Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠶᠡᠷᠦᠩᠬᠡᠢᠢᠯᠡᠭᠴᠢ ᠢ ᠵᠧ ᠮᠶᠣᠨ ᠲᠠᠶ ᠤᠲᠠᠰᠤ ᠪᠠᠷ ᠶᠠᠷᠢᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠶᠡᠷᠦᠩᠬᠡᠢᠢᠯᠡᠭᠴᠢ ᠢ ᠵᠧ ᠮᠶᠣᠨ ᠲᠠᠶ ᠒᠐᠒᠕ ᠣᠨ ᠤ ᠐᠙ ᠊ᠳ᠋ᠦᠭᠡᠷ ᠰᠠᠷ᠎ᠠ ᠢᠢᠨ ᠐᠔ ᠦ ᠡᠳᠦᠷ ᠤᠲᠠᠰᠤ ᠪᠠᠷ ᠶᠠᠷᠢᠪᠠ᠃

ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠒᠑ ᠳ᠋ᠡᠬᠢ ᠶᠡᠷᠦᠩᠬᠡᠢᠢᠯᠡᠭᠴᠢ ᠪᠡᠷ ᠰᠣᠩ᠋ᠭᠤᠭᠳᠠᠭᠰᠠᠨ ᠳᠤ ᠪᠠᠶᠠᠷ ᠬᠦᠷᠭᠡᠭ᠍ᠰᠡᠨ ᠳᠥ ᠶᠡᠷᠦᠩᠬᠡᠢᠢᠯᠡᠭᠴᠢ ᠢ ᠵᠧ ᠮᠶᠣᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠲᠠᠯᠠᠷᠬᠠᠯ ᠢᠯᠡᠷᠬᠡᠢᠢᠯᠡᠵᠦ᠂ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠓᠕ ᠵᠢᠯ ᠦᠨ ᠣᠢ ᠢᠢᠨ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠨᠡᠢᠢᠭᠡᠮ᠂ ᠡᠳ᠋ ᠦᠨ ᠵᠠᠰᠠᠭ ᠤᠨ ᠪᠦᠬᠦᠢ ᠯᠠ ᠰᠠᠯᠪᠤᠷᠢ ᠢᠢ ᠬᠠᠮᠤᠷᠤᠨ ᠥᠷᠭᠡᠵᠢᠨ ᠲᠡᠯᠡᠵᠦ᠂ ᠡᠳᠦᠭᠡ «ᠰᠲ᠋ᠷᠠᠲ᠋ᠧᠭᠢ ᠢᠢᠨ ᠲᠦᠩᠰᠢᠯᠡᠯ» ᠊ᠦᠨ ᠲᠥᠪᠰᠢᠨ ᠳᠥ ᠬᠥᠭ᠍ᠵᠢᠵᠦ ᠪᠠᠢᠢᠭ᠎ᠠ ᠳᠤ ᠲᠥᠷᠦ ᠢᠢᠨ ᠲᠡᠷᠢᠭᠦᠨ ᠨᠠᠷ ᠰᠡᠳᠬᠢᠯ ᠬᠠᠩ᠋ᠭᠠᠯᠤᠭᠤᠨ ᠪᠤᠢ ᠪᠠᠨ ᠢᠯᠡᠷᠬᠡᠢᠢᠯᠡᠪᠡ᠃

ᠲᠠᠯ᠎ᠠ ᠨᠤᠭᠤᠳ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠲᠡᠮᠳᠡᠭᠯᠡᠵᠦ᠂ ᠬᠠᠷᠢᠯᠴᠠᠨ ᠢᠲᠡᠭᠡᠯᠴᠡᠯ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠬᠦ ᠳᠥ ᠥᠨᠳᠦᠷ᠂ ᠳᠡᠭᠡᠳᠦ ᠲᠥᠪᠰᠢᠨ ᠦ ᠬᠠᠷᠢᠯᠴᠠᠨ ᠠᠢᠢᠯᠴᠢᠯᠠᠯ ᠴᠢᠬᠤᠯᠠ ᠭᠡᠳᠡᠭ ᠲᠥ ᠰᠠᠨᠠᠯ ᠨᠢᠭᠡᠳᠦᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ ᠢᠢ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠤᠷᠢᠯᠭ᠎ᠠ ᠲᠠᠢ ᠢᠢ ᠶᠡᠷᠦᠩᠬᠡᠢᠢᠯᠡᠭᠴᠢ ᠢ ᠵᠧ ᠮᠶᠣᠨ ᠨᠤᠲᠠᠯᠠᠯ᠎ᠠ᠃

ᠡᠳᠦᠭᠡ ᠬᠡᠷᠡᠭᠵᠢᠵᠦ ᠪᠠᠢᠢᠭ᠎ᠠ ᠲᠥᠰᠦᠯ᠂ ᠬᠥᠲᠦᠯᠪᠦᠷᠢ ᠢᠢ ᠲᠥᠯᠦᠪᠯᠡᠭᠰᠡᠨ ᠦ ᠳᠠᠭᠠᠭᠤ ᠤᠷᠤᠭᠰᠢᠯᠠᠭᠤᠯᠬᠤ᠂ ᠮᠣᠩ᠋ᠭᠤᠯ᠂ ᠰᠣᠯᠤᠩ᠋ᠭᠤᠰ ᠤᠨ «ᠡᠳ᠋ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ» ᠊ᠦᠨ ᠶᠠᠷᠢᠶ᠎ᠠ ᠬᠡᠯᠡᠯᠴᠡᠭᠡ ᠢᠢ ᠦᠷ᠎ᠡ ᠳ᠋ᠦᠩ ᠲᠡᠢ ᠦᠷᠭᠦᠯᠵᠢᠯᠡᠭᠦᠯᠬᠦ᠂ ᠬᠣᠪᠤᠷ ᠮᠧᠲ᠋ᠠᠯ᠂ ᠮᠡᠳᠡᠭᠡᠯᠡᠯ ᠦᠨ ᠲᠧᠭᠨᠣᠯᠤᠭᠢ ᠵᠡᠷᠭᠡ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠲᠠᠯ᠎ᠠ ᠪᠠᠷ ᠶᠠᠷᠢᠯᠴᠠᠯ᠎ᠠ᠃

ᠲᠥᠷᠦ ᠢᠢᠨ ᠲᠡᠷᠢᠭᠦᠨ ᠨᠠᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠡᠷᠴᠢᠮ ᠲᠡᠢ ᠥᠷᠭᠡᠵᠢᠨ ᠬᠥᠭ᠍ᠵᠢᠬᠦ ᠳᠥ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠭᠣᠣᠯ ᠲᠤᠯᠭᠠᠭᠤᠷᠢ ᠡᠭᠦᠷᠭᠡ ᠭᠦᠢᠴᠡᠳᠬᠡᠵᠦ ᠢᠷᠡᠭᠰᠡᠨ ᠢ ᠣᠨᠴᠠᠯᠠᠵᠤ᠂ ᠢᠷᠭᠡᠳ ᠦᠨ ᠰᠣᠯᠢᠯᠴᠠᠭ᠎ᠠ ᠢᠢ ᠳᠡᠮᠵᠢᠬᠦ ᠪᠡᠨ ᠢᠯᠡᠷᠬᠡᠢᠢᠯᠡᠯ᠎ᠡ᠃

ᠡᠨᠡ ᠬᠦᠷᠢᠶᠡᠨ ᠳᠥ ᠬᠣᠶᠠᠷ ᠤᠯᠤᠰ ᠤᠨ ᠬᠣᠯᠪᠤᠭᠳᠠᠬᠤ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠪᠡᠷ ᠲᠣᠬᠢᠷᠠᠯᠴᠠᠯ᠎ᠠ᠃

ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠢᠷᠭᠡᠳ ᠢ ᠲᠣᠳᠤᠷᠬᠠᠶ ᠬᠤᠭᠤᠴᠠᠭᠠᠨ ᠳᠤ ᠸᠢᠰᠠ ᠢᠢᠨ ᠨᠥᠬᠦᠴᠡᠯ ᠡᠴᠡ ᠴᠢᠯᠦᠭᠡᠯᠡᠭᠰᠡᠨ ᠲᠡᠢ ᠠᠳᠠᠯᠢ ᠮᠣᠩ᠋ᠭᠤᠯ ᠢᠷᠭᠡᠳ ᠢ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠲᠤ ᠬᠥᠩ᠋ᠭᠡᠯᠡᠯᠲᠡ ᠲᠡᠢ ᠨᠥᠬᠦᠴᠡᠯ ᠢᠶᠡᠷ᠂ ᠸᠢᠰᠠ ᠦᠭᠡᠢ ᠵᠣᠷᠴᠢᠬᠤ ᠳᠤ ᠠᠩᠬᠠᠷᠬᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠬᠦᠰᠡᠯᠲᠡ ᠢᠢ ᠶᠡᠷᠦᠩᠬᠡᠢᠢᠯᠡᠭᠴᠢ ᠢ ᠵᠧ ᠮᠶᠣᠨ ᠬᠦᠯᠢᠶᠡᠨ ᠠᠪᠴᠤ᠂ ᠡᠨᠡ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠨ ᠲᠡᠮᠳᠡᠭᠯᠡᠯ᠎ᠡ᠃

ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠲᠤ ᠠᠮᠢᠳᠤᠷᠠᠵᠤ᠂ ᠠᠵᠢᠯ ᠬᠥᠳᠡᠯᠮᠦᠷᠢ ᠡᠷᠬᠢᠯᠡᠵᠦ ᠪᠠᠢᠢᠭ᠎ᠠ ᠮᠣᠩ᠋ᠭᠤᠯ ᠢᠷᠭᠡᠳ ᠲᠤᠰ ᠤᠯᠤᠰ ᠤᠨ ᠬᠥᠭ᠍ᠵᠢᠯ ᠳᠡᠪᠰᠢᠯ ᠳᠥ ᠵᠣᠬᠢᠬᠤ ᠬᠤᠪᠢ ᠨᠡᠮᠡᠷᠢ ᠣᠷᠤᠭᠤᠯᠵᠤ ᠪᠤᠢ ᠳᠤ ᠶᠡᠷᠦᠩᠬᠡᠢᠢᠯᠡᠭᠴᠢ ᠢ ᠵᠧ ᠮᠶᠣᠨ ᠲᠠᠯᠠᠷᠬᠠᠯ ᠢᠯᠡᠷᠬᠡᠢᠢᠯᠡᠯ᠎ᠡ᠃

ᠲᠠᠯ᠎ᠠ ᠨᠤᠭᠤᠳ ᠣᠯᠠᠨ ᠤᠯᠤᠰ᠂ ᠪᠦᠰᠡ ᠨᠤᠲᠤᠭ ᠤᠨ ᠲᠠᠪᠴᠠᠩ ᠳᠤ ᠨᠢᠭ᠌ᠲᠠ ᠬᠠᠮᠲᠤᠷᠠᠨ ᠠᠵᠢᠯᠯᠠᠵᠤ ᠢᠷᠡᠭᠰᠡᠨ ᠢ ᠥᠨᠳᠦᠷ ᠢᠶᠡᠷ ᠦᠨᠡᠯᠡᠵᠦ᠂ ᠴᠢᠨᠠᠭᠰᠢᠳᠠ ᠡᠨᠡ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠨᠤᠲᠠᠯᠠᠯ᠎ᠠ᠃

ᠵᠢᠷᠤᠭ ᠤᠨ ᠡᠬᠢ ᠰᠤᠷᠪᠤᠯᠵᠢ:

Office of the President Republic of Korea, Official Photo by Sunghwan Wie