ᠮᠣᠩ᠌ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ (ᠲᠥᠷᠦ ᠢᠢᠨ ᠲᠡᠷᠢᠭᠦᠨ) ᠰᠠᠮᠠᠨ᠋ᠲ᠋ᠾᠠ ᠮᠣᠰᠲ᠋ᠢᠨ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ᠂ ᠠᠮᠪᠠᠨ ᠵᠠᠬᠢᠷᠤᠭᠴᠢ ᠰᠠᠮᠠᠨ᠋ᠲ᠋ᠾᠠ ᠮᠣᠰᠲ᠋ᠢᠨ ᠨᠠᠷ ᠠᠯᠪᠠᠨ ᠶᠣᠰᠤᠨ ᠤ ᠠᠭᠤᠯᠵᠠᠯᠲᠠ ᠢᠢᠨ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃ ᠮᠣᠩ᠌ᠭᠤᠯ ᠤᠯᠤᠰ᠂ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠣᠢᠢᠷ᠎ᠠ ᠢᠢᠨ ᠬᠤᠭᠤᠴᠠᠭᠠᠨ ᠳᠤ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ «ᠢᠵᠢ ᠪᠦᠷᠢᠨ ᠲᠦᠩᠰᠢᠯᠡᠯ» ᠊ᠳᠥ ᠬᠦᠷᠭᠡᠨ᠎ᠡ᠃

ᠮᠣᠩ᠌ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ:
ᠡᠷᠬᠢᠮ ᠬᠦᠨᠳᠦᠲᠦ ᠠᠮᠪᠠᠨ ᠵᠠᠬᠢᠷᠤᠭᠴᠢ ᠠ᠋᠂
ᠡᠨᠳᠡ ᠬᠦᠷᠦᠯᠴᠡᠨ ᠢᠷᠡᠭᠰᠡᠨ ᠬᠡᠪᠯᠡᠯ ᠦᠨ ᠲᠥᠯᠦᠭᠡᠯᠡᠭᠴᠢᠳ ᠡ᠂
ᠠᠦ᠋ᠰᠲ᠋ᠷᠠᠯᠢᠶ᠎ᠠ ᠠᠨᠳᠠ ᠨᠥᠬᠦᠳ ᠡ᠂
ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠶ ᠡ᠃
ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ᠂ ᠡᠷᠬᠢᠮ ᠬᠦᠨᠳᠦᠲᠦ ᠰᠠᠮᠠᠨ᠋ᠲ᠋ᠾᠠ ᠮᠣᠰᠲ᠋ᠢᠨ ᠲᠠ ᠮᠣᠩ᠌ᠭᠤᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠥᠨᠢ ᠡᠷᠲᠡᠨ ᠦ ᠲᠡᠦᠬᠡᠲᠦ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠳᠤ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃
ᠠᠮᠪᠠᠨ ᠵᠠᠬᠢᠷᠤᠭᠴᠢ ᠪᠢᠯᠯ ᠾᠧᠢᠢᠳᠧᠨ ᠦ ᠑᠙᠙᠔ ᠣᠨ ᠳᠤ ᠮᠣᠩ᠌ᠭᠤᠯ ᠤᠯᠤᠰ ᠲᠤ ᠬᠢᠭ᠍ᠰᠡᠨ ᠠᠯᠪᠠᠨ ᠶᠣᠰᠤᠨ ᠤ ᠠᠢᠢᠯᠴᠢᠯᠠᠯ ᠠᠴᠠ ᠬᠣᠢᠢᠰᠢ ᠓᠐ ᠭᠠᠷᠤᠶ ᠵᠢᠯ ᠦᠨ ᠳᠠᠷᠠᠭ᠎ᠠ ᠪᠣᠯᠵᠤ ᠪᠠᠢᠢᠭ᠎ᠠ ᠡᠨᠡ ᠲᠥᠷᠦ ᠢᠢᠨ ᠠᠢᠢᠯᠴᠢᠯᠠᠯ ᠨᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠡᠦᠬᠡᠨ ᠳᠥ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ ᠣᠨᠴᠤᠭᠤᠶ ᠠᠴᠢ ᠬᠣᠯᠪᠤᠭᠳᠠᠯ ᠲᠠᠢ᠂ ᠲᠡᠦᠬᠡᠨ ᠠᠢᠢᠯᠴᠢᠯᠠᠯ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠵᠦ ᠪᠠᠢᠢᠨ᠎ᠠ᠃
ᠠᠦ᠋ᠰᠲ᠋ᠷᠠᠯᠢᠶ᠎ᠠ ᠤᠯᠤᠰ ᠨᠢ ᠮᠣᠩ᠌ᠭᠤᠯ ᠤᠯᠤᠰ ᠤᠨ ᠭᠤᠷᠪᠠᠳᠠᠭᠴᠢ ᠬᠥᠷᠰᠢ᠂ ᠡᠨᠡᠳᠬᠡᠭ᠌᠂ ᠨᠣᠮᠤᠬᠠᠨ ᠳᠠᠯᠠᠢ ᠢᠢᠨ ᠪᠦᠰᠡ ᠨᠤᠲᠤᠭ ᠳ᠋ᠠᠬᠢ ᠳᠣᠲᠤᠨᠤ ᠢᠢᠨ ᠲᠦᠩᠰᠢ᠂ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠦᠨ ᠵᠠᠰᠠᠭ ᠤᠨ ᠰᠢᠯᠵᠢᠯᠲᠡ ᠢᠢᠨ ᠦᠶ᠎ᠡ ᠳᠥ ᠮᠠᠨ ᠤ ᠤᠯᠤᠰ ᠢ ᠲᠤᠭᠤᠰᠢᠲᠠᠢ ᠳᠡᠮᠵᠢᠵᠦ ᠢᠷᠡᠭᠰᠡᠨ ᠬᠥᠭ᠍ᠵᠢᠯ ᠦᠨ ᠲᠦᠩᠰᠢ ᠶᠤᠮ᠃
ᠠᠷᠠᠳᠴᠢᠯᠠᠯ᠂ ᠡᠷᠬᠡ ᠴᠢᠯᠦᠭᠡ᠂ ᠬᠦᠮᠦᠨ ᠦ ᠡᠷᠬᠡ᠂ ᠬᠠᠤᠯᠢ ᠳᠡᠭᠡᠳᠦᠯᠡᠬᠦ ᠶᠣᠰᠤ ᠵᠡᠷᠭᠡ ᠨᠡᠢᠢᠲᠡᠯᠢᠭ ᠦᠨᠡᠲᠦ ᠵᠦᠢᠯᠡᠰ ᠲᠥ ᠲᠤᠯᠭᠠᠭᠤᠷᠢᠯᠠᠭᠰᠠᠨ ᠮᠣᠩ᠌ᠭᠤᠯ᠂ ᠠᠦ᠋ᠰᠲ᠋ᠷᠠᠯᠢᠶ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠨᠢ ᠮᠠᠨ ᠤ ᠬᠣᠶᠠᠷ ᠣᠷᠤᠨ ᠤ ᠬᠣᠭᠤᠷᠤᠨᠳᠤ ᠑᠙᠗᠒ ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠲᠣᠭᠲᠠᠪᠤᠷᠢᠲᠠᠢ ᠬᠥᠭ᠍ᠵᠢᠵᠦ᠂ ᠡᠳᠦᠭᠡ ᠤᠯᠤᠰ ᠲᠥᠷᠦ᠂ ᠪᠠᠲᠤᠯᠠᠨ ᠬᠠᠮᠠᠭᠠᠯᠠᠬᠤ᠂ ᠡᠳ᠋ ᠦᠨ ᠵᠠᠰᠠᠭ᠂ ᠠᠭᠤᠯᠠ ᠠᠭᠤᠷᠬᠠᠶ᠂ ᠪᠣᠯᠪᠠᠰᠤᠷᠠᠯ᠂ ᠰᠣᠶᠤᠯ ᠵᠡᠷᠭᠡ ᠰᠠᠯᠪᠤᠷᠢ ᠳᠤ ᠥᠷᠭᠡᠵᠢᠨ ᠲᠡᠯᠡᠭᠰᠡᠭᠡᠷ ᠪᠠᠢᠢᠨ᠎ᠠ᠃
ᠡᠷᠬᠢᠮ ᠬᠦᠨᠳᠦᠲᠦ ᠠᠮᠪᠠᠨ ᠵᠠᠬᠢᠷᠤᠭᠴᠢ ᠲᠠᠨ ᠲᠠᠢ ᠬᠢᠭ᠍ᠰᠡᠨ ᠠᠯᠪᠠᠨ ᠶᠣᠰᠤᠨ ᠤ ᠠᠭᠤᠯᠵᠠᠯᠲᠠ ᠪᠠᠷ ᠮᠠᠨ ᠤ ᠬᠣᠶᠠᠷ ᠣᠷᠤᠨ ᠤ ᠬᠠᠭᠠᠰ ᠵᠠᠭᠤᠨᠨ ᠵᠢᠯ ᠦᠨ ᠲᠡᠦᠬᠡᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠣᠯᠤᠯᠲᠠ᠂ ᠠᠮᠵᠢᠯᠲᠠ ᠢᠢ ᠳ᠋ᠦᠩᠨᠡᠨ ᠬᠡᠯᠡᠯᠴᠡᠵᠦ᠂ ᠬᠡᠲᠦ ᠢᠢᠨ ᠲᠥᠯᠦᠪ᠂ ᠴᠠᠷ ᠬᠦᠷᠢᠶ᠎ᠡ᠂ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠭᠰᠠᠨ ᠠᠴᠠ ᠭᠠᠳᠠᠨ᠎ᠠ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠤᠨ «ᠢᠵᠢ ᠪᠦᠷᠢᠨ ᠲᠦᠩᠰᠢᠯᠡᠯ» ᠊ᠳᠥ ᠬᠦᠷᠭᠡᠵᠦ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃
ᠪᠢᠳᠡ ᠤᠯᠤᠰ ᠣᠷᠤᠨ ᠤ ᠬᠥᠭ᠍ᠵᠢᠯ ᠳᠡᠪᠰᠢᠯ᠂ ᠡᠳ᠋ ᠦᠨ ᠵᠠᠰᠠᠭ ᠤᠨ ᠦᠷ᠎ᠡ ᠥᠭ᠍ᠭᠦᠭᠡᠵᠦ᠂ ᠬᠥᠷᠦᠩ᠌ᠭᠡ ᠣᠷᠤᠭᠤᠯᠤᠯᠲᠠ ᠢᠢ ᠨᠡᠮᠡᠭᠳᠡᠭᠦᠯᠬᠦ ᠳᠥ ᠴᠢᠭᠯᠡᠭᠰᠡᠨ ᠬᠠᠷᠢᠯᠴᠠᠨ ᠠᠰᠢᠭᠲᠠᠢ ᠲᠣᠮᠣᠬᠠᠨ ᠲᠥᠰᠦᠯ᠂ ᠬᠥᠲᠦᠯᠪᠦᠷᠢ ᠬᠠᠮᠲᠤᠷᠠᠨ ᠬᠡᠷᠡᠭᠵᠢᠭᠦᠯᠬᠦ ᠲᠠᠯ᠎ᠠ ᠪᠠᠷ ᠳᠡᠯᠭᠡᠷᠡᠩ᠌ᠭᠦᠶ ᠶᠠᠷᠢᠯᠴᠠᠵᠤ᠂ ᠰᠠᠨᠠᠯ ᠪᠣᠳᠤᠯ ᠢᠶᠠᠨ ᠰᠣᠯᠢᠯᠴᠠᠯ᠎ᠠ᠃
ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ «ᠣᠭ᠍ᠶᠤ ᠲᠣᠯᠤᠭᠠᠶ» ᠲᠥᠰᠦᠯ᠂ «ᠠᠦ᠋ᠰᠲ᠋ᠷᠠᠯᠢᠶ᠎ᠠ-ᠮᠣᠩ᠌ᠭᠤᠯ ᠤᠨ ᠡᠷᠦᠳᠡᠰᠦ ᠪᠠᠶᠠᠯᠢᠭ ᠤᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠬᠥᠲᠦᠯᠪᠦᠷᠢ» ᠨᠢ ᠮᠣᠩ᠌ᠭᠤᠯ ᠤᠨ ᠠᠭᠤᠯᠠ ᠠᠭᠤᠷᠬᠠᠶ ᠢᠢᠨ ᠡᠷᠬᠡ ᠵᠦᠢ ᠢᠢᠨ ᠣᠷᠴᠢᠨ᠂ ᠪᠣᠳᠤᠯᠭ᠎ᠠ᠂ ᠵᠣᠬᠢᠴᠠᠭᠤᠯᠤᠯᠲᠠ ᠢᠢᠨ ᠲᠣᠭᠲᠠᠯᠴᠠᠭ᠎ᠠ ᠢᠢ ᠪᠣᠯᠪᠠᠰᠤᠷᠠᠩ᠌ᠭᠤᠢ ᠪᠣᠯᠭᠠᠬᠤ᠂ ᠪᠢᠽᠢᠨᠧᠰ ᠦᠨ ᠦᠢᠯᠡ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ᠂ ᠬᠦᠮᠦᠨ ᠦ ᠨᠥᠭᠡᠴᠡ ᠢᠢ ᠴᠢᠳᠠᠪᠬᠢᠵᠢᠭᠤᠯᠬᠤ ᠳᠤ ᠦᠨ᠎ᠡ ᠲᠡᠢ ᠬᠤᠪᠢ ᠨᠡᠮᠡᠷᠢ ᠣᠷᠤᠭᠤᠯᠵᠤ ᠪᠠᠢᠢᠭ᠎ᠠ ᠢᠢ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃
ᠮᠠᠨ ᠤ ᠬᠣᠶᠠᠷ ᠤᠯᠤᠰ ᠪᠡᠯᠴᠢᠭᠡᠷ ᠦᠨ ᠪᠣᠯᠤᠨ ᠹᠧᠷᠮᠢ ᠢᠢᠨ ᠮᠠᠯ ᠠᠵᠤ ᠠᠬᠤᠶ ᠡᠷᠬᠢᠯᠡᠳᠡᠭ ᠦᠨ ᠬᠤᠪᠢ ᠳᠤ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠬᠥᠷᠦᠰᠦᠨ ᠦ ᠳᠣᠷᠤᠢᠢᠲᠠᠯ᠂ ᠬᠦᠨᠡᠰᠦᠨ ᠦ ᠬᠠᠩ᠌ᠭᠠᠮᠵᠢ᠂ ᠠᠶᠤᠯ ᠦᠭᠡᠢ ᠪᠠᠢᠢᠳᠠᠯ ᠵᠡᠷᠭᠡ ᠳᠡᠯᠡᠬᠡᠶ ᠨᠡᠢᠢᠲᠡ ᠳᠥ ᠲᠤᠯᠭᠠᠷᠠᠵᠤ ᠪᠤᠢ ᠰᠣᠷᠢᠯᠲᠠ ᠢᠢ ᠳᠠᠪᠠᠨ ᠲᠤᠭᠤᠯᠵᠤ᠂ ᠰᠢᠢᠳᠪᠦᠷᠢᠯᠡᠬᠦ ᠨᠢ ᠪᠢᠳᠡᠨ ᠦ ᠨᠡᠢᠢᠲᠡᠯᠢᠭ ᠵᠣᠷᠢᠯᠲᠠ ᠭᠡᠳᠡᠭ ᠲᠥ ᠰᠠᠨᠠᠯ ᠨᠢᠭᠡᠳᠦᠯ᠎ᠡ᠃
ᠪᠡᠯᠴᠢᠭᠡᠷ ᠦᠨ ᠮᠧᠨᠧᠵᠮᠧᠨ᠋ᠲ ᠢ ᠰᠠᠢᠢᠵᠢᠷᠠᠭᠤᠯᠬᠤ᠂ ᠲᠣᠭᠲᠠᠪᠤᠷᠢᠲᠠᠢ ᠮᠠᠯ ᠠᠵᠤ ᠠᠬᠤᠶ ᠢᠢ ᠬᠥᠭ᠍ᠵᠢᠭᠦᠯᠬᠦ ᠴᠢᠭᠯᠡᠯ ᠢᠶᠡᠷ ᠠᠦ᠋ᠰᠲ᠋ᠷᠠᠯᠢᠶ᠎ᠠ ᠢᠢᠨ ᠣᠯᠠᠨ ᠤᠯᠤᠰ ᠤᠨ ᠬᠥᠳᠡᠭᠡ ᠠᠵᠤ ᠠᠬᠤᠶ ᠢᠢᠨ ᠰᠤᠳᠤᠯᠭᠠᠨ ᠤ ᠲᠥᠪ ᠲᠡᠢ ᠳᠠᠬᠢᠨ ᠬᠥᠲᠦᠯᠪᠦᠷᠢ ᠬᠡᠷᠡᠭᠵᠢᠭᠦᠯᠬᠦ ᠪᠡᠷ ᠪᠣᠯᠤᠭᠰᠠᠨ ᠢ ᠳᠤᠭᠤᠯᠭᠠᠬᠤ ᠳᠤ ᠲᠠᠭ᠎ᠠ ᠲᠠᠢ ᠪᠠᠢᠢᠨ᠎ᠠ᠃
ᠢᠷᠭᠡᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠵᠢᠯ ᠡᠴᠡ ᠵᠢᠯ ᠳᠥ ᠪᠠᠲᠤᠵᠢᠨ ᠪᠡᠬᠢᠵᠢᠵᠦ᠂ ᠬᠠᠷᠢᠯᠴᠠᠨ ᠰᠣᠯᠢᠯᠴᠠᠭ᠎ᠠ ᠤᠯᠠᠮ ᠨᠡᠮᠡᠭᠳᠡᠵᠦ ᠪᠤᠢ ᠲᠠᠢ ᠬᠣᠯᠪᠤᠭᠳᠠᠭᠤᠯᠤᠨ ᠢᠷᠭᠡᠳ ᠦᠨ ᠵᠣᠷᠴᠢᠬᠤ ᠨᠥᠬᠦᠴᠡᠯ ᠢ ᠬᠥᠩ᠌ᠭᠡᠪᠴᠢᠯᠡᠬᠦ ᠵᠣᠷᠢᠯᠭ᠎ᠠ ᠪᠠᠷ ᠵᠠᠰᠠᠭ ᠤᠨ ᠭᠠᠵᠠᠷ ᠬᠣᠭᠤᠷᠤᠨᠳᠤ «ᠠᠭᠠᠷ ᠤᠨ ᠬᠠᠷᠢᠯᠴᠠᠭᠠᠨ ᠤ ᠬᠡᠯᠡᠯᠴᠡᠭᠡᠷ» ᠪᠠᠢᠢᠭᠤᠯᠬᠤ ᠪᠠᠷ ᠲᠣᠬᠢᠷᠠᠯᠴᠠᠭᠰᠠᠨ ᠪᠢᠯᠡ᠃
ᠡᠨᠡ ᠬᠡᠯᠡᠯᠴᠡᠭᠡᠷ ᠦᠨ ᠬᠦᠷᠢᠶᠡᠨ ᠳᠥ ᠮᠣᠩ᠌ᠭᠤᠯ᠂ ᠠᠦ᠋ᠰᠲ᠋ᠷᠠᠯᠢᠶ᠎ᠠ ᠢᠢᠨ ᠬᠣᠭᠤᠷᠤᠨᠳᠤ ᠰᠢᠭᠤᠳ ᠨᠢᠰᠦᠯᠭᠡ ᠦᠢᠯᠡᠳᠴᠦ ᠡᠬᠢᠯᠡᠭᠰᠡᠨ ᠢᠶᠡᠷ ᠠᠶᠠᠯᠠᠯ ᠵᠢᠭᠤᠯᠴᠢᠯᠠᠯ᠂ ᠪᠢᠽᠢᠨᠧᠰ ᠦᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠬᠤ ᠶᠤᠮ᠃
ᠠᠦ᠋ᠰᠲ᠋ᠷᠠᠯᠢᠶ᠎ᠠ ᠤᠯᠤᠰ ᠲᠤ ᠰᠤᠷᠴᠤ᠂ ᠠᠵᠢᠯᠯᠠᠵᠤ᠂ ᠠᠮᠢᠳᠤᠷᠠᠵᠤ ᠪᠤᠢ ᠒᠐ ᠭᠠᠷᠤᠶ ᠮᠢᠩ᠌ᠭᠠᠨ ᠮᠣᠩ᠌ᠭᠤᠯ ᠢᠷᠭᠡᠨ ᠬᠣᠶᠠᠷ ᠣᠷᠤᠨ ᠤ ᠨᠠᠢᠢᠷᠠᠮᠳᠠᠯᠲᠤ ᠬᠠᠷᠢᠯᠴᠠᠭ᠎ᠠ᠂ ᠬᠣᠶᠠᠷ ᠠᠷᠠᠳ ᠲᠦᠮᠡᠨ ᠦ ᠨᠠᠢᠢᠷᠠᠮᠳᠠᠯ ᠨᠥᠬᠦᠷᠯᠡᠯ ᠦᠨ ᠭᠦᠭᠦᠷᠭᠡ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠶ ᠡ᠃
ᠮᠣᠩ᠌ᠭᠤᠯ ᠢᠷᠭᠡᠳ ᠦᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠨᠡᠢᠢᠭᠡᠮ ᠦᠨ ᠬᠠᠮᠠᠭᠠᠯᠠᠯ᠂ ᠬᠥᠳᠡᠯᠮᠦᠷᠢ ᠢᠢᠨ ᠪᠠᠲᠤᠯᠠᠭ᠎ᠠ ᠢᠢ ᠬᠠᠩ᠌ᠭᠠᠬᠤ ᠵᠣᠷᠢᠯᠭ᠎ᠠ ᠪᠠᠷ ᠮᠣᠩ᠌ᠭᠤᠯ᠂ ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ «ᠨᠡᠢᠢᠭᠡᠮ ᠦᠨ ᠬᠠᠮᠠᠭᠠᠯᠠᠯ ᠤᠨ ᠬᠡᠯᠡᠯᠴᠡᠭᠡᠷ» ᠪᠠᠢᠢᠭᠤᠯᠬᠤ ᠶᠠᠷᠢᠶ᠎ᠠ ᠬᠡᠯᠡᠯᠴᠡᠭᠡ ᠢᠳᠡᠪᠬᠢᠲᠡᠢ ᠥᠷᠨᠢᠭᠦᠯᠵᠦ ᠪᠠᠢᠢᠭ᠎ᠠ ᠢᠢ ᠲᠡᠮᠳᠡᠭᠯᠡᠨ ᠬᠡᠯᠡᠬᠦ ᠳᠥ ᠲᠠᠭ᠎ᠠ ᠲᠠᠢ ᠪᠠᠢᠢᠨ᠎ᠠ᠃
ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ ᠤᠨ ᠲᠡᠳᠬᠦᠯᠭᠡᠲᠦ ᠬᠥᠲᠦᠯᠪᠦᠷᠢ ᠪᠣᠯᠤᠨ «ᠢᠯᠡᠭᠡᠯᠲᠡ-᠒᠑᠐᠐» ᠬᠥᠲᠦᠯᠪᠦᠷᠢ ᠢᠢᠨ ᠬᠦᠷᠢᠶᠡᠨ ᠳᠥ ᠣᠯᠠᠨ ᠵᠠᠭᠤᠨᠨ ᠮᠣᠩ᠌ᠭᠤᠯ ᠵᠠᠯᠠᠭᠤᠰ ᠠᠦ᠋ᠰᠲ᠋ᠷᠠᠯᠢᠶ᠎ᠠ ᠢᠢᠨ ᠲᠡᠷᠢᠭᠦᠯᠡᠬᠦ ᠶᠡᠬᠡ ᠰᠤᠷᠭᠠᠭᠤᠯᠢ ᠳᠤ ᠰᠤᠷᠤᠯᠴᠠᠵᠤ᠂ ᠬᠣᠶᠠᠷ ᠣᠷᠤᠨ ᠤ ᠬᠥᠭ᠍ᠵᠢᠯ ᠦᠨ ᠭᠦᠭᠦᠷᠭᠡ ᠪᠣᠯᠵᠤ ᠪᠠᠢᠢᠨ᠎ᠠ᠃
ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ᠲᠡᠳᠬᠦᠯᠭᠡᠲᠦ ᠬᠥᠲᠦᠯᠪᠦᠷᠢ ᠨᠢ ᠮᠠᠨ ᠤ ᠤᠯᠤᠰ ᠤᠨ ᠬᠥᠭ᠍ᠵᠢᠯ ᠳᠡᠪᠰᠢᠯ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ᠂ ᠴᠢᠳᠠᠪᠤᠷᠢᠯᠢᠭ᠋ ᠪᠣᠯᠪᠠᠰᠤᠨ ᠬᠦᠴᠦᠨ ᠢ ᠪᠡᠯᠡᠳᠬᠡᠬᠦ ᠳᠥ ᠳᠡᠮᠵᠢᠯᠭᠡ ᠦᠵᠡᠭᠦᠯᠵᠦ ᠪᠠᠢᠢᠭ᠎ᠠ ᠳᠤ ᠪᠢᠳᠡ ᠪᠦᠬᠦᠨ ᠪᠠᠶᠠᠷ ᠲᠠᠢ ᠪᠠᠢᠢᠳᠠᠭ᠃
ᠴᠢᠨᠠᠭᠰᠢᠳᠠ ᠠᠦ᠋ᠰᠲ᠋ᠷᠠᠯᠢᠶ᠎ᠠ ᠳᠤ ᠰᠤᠷᠤᠯᠴᠠᠬᠤ ᠮᠣᠩ᠌ᠭᠤᠯ ᠵᠠᠯᠠᠭᠤᠰ ᠤᠨ ᠲᠣᠭ᠎ᠠ ᠢᠢ ᠨᠡᠮᠡᠭᠳᠡᠭᠦᠯᠬᠦ ᠨᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠡᠭᠦᠷᠭᠡ ᠭᠦᠢᠴᠡᠳᠬᠡᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃
ᠴᠢᠨᠠᠭᠰᠢᠳᠠ ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ ᠤᠨ ᠲᠡᠳᠬᠦᠯᠭᠡ ᠪᠣᠯᠤᠨ ᠮᠣᠩ᠌ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠢᠯᠡᠭᠡᠯᠲᠡ-᠒᠑᠐᠐» ᠬᠥᠲᠦᠯᠪᠦᠷᠢ ᠢᠢ ᠤᠶᠠᠯᠳᠤᠭᠤᠯᠵᠤ᠂ ᠪᠣᠯᠪᠠᠰᠤᠷᠠᠯ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠦᠨ ᠬᠥᠭ᠍ᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃
ᠮᠣᠩ᠌ᠭᠤᠯ ᠤᠯᠤᠰ ᠠᠩ᠌ᠭ᠍ᠯᠢ ᠬᠡᠯᠡ ᠢᠢ ᠦᠨᠳᠦᠰᠦᠨ ᠭᠠᠳᠠᠭᠠᠳᠤ ᠬᠡᠯᠡ ᠪᠣᠯᠭᠠᠨ ᠪᠠᠲᠤᠯᠠᠭᠰᠠᠨ ᠲᠠᠢ ᠬᠣᠯᠪᠤᠭᠳᠠᠭᠤᠯᠤᠨ ᠠᠦ᠋ᠰᠲ᠋ᠷᠠᠯᠢᠶ᠎ᠠ ᠢᠢᠨ ᠰᠠᠢᠢᠨ ᠳᠤᠷ᠎ᠠ ᠢᠢᠨ ᠪᠠᠭᠰᠢ ᠨᠠᠷ ᠢ ᠮᠣᠩ᠌ᠭᠤᠯ ᠤᠯᠤᠰ ᠲᠤ ᠠᠵᠢᠯᠯᠠᠭᠤᠯᠬᠤ᠂ ᠰᠠᠯᠪᠤᠷᠢ ᠢᠢᠨ ᠮᠡᠷᠭᠡᠵᠢᠯᠲᠡᠨ ᠨᠤᠭᠦᠳ ᠦᠨ ᠠᠩ᠌ᠭ᠍ᠯᠢ ᠬᠡᠯᠡᠨ ᠦ ᠴᠢᠳᠠᠪᠬᠢ ᠢᠢ ᠳᠡᠭᠡᠭ᠍ᠰᠢᠯᠠᠭᠦᠯᠬᠦ ᠪᠣᠭᠤᠨᠢ᠂ ᠳᠤᠮᠳᠠ ᠬᠤᠭᠤᠴᠠᠭᠠᠨ ᠤ ᠰᠤᠷᠭᠠᠯᠲᠠ ᠵᠣᠬᠢᠶᠠᠨ ᠪᠠᠢᠢᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠤᠯ᠎ᠠ᠃
ᠬᠣᠶᠠᠷ ᠤᠯᠤᠰ ᠤᠨ ᠠᠷᠠᠳ ᠢᠷᠭᠡᠳ ᠦᠨ ᠬᠠᠷᠢᠯᠴᠠᠨ ᠣᠢᠢᠯᠠᠭᠠᠯᠴᠠᠯ᠂ ᠬᠠᠷᠢᠯᠴᠠᠨ ᠢᠲᠡᠭᠡᠯᠴᠡᠯ ᠢ ᠪᠠᠲᠤᠳᠬᠠᠨ ᠪᠡᠬᠢᠵᠢᠭᠦᠯᠵᠦ᠂ ᠰᠡᠳᠬᠢᠯ ᠵᠢᠷᠦᠬᠡ ᠪᠡᠷ ᠢᠶᠡᠨ ᠬᠣᠯᠪᠤᠭᠳᠠᠬᠤ ᠴᠢᠬᠤᠯᠠ ᠭᠦᠭᠦᠷᠭᠡ ᠪᠣᠯ ᠰᠣᠶᠤᠯ᠂ ᠤᠷᠠᠯᠢᠭ᠂ ᠰᠫᠣᠷᠲ ᠤᠨ ᠬᠠᠮᠲᠤ ᠢᠢᠨ ᠠᠵᠢᠯᠯᠠᠭ᠎ᠠ ᠪᠢᠯᠡ᠃
ᠡᠢᠢᠮᠦ ᠡᠴᠡ ᠬᠣᠶᠠᠷ ᠣᠷᠤᠨ ᠤ ᠠᠷᠠᠳ ᠲᠦᠮᠡᠨ ᠦ ᠵᠠᠩ ᠵᠠᠩᠰᠢᠯ᠂ ᠰᠣᠶᠤᠯ᠂ ᠥᠪ ᠤᠯᠠᠮᠵᠢᠯᠠᠯ ᠢ ᠬᠠᠷᠢᠯᠴᠠᠨ ᠰᠤᠷᠲᠠᠯᠴᠢᠯᠠᠬᠤ ᠵᠣᠷᠢᠯᠭ᠎ᠠ ᠪᠠᠷ ᠰᠣᠶᠤᠯ ᠤᠨ ᠰᠣᠯᠢᠯᠴᠠᠭ᠎ᠠ ᠢᠢ ᠢᠳᠡᠪᠬᠢᠵᠢᠭᠦᠯᠵᠦ᠂ ᠰᠣᠶᠤᠯ ᠤᠨ ᠡᠳᠦᠷ ᠦᠳ᠂ ᠤᠷᠠᠯᠢᠭ ᠤᠨ ᠲᠣᠭᠯᠠᠯᠲᠠ᠂ ᠦᠵᠡᠰᠬᠦᠯᠡᠩ ᠵᠡᠷᠭᠡ ᠠᠷᠭ᠎ᠠ ᠬᠡᠮᠵᠢᠶ᠎ᠡ ᠢᠢ ᠬᠠᠷᠢᠯᠴᠠᠨ ᠲᠣᠭᠲᠠᠮᠠᠯ ᠵᠣᠬᠢᠶᠠᠨ ᠪᠠᠢᠢᠭᠤᠯᠵᠤ ᠪᠠᠢᠢᠬᠤ ᠪᠠᠷ ᠪᠣᠯᠤᠯ᠎ᠠ᠃
ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠪᠡᠶ᠎ᠡ ᠪᠡᠶ᠎ᠡ ᠪᠡᠨ ᠬᠠᠷᠢᠯᠴᠠᠨ ᠳᠡᠮᠵᠢᠵᠦ᠂ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠪᠥᠭᠡᠳ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠬᠠᠷᠢᠯᠴᠠᠨ ᠨᠤᠲᠠᠯᠠᠯ᠎ᠠ᠃
ᠮᠣᠩ᠌ᠭᠤᠯ ᠤᠯᠤᠰ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠢᠢ ᠬᠠᠩ᠌ᠭᠠᠨ ᠬᠡᠷᠡᠭᠵᠢᠭᠦᠯᠬᠦ ᠬᠦᠷᠢᠶᠡᠨ ᠳᠥ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ «ᠬᠦᠨᠡᠰᠦᠨ ᠦ ᠬᠠᠩ᠌ᠭᠠᠮᠵᠢ᠂ ᠠᠶᠤᠯ ᠦᠭᠡᠢ ᠪᠠᠢᠢᠳᠠᠯ»᠂ «ᠡᠷᠡᠭᠦᠯ ᠮᠣᠩ᠌ᠭᠤᠯ ᠬᠦᠮᠦᠨ» ᠦᠨᠳᠦᠰᠦᠨ ᠦ ᠬᠥᠲᠦᠯᠪᠦᠷᠢ ᠢᠢ ᠬᠡᠷᠡᠭᠵᠢᠭᠦᠯᠵᠦ ᠪᠠᠢᠢᠨ᠎ᠠ᠃
ᠳᠡᠯᠡᠬᠡᠶ ᠢᠢᠨ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠰᠢᠷᠤᠶ ᠢᠢᠨ ᠰᠢᠭᠤᠷᠭ᠎ᠠ ᠲᠠᠢ ᠲᠡᠮᠡᠴᠡᠬᠦ᠂ ᠣᠢ᠂ ᠤᠰᠤᠨ ᠤ ᠨᠥᠭᠡᠴᠡ ᠢᠢ ᠨᠡᠮᠡᠭᠳᠡᠭᠦᠯᠬᠦ ᠵᠣᠷᠢᠯᠭ᠎ᠠ ᠪᠠᠷ ᠲᠡᠷᠪᠤᠮ ᠢᠶᠠᠷ ᠲᠣᠭᠠᠯᠠᠭᠳᠠᠬᠤ ᠮᠣᠳᠤ ᠲᠠᠷᠢᠵᠤ᠂ ᠤᠷᠭᠤᠭᠤᠯᠤᠨ ᠬᠠᠮᠠᠭᠠᠯᠠᠬᠤ ᠵᠣᠷᠢᠯᠭ᠎ᠠ ᠲᠠᠢ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ «ᠨᠣᠭᠤᠭᠠᠨ ᠲ᠋ᠢᠢᠪ» ᠬᠡᠮᠡᠨ ᠨᠡᠷᠡᠯᠡᠭᠳᠡᠳᠡᠭ ᠠᠦ᠋ᠰᠲ᠋ᠷᠠᠯᠢᠶ᠎ᠠ ᠤᠯᠤᠰ ᠲᠠᠢ ᠲᠧᠭᠨᠣᠯᠤᠭᠢ ᠳᠠᠮᠵᠢᠭᠤᠯᠬᠤ᠂ ᠮᠡᠷᠭᠡᠵᠢᠯᠲᠡᠨ ᠨᠤᠭᠦᠳ ᠢ ᠴᠢᠳᠠᠪᠬᠢᠵᠢᠭᠤᠯᠬᠤ᠂ ᠰᠤᠷᠭᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠶᠠᠷᠢᠯᠴᠠᠯ᠎ᠠ᠃
ᠮᠣᠩ᠌ᠭᠤᠯ ᠤᠯᠤᠰ ᠭᠤᠷᠪᠠᠳᠠᠭᠴᠢ ᠬᠥᠷᠰᠢ ᠢᠢᠨ ᠪᠣᠳᠤᠯᠭ᠎ᠠ ᠢᠢᠨ ᠢᠶᠠᠨ ᠬᠦᠷᠢᠶᠡᠨ ᠳᠥ ᠡᠨᠡᠳᠬᠡᠭ᠌᠂ ᠨᠣᠮᠤᠬᠠᠨ ᠳᠠᠯᠠᠢ ᠢᠢᠨ ᠪᠦᠰᠡ ᠨᠤᠲᠤᠭ ᠳ᠋ᠠᠬᠢ ᠴᠢᠬᠤᠯᠠ ᠲᠦᠩᠰᠢ ᠠᠦ᠋ᠰᠲ᠋ᠷᠠᠯᠢᠶ᠎ᠠ ᠤᠯᠤᠰ ᠲᠠᠢ ᠬᠠᠷᠢᠯᠴᠠᠨ ᠠᠰᠢᠭᠲᠠᠢ᠂ ᠲᠣᠭᠲᠠᠪᠤᠷᠢᠲᠠᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢ ᠭᠠᠳᠠᠭᠠᠳᠤ ᠪᠣᠳᠤᠯᠭ᠎ᠠ ᠢᠢᠨ ᠢᠶᠠᠨ ᠲᠡᠷᠢᠭᠦᠯᠡᠬᠦ ᠴᠢᠭᠯᠡᠯ ᠦᠨ ᠨᠢᠭᠡ ᠬᠡᠮᠡᠨ ᠲᠤᠭᠤᠰᠢᠲᠠᠢ ᠪᠠᠷᠢᠮᠲᠠᠯᠠᠵᠤ ᠢᠷᠡᠭᠰᠡᠨ ᠪᠥᠭᠡᠳ ᠡᠨᠡ ᠵᠠᠷᠴᠢᠮ ᠢᠶᠠᠨ ᠴᠢᠨᠠᠭᠰᠢᠳᠠ ᠴᠦ ᠪᠠᠷᠢᠮᠲᠠᠯᠠᠨ᠎ᠠ ᠭᠡᠳᠡᠭ ᠢ ᠲᠡᠮᠳᠡᠭᠯᠡᠶ ᠡ᠃
ᠡᠨᠡ ᠬᠦ ᠠᠢᠢᠯᠴᠢᠯᠠᠯ ᠢᠶᠠᠷ ᠪᠢᠳᠡᠨ ᠦ ᠬᠡᠯᠡᠯᠴᠡᠵᠦ᠂ ᠲᠣᠬᠢᠷᠠᠯᠴᠠᠭᠰᠠᠨ ᠠᠵᠢᠯ ᠤᠳ ᠮᠣᠩ᠌ᠭᠤᠯ᠂ ᠠᠦ᠋ᠰᠲ᠋ᠷᠠᠯᠢᠶ᠎ᠠ ᠢᠢᠨ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠨᠤᠭᠦᠳ ᠬᠣᠭᠤᠷᠤᠨᠳᠤ ᠢᠢᠨ ᠨᠠᠢᠢᠷᠠᠮᠳᠠᠯ ᠨᠥᠬᠦᠷᠯᠡᠯ᠂ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃
ᠮᠠᠨ ᠤ ᠬᠣᠶᠠᠷ ᠣᠷᠤᠨ ᠤ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠮᠣᠩ᠌ᠭᠤᠯ᠂ ᠠᠦ᠋ᠰᠲ᠋ᠷᠠᠯᠢᠶ᠎ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠨᠢ ᠮᠥᠩᠬᠡᠳᠡ ᠴᠡᠴᠡᠭᠯᠡᠨ ᠬᠥᠭ᠍ᠵᠢᠬᠦ ᠪᠣᠯᠲᠤᠭᠠᠶ᠃
ᠡᠷᠬᠢᠮ ᠬᠦᠨᠳᠦᠲᠦ ᠠᠮᠪᠠᠨ ᠵᠠᠬᠢᠷᠤᠭᠴᠢ ᠲᠠᠨ ᠢ ᠥᠨᠢ ᠡᠷᠲᠡᠨ ᠦ ᠲᠡᠦᠬᠡᠲᠦ᠂ ᠡᠷᠲᠡᠨ ᠦ ᠨᠡᠭᠦᠳᠡᠯᠴᠢᠳ ᠦᠨ ᠲᠥᠷᠦᠲᠦ ᠶᠣᠰᠤᠨ ᠤ ᠭᠠᠯ ᠭᠣᠯᠤᠮᠲᠠ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠪᠠ ᠲᠠᠢ ᠮᠣᠷᠢᠯᠠᠬᠤ ᠢᠢ ᠬᠦᠰᠡᠶ ᠡ᠃
ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ ᠰᠠᠮᠠᠨ᠋ᠲ᠋ᠾᠠ ᠮᠣᠰᠲ᠋ᠢᠨ:
ᠥᠷᠯᠦᠭᠡᠨ ᠦ ᠮᠡᠨᠳᠦ᠂
ᠡᠷᠬᠢᠮ ᠬᠦᠨᠳᠦᠲᠦ ᠶᠡᠷᠦᠩᠬᠡᠢᠢᠯᠡᠭᠴᠢ ᠡ᠂
ᠬᠡᠪᠯᠡᠯ ᠦᠨ ᠲᠥᠯᠦᠭᠡᠯᠡᠭᠴᠢᠳ ᠡ᠂
ᠮᠣᠩ᠌ᠭᠤᠯ ᠤᠯᠤᠰ ᠲᠤ ᠠᠢᠢᠯᠴᠢᠯᠠᠬᠤ ᠨᠡᠩ ᠬᠦᠨᠳᠦᠲᠡᠢ ᠵᠠᠪᠰᠢᠶᠠᠨ ᠲᠣᠬᠢᠶᠠᠭᠰᠠᠨ ᠳᠤ ᠪᠠᠶᠠᠷ ᠲᠠᠢ ᠪᠠᠢᠢᠨ᠎ᠠ᠃ ᠬᠠᠯᠠᠭᠤᠨ ᠳᠣᠲᠤᠨᠤ ᠪᠠᠷ ᠬᠦᠯᠢᠶᠡᠨ ᠠᠪᠤᠭᠰᠠᠨ ᠮᠣᠩ᠌ᠭᠤᠯ ᠤᠯᠤᠰ ᠤᠨ ᠶᠡᠷᠦᠩᠬᠡᠢᠢᠯᠡᠭᠴᠢ᠂ ᠡᠷᠬᠢᠮᠰᠦᠭ ᠨᠣᠶᠠᠨ ᠤ·ᠬᠦᠷᠡᠯᠰᠦ᠋ᠬᠡ ᠲᠠᠨ ᠳᠤ ᠪᠠᠶᠠᠷᠯᠠᠯ᠎ᠠ᠃ ᠮᠣᠩ᠌ᠭᠤᠯ ᠤᠨ ᠨᠠᠢᠢᠷᠰᠠᠭ ᠠᠷᠠᠳ ᠲᠦᠮᠡᠨ ᠦ ᠵᠣᠴᠢᠯᠠᠮᠠᠲᠠᠭᠠᠶ ᠰᠡᠳᠬᠢᠯ ᠳᠥ ᠭᠦᠨ ᠲᠠᠯᠠᠷᠬᠠᠯ ᠢᠯᠡᠷᠬᠡᠢᠢᠯᠡᠶ ᠡ᠃
ᠪᠢ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ ᠢᠢᠨ ᠲᠥᠪᠰᠢᠨ ᠳᠥ ᠬᠣᠶᠠᠷ ᠳ᠋ᠠᠬᠢ ᠤᠳᠠᠭ᠎ᠠ ᠪᠠᠨ ᠠᠢᠢᠯᠴᠢᠯᠠᠵᠤ ᠪᠠᠢᠢᠨ᠎ᠠ᠃ ᠡᠮᠦᠨ᠎ᠡ ᠨᠢ ᠪᠤᠶᠤ ᠓᠐ ᠭᠠᠷᠤᠶ ᠵᠢᠯ ᠦᠨ ᠲᠡᠷᠡᠲᠡᠭᠡ ᠠᠮᠪᠠᠨ ᠵᠠᠬᠢᠷᠤᠭᠴᠢ ᠪᠢᠯᠯ ᠾᠧᠢᠢᠳᠧᠨ ᠮᠣᠩ᠌ᠭᠤᠯ ᠤᠯᠤᠰ ᠲᠤ ᠠᠢᠢᠯᠴᠢᠯᠠᠵᠤ ᠪᠠᠢᠢᠭᠰᠠᠨ ᠶᠤᠮ᠃
ᠮᠣᠩ᠌ᠭᠤᠯ ᠤᠨ ᠭᠤᠷᠪᠠᠳᠠᠭᠴᠢ ᠬᠥᠷᠰᠢ ᠪᠣᠯᠬᠤ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠠᠴᠠ ᠬᠢᠵᠦ ᠪᠠᠢᠢᠭ᠎ᠠ ᠮᠢᠨᠦ ᠠᠢᠢᠯᠴᠢᠯᠠᠯ ᠪᠦᠰᠡ ᠨᠤᠲᠤᠭ ᠤᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ᠂ ᠬᠥᠭ᠍ᠵᠢᠯ ᠴᠡᠴᠡᠭᠯᠡᠯᠲᠡ ᠢᠢᠨ ᠲᠥᠯᠦᠭᠡ ᠭᠡᠰᠡᠨ ᠢᠵᠢᠯ ᠵᠦᠢᠯᠡᠰ ᠲᠡᠢ ᠮᠠᠨ ᠤ ᠬᠣᠶᠠᠷ ᠠᠷᠠᠳᠴᠢᠯᠠᠭᠰᠠᠨ ᠣᠷᠤᠨ ᠤ ᠣᠯᠠᠨ ᠵᠢᠯ ᠦᠨ ᠲᠤᠷᠰᠢ ᠪᠡᠬᠢᠵᠢᠭᠰᠡᠨ ᠬᠠᠷᠢᠯᠴᠠᠭᠠᠨ ᠤ ᠢᠯᠡᠷᠬᠡᠢᠢᠯᠡᠯ ᠶᠤᠮ᠃
ᠮᠠᠨ ᠤ ᠬᠣᠶᠠᠷ ᠣᠷᠤᠨ ᠤ ᠬᠠᠷᠢᠯᠴᠠᠭ᠎ᠠ ᠬᠡᠳᠦᠨ ᠠᠷᠪᠠᠨ ᠵᠢᠯ ᠦᠨ ᠲᠤᠷᠰᠢ ᠢᠷᠭᠡᠳ ᠬᠣᠭᠤᠷᠤᠨᠳᠤ ᠲᠣᠭᠲᠠᠭᠰᠠᠨ ᠬᠡᠯᠬᠢᠶ᠎ᠡ ᠬᠣᠯᠪᠤᠭᠠᠨ ᠳᠤ ᠦᠨᠳᠦᠰᠦᠯᠡᠳᠡᠭ᠃
ᠪᠢᠳᠡ ᠮᠠᠨ ᠤ ᠤᠯᠤᠰ ᠲᠤ ᠠᠮᠢᠳᠤᠷᠠᠵᠤ ᠪᠠᠢᠢᠭ᠎ᠠ ᠮᠣᠩ᠌ᠭᠤᠯ ᠢᠷᠭᠡᠳ ᠢᠶᠡᠷ ᠶᠡᠬᠡ ᠪᠠᠬᠠᠷᠬᠠᠳᠠᠭ᠃
ᠠᠦ᠋ᠰᠲ᠋ᠷᠠᠯᠢᠶ᠎ᠠ ᠠᠴᠠ ᠣᠯᠠᠨ ᠵᠢᠭᠤᠯᠴᠢᠨ᠂ ᠰᠣᠶᠤᠯ᠂ ᠤᠷᠠᠯᠢᠭ᠂ ᠪᠢᠽᠢᠨᠧᠰ ᠦᠨ ᠬᠢᠨ ᠮᠣᠩ᠌ᠭᠤᠯ ᠳᠤ ᠢᠷᠡᠳᠡᠭ᠃ ᠠᠢᠢᠯᠴᠢᠯᠠᠯ ᠤᠨ ᠢᠶᠠᠨ ᠦᠶ᠎ᠡ ᠪᠡᠷ ᠲᠡᠳᠡ ᠨᠠᠷ ᠲᠠᠢ ᠠᠭᠤᠯᠵᠠᠨ᠎ᠠ ᠭᠡᠵᠦ ᠨᠠᠢᠢᠳᠠᠵᠤ ᠪᠠᠢᠢᠨ᠎ᠠ᠃
ᠴᠢᠨᠠᠭᠰᠢᠳᠠ ᠪᠠᠨ ᠤᠯᠠᠮ ᠣᠯᠠᠨ ᠠᠦ᠋ᠰᠲ᠋ᠷᠠᠯᠢᠶ᠎ᠠ ᠢᠷᠭᠡᠨ ᠢ ᠮᠣᠩ᠌ᠭᠤᠯ ᠳᠤ ᠢᠷᠡᠵᠦ᠂ ᠡᠨᠡ ᠦᠵᠡᠰᠬᠦᠯᠡᠩ ᠲᠡᠢ᠂ ᠡᠷᠴᠢ ᠬᠦᠴᠦ ᠲᠡᠢ᠂ ᠠᠷᠠᠳᠴᠢᠯᠠᠭᠰᠠᠨ ᠤᠯᠤᠰ ᠣᠷᠤᠨ ᠢ ᠦᠵᠡᠭᠡᠰᠡᠶ ᠭᠡᠵᠦ ᠬᠦᠰᠡᠵᠦ ᠪᠠᠢᠢᠨ᠎ᠠ᠃
ᠮᠠᠨ ᠤ ᠬᠣᠶᠠᠷ ᠤᠯᠤᠰ ᠤᠨ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠑᠙᠙᠔ ᠣᠨ ᠳᠤ ᠡᠬᠢᠯᠡᠬᠦ ᠳᠥ ᠵᠣᠷᠢᠭᠲᠤ ᠵᠢᠷᠭᠤᠭᠠᠨ ᠮᠣᠩ᠌ᠭᠤᠯ ᠣᠶᠤᠲᠠᠨ ᠮᠠᠨ ᠤ ᠲᠡᠳᠬᠦᠯᠭᠡᠲᠦ ᠬᠥᠲᠦᠯᠪᠦᠷᠢ ᠳᠥ ᠬᠠᠮᠤᠷᠤᠭᠳᠠᠨ ᠠᠦ᠋ᠰᠲ᠋ᠷᠠᠯᠢᠶ᠎ᠠ ᠢᠢ ᠵᠣᠷᠢᠭᠰᠠᠨ ᠶᠤᠮ᠃
ᠡᠳᠦᠭᠡ ᠮᠠᠨ ᠤ ᠤᠯᠤᠰ ᠲᠤ ᠰᠤᠷᠤᠯᠴᠠᠬᠤ ᠮᠣᠩ᠌ᠭᠤᠯ ᠣᠶᠤᠲᠠᠨ ᠤ ᠲᠣᠭ᠎ᠠ ᠬᠡᠳᠦᠨ ᠮᠢᠩ᠌ᠭᠠ ᠪᠠᠷ ᠲᠣᠭᠠᠯᠠᠭᠳᠠᠵᠤ ᠪᠠᠢᠢᠭ᠎ᠠ᠃ ᠲᠡᠳᠡ ᠪᠤᠴᠠᠵᠤ ᠢᠷᠡᠭᠡᠳ ᠡᠬᠡ ᠣᠷᠤᠨ ᠳᠤ ᠪᠠᠨ ᠶᠡᠬᠡ ᠬᠤᠪᠢ ᠨᠡᠮᠡᠷᠢ ᠪᠡᠨ ᠣᠷᠤᠭᠤᠯᠵᠤ ᠪᠠᠢᠢᠨ᠎ᠠ᠃
ᠠᠦ᠋ᠰᠲ᠋ᠷᠠᠯᠢᠶ᠎ᠠ ᠳ᠋ᠠᠬᠢ ᠮᠣᠩ᠌ᠭᠤᠯᠴᠤᠳ ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠪᠠᠲᠤᠳᠬᠠᠨ ᠪᠡᠬᠢᠵᠢᠭᠦᠯᠵᠦ ᠪᠠᠢᠢᠭ᠎ᠠ᠃
ᠪᠢᠳᠡ ᠡᠷᠦᠳᠡᠰᠦ ᠪᠠᠶᠠᠯᠢᠭ᠂ ᠡᠷᠴᠢᠮ ᠬᠦᠴᠦᠨ ᠦ ᠰᠠᠯᠪᠤᠷᠢ ᠢᠢᠨ ᠲᠠᠯ᠎ᠠ ᠪᠠᠷ ᠮᠡᠳᠡᠬᠦ ᠬᠦᠰᠡᠯ ᠲᠡᠢ ᠪᠠᠢᠢᠨ᠎ᠠ᠃ ᠮᠠᠨ ᠤ ᠣᠯᠠᠨ ᠠᠵᠤ ᠠᠬᠤᠶ ᠢᠢᠨ ᠨᠢᠭᠡᠴᠡ ᠳᠡᠭᠡᠷᠡᠬᠢ ᠰᠠᠯᠪᠤᠷᠢ ᠨᠤᠭᠤᠳ ᠲᠤ ᠬᠥᠷᠦᠩ᠌ᠭᠡ ᠣᠷᠤᠭᠤᠯᠵᠤ᠂ ᠬᠠᠮᠲᠤᠷᠠᠨ ᠠᠵᠢᠯᠯᠠᠵᠤ ᠪᠠᠢᠢᠭ᠎ᠠ᠃
ᠮᠣᠩ᠌ᠭᠤᠯ ᠤᠯᠤᠰ ᠲᠠᠢ ᠬᠥᠭ᠍ᠵᠢᠭᠦᠯᠵᠦ ᠪᠠᠢᠢᠭ᠎ᠠ ᠮᠠᠨ ᠤ ᠲᠦᠩᠰᠢᠯᠡᠯ ᠡᠳ᠋ ᠦᠨ ᠵᠠᠰᠠᠭ ᠤᠨ ᠬᠥᠭ᠍ᠵᠢᠯ᠂ ᠠᠵᠢᠯ ᠡᠷᠬᠢᠯᠡᠯᠲᠡ ᠢᠢ ᠨᠡᠮᠡᠭᠳᠡᠭᠦᠯᠬᠦ᠂ ᠢᠯᠠᠩ᠌ᠭᠤᠶᠠ ᠡᠮᠡᠭᠲᠡᠢᠢᠴᠦᠳ ᠲᠥ ᠪᠣᠯᠤᠮᠵᠢ ᠣᠯᠭᠤᠬᠤ ᠳᠤ ᠴᠢᠬᠤᠯᠠ ᠬᠤᠪᠢ ᠨᠡᠮᠡᠷᠢ ᠣᠷᠤᠭᠤᠯᠵᠤ᠂ ᠥᠭ᠍ᠭᠦᠭᠡᠵᠢ ᠪᠡᠨ ᠥᠭᠴᠦ ᠪᠠᠢᠢᠨ᠎ᠠ᠃
ᠮᠠᠨ ᠤ ᠬᠣᠶᠠᠷ ᠤᠯᠤᠰ ᠡᠷᠡᠰ ᠲᠡᠰ᠂ ᠥᠪᠡᠷᠮᠢᠴᠡ ᠪᠠᠢᠢᠭᠠᠯᠢ ᠲᠠᠢ ᠤᠴᠢᠷ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠢᠵᠢᠯ ᠰᠣᠷᠢᠯᠲᠠ ᠲᠠᠢ ᠲᠤᠯᠭᠠᠷᠠᠳᠠᠭ᠃ ᠠᠢᠢᠯᠴᠢᠯᠠᠯ ᠤᠨ ᠦᠶ᠎ᠡ ᠪᠡᠷ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ ᠰᠥᠷᠦᠨ ᠲᠡᠰᠪᠦᠷᠢᠯᠡᠬᠦ ᠴᠢᠳᠠᠪᠤᠷᠢ ᠪᠠᠨ ᠬᠥᠭ᠍ᠵᠢᠭᠦᠯᠵᠦ ᠪᠠᠢᠢᠭ᠎ᠠ ᠡᠮᠡᠭᠲᠡᠢᠢᠴᠦᠳ᠂ ᠰᠡᠷᠭᠦᠭᠡᠭ᠍ᠳᠡᠬᠦ ᠡᠷᠴᠢᠮ ᠬᠦᠴᠦᠨ ᠦ ᠴᠢᠭᠯᠡᠯ ᠢᠶᠡᠷ ᠰᠤᠷᠤᠯᠴᠠᠵᠤ ᠪᠠᠢᠢᠭ᠎ᠠ ᠵᠠᠯᠠᠭᠤᠰ ᠲᠠᠢ ᠠᠭᠤᠯᠵᠠᠬᠤ ᠪᠠᠷ ᠲᠥᠯᠦᠪᠯᠡᠭᠰᠡᠨ᠃
ᠮᠥᠨ ᠳᠡᠯᠡᠬᠡᠶ ᠳᠥ ᠠᠯᠳᠠᠷ ᠲᠠᠢ ᠮᠣᠩ᠌ᠭᠤᠯ ᠤᠨ ᠬᠥᠳᠡᠭᠡ ᠠᠵᠤ ᠠᠬᠤᠶ ᠢᠢᠨ ᠰᠠᠯᠪᠤᠷᠢ ᠬᠡᠷᠬᠢᠨ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠵᠤ ᠪᠠᠢᠢᠭ᠎ᠠ ᠢᠢ ᠮᠡᠳᠡᠬᠦ ᠬᠦᠰᠡᠯ ᠲᠡᠢ ᠪᠠᠢᠢᠭ᠎ᠠ᠃
ᠠᠢᠢᠯᠴᠢᠯᠠᠯ ᠤᠨ ᠦᠶ᠎ᠡ ᠪᠡᠷ ᠮᠣᠩ᠌ᠭᠤᠯ ᠤᠨ ᠰᠣᠶᠤᠯ᠂ ᠥᠪ ᠤᠯᠠᠮᠵᠢᠯᠠᠯ᠂ ᠠᠷᠠᠳ ᠢᠷᠭᠡᠳ᠂ ᠦᠵᠡᠰᠬᠦᠯᠡᠩᠲᠦ ᠰᠠᠢᠢᠬᠠᠨ ᠪᠠᠢᠢᠭᠠᠯᠢ ᠲᠠᠢ ᠲᠠᠨᠢᠯᠴᠠᠬᠤ ᠵᠠᠪᠰᠢᠶᠠᠨ ᠲᠣᠬᠢᠶᠠᠵᠤ ᠪᠠᠢᠢᠭ᠎ᠠ ᠳᠤ ᠪᠠᠶᠠᠷ ᠲᠠᠢ ᠪᠠᠢᠢᠨ᠎ᠠ᠃
ᠡᠨᠡ ᠤᠳᠠᠭ᠎ᠠ ᠢᠢᠨ ᠠᠢᠢᠯᠴᠢᠯᠠᠯ ᠬᠣᠶᠠᠷ ᠣᠷᠤᠨ ᠤ ᠨᠥᠬᠦᠷᠰᠦᠭ ᠬᠠᠷᠢᠯᠴᠠᠭ᠎ᠠ ᠢᠢ ᠤᠯᠠᠮ ᠭᠦᠨᠵᠡᠭᠡᠢᠢᠷᠡᠭᠦᠯᠵᠦ᠂ ᠢᠷᠡᠭᠡᠳᠦᠶ ᠢᠢᠨ ᠬᠠᠮᠲᠤ ᠢᠢᠨ ᠠᠵᠢᠯᠯᠠᠭᠠᠨ ᠤ ᠰᠠᠭᠤᠷᠢ ᠢᠢ ᠲᠠᠯᠪᠢᠨ᠎ᠠ ᠭᠡᠳᠡᠭ ᠲᠥ ᠢᠲᠡᠭᠡᠵᠦ ᠪᠠᠢᠢᠨ᠎ᠠ᠃
ᠬᠠᠯᠠᠭᠤᠨ ᠳᠣᠲᠤᠨᠤ᠂ ᠨᠠᠢᠢᠷᠰᠠᠭ ᠢᠶᠠᠷ ᠤᠭᠲᠤᠨ ᠠᠪᠤᠭᠰᠠᠨ ᠳᠤ ᠳᠠᠬᠢᠨ ᠲᠠᠯᠠᠷᠬᠠᠯ ᠢᠯᠡᠷᠬᠡᠢᠢᠯᠡᠶ ᠡ᠃
ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

