠡᠵᠦ᠂

thumbnail 2025.11.21 Chinggis haan terguun zergiin odont, akademich S.Narangerel tur, ard tumendee talarhal ilerhiillee 1
2025.11.21 Chinggis haan terguun zergiin odont, akademich S.Narangerel tur, ard tumendee talarhal ilerhiillee 1
«ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠤᠨᠲᠤ᠂ ᠠᠻᠠᠳᠧᠮᠢᠴᠢ ᠰᠣ᠊·ᠨᠠᠷᠠᠨᠭᠡᠷᠡᠯ ᠲᠥᠷᠦ᠂ ᠠᠷᠠᠳ ᠲᠦᠮᠡᠨ ᠳᠥ ᠪᠡᠨ ᠲᠠᠯᠠᠷᠬᠠᠯ ᠢᠯᠡᠷᠬᠡᠢᠢᠯᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠵᠠᠷᠯᠢᠭ ᠢᠶᠠᠷ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠣᠨ ᠬᠦᠷᠲᠡᠭᠰᠡᠨ ᠠᠻᠠᠳᠧᠮᠢᠴᠢ ᠰᠣ᠊·ᠨᠠᠷᠠᠨᠭᠡᠷᠡᠯ ᠲᠥᠷᠦ᠂ ᠠᠷᠠᠳ ᠲᠦᠮᠡᠨ ᠳᠥ ᠪᠡᠨ ᠲᠠᠯᠠᠷᠬᠠᠯ ᠢᠯᠡᠷᠬᠡᠢᠢᠯᠡᠯ᠎ᠡ᠃

«ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠤᠨᠲᠤ᠂ ᠠᠻᠠᠳᠧᠮᠢᠴᠢ ᠰᠣᠳᠪᠠᠰᠦ᠋ᠷᠦᠩ ᠦᠨ ᠨᠠᠷᠠᠨᠭᠡᠷᠡᠯ:

ᠲᠥᠷᠦᠯᠬᠢ ᠡᠬᠡ ᠣᠷᠤᠨ᠂ ᠮᠣᠩ᠋ᠭᠤᠯ ᠤᠯᠤᠰ ᠤᠨ ᠢᠶᠠᠨ ᠲᠡᠷᠢᠭᠦᠨ ᠵᠡᠷᠭᠡ ᠢᠢᠨ᠂ ᠬᠠᠮᠤᠭ ᠤᠨ ᠳᠡᠭᠡᠳᠦ ᠣᠳᠣᠨ᠂ ᠶᠡᠬᠡ ᠡᠵᠡᠨ «ᠴᠢᠩᠬᠢᠰ ᠬᠠᠭᠠᠨ» ᠣᠳᠣᠨ ᠢ ᠡᠭᠡᠯ ᠵᠢᠷ ᠦᠨ ᠠᠲᠠᠯ᠎ᠠ ᠪᠠᠨ ᠤᠳᠤᠮ ᠤᠭᠰᠢᠯ ᠲᠠᠢ ᠢᠷᠭᠡᠨ᠂ ᠪᠠᠭᠰᠢ᠂ ᠡᠷᠳᠡᠮᠲᠡᠨ᠂ ᠰᠤᠳᠤᠯᠤᠭᠠᠴᠢ᠂ ᠬᠠᠤᠯᠢᠴᠢ ᠨᠠᠳᠠ ᠳᠤ ᠬᠦᠷᠲᠡᠭᠡᠵᠦ ᠪᠠᠢᠢᠭᠠᠳ ᠮᠣᠩ᠋ᠭᠤᠯ ᠤᠯᠤᠰ ᠤᠨ ᠡᠷᠬᠢᠮ ᠬᠦᠨᠳᠦᠲᠦ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ

thumbnail 2025.11.21 Academich Sodowsurengiin Narangereld Chinggis haan terguun zergiin odon hurteelee 1
2025.11.21 Academich Sodowsurengiin Narangereld Chinggis haan terguun zergiin odon hurteelee 1
ᠠᠻᠠᠳᠧᠮᠢᠴᠢ ᠰᠣᠳᠪᠠᠰᠦ᠋ᠷᠦᠩ ᠦᠨ ᠨᠠᠷᠠᠨᠭᠡᠷᠡᠯ ᠳᠥ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠣᠨ ᠬᠦᠷᠲᠡᠭᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ᠂ ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠠᠻᠠᠳᠧᠮᠢᠴᠢ ᠰᠣᠳᠪᠠᠰᠦ᠋ᠷᠦᠩ ᠦᠨ ᠨᠠᠷᠠᠨᠭᠡᠷᠡᠯ ᠳᠥ ᠲᠥᠷᠦ ᠢᠢᠨ ᠳᠡᠭᠡᠳᠦ ᠱᠠᠩᠨᠠᠯ᠂ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠣᠨ ᠬᠦᠷᠲᠡᠭᠡᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠠᠻᠠᠳᠧᠮᠢᠴᠢ ᠰᠣ᠊·ᠨᠠᠷᠠᠨᠭᠡᠷᠡᠯ ᠳᠥ ᠲᠥᠷᠦ᠂ ᠵᠠᠰᠠᠭ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠯ᠎ᠡ᠃

ᠲᠡᠷᠡ ᠪᠡᠷ᠂ ᠠᠷᠠᠳᠴᠢᠯᠠᠭᠰᠠᠨ ᠦᠨᠳᠦᠰᠦᠨ ᠬᠠᠤᠯᠢ ᠢᠢ ᠬᠡᠷᠡᠭᠵᠢᠭᠦᠯᠬᠦ ᠡᠬᠢ ᠦᠨᠳᠦᠰᠦ ᠪᠣᠯᠤᠭᠰᠠᠨ ᠬᠠᠤᠯᠢ ᠲᠣᠭᠲᠠᠭᠠᠮᠵᠢ ᠢᠢ ᠰᠢᠨᠡᠴᠢᠯᠠᠨ ᠪᠠᠲᠤᠯᠠᠬᠤ᠂ ᠬᠠᠤᠯᠢ

thumbnail 2025.11.21 Ezen bogd Chinggis haanii hushuund hundetgel uzuullee 1
2025.11.21 Ezen bogd Chinggis haanii hushuund hundetgel uzuullee 1
ᠡᠵᠡᠨ ᠪᠣᠭᠳᠠ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ

ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠤᠯᠤᠰ ᠤᠨ ᠶᠡᠬᠡ ᠬᠤᠷᠠᠯ ᠤᠨ ᠳᠠᠷᠤᠭ᠎ᠠ ᠨᠢᠮ᠎ᠠ-ᠣᠰᠣᠷ ᠤᠨ ᠤᠴᠠᠷᠠᠯ᠂ ᠶᠡᠷᠦᠩᠬᠡᠶ ᠰᠠᠢᠢᠳ ᠭᠣᠮᠪᠤᠵᠠᠪ ᠤᠨ ᠽᠠᠨᠳᠠᠨᠰᠢᠲᠠᠷ ᠠ ᠨᠠᠷ ᠡᠵᠡᠨ ᠪᠣᠭᠳᠠ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠒᠐᠑᠒ ᠣᠨ ᠤ ᠐᠑ ᠊ᠳ᠋ᠦᠭᠡᠷ ᠰᠠᠷ᠎ᠠ ᠢᠢᠨ ᠐᠙ ᠦ ᠡᠳᠦᠷ ᠦᠨ ᠔ ᠲᠣᠭᠠᠲᠤ ᠵᠠᠷᠯᠢᠭ ᠢᠶᠠᠷ ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠣᠩᠨᠠᠭ᠎ᠠ ᠢᠢ ᠠᠵᠢᠯ ᠤᠨ ᠬᠡᠰᠡᠭ ᠦᠨ ᠳ᠋ᠦᠩᠨᠡᠯᠲᠡ ᠪᠣᠯᠤᠨ ᠰᠢᠨᠵᠢᠯᠡᠬᠦ ᠤᠬᠠᠭᠠᠨ ᠤ ᠠᠻᠠᠳᠧᠮᠢ ᠢᠢᠨ