Та "Internet explorer"-ийн сүүлийн хувилбар болох "Microsoft edge"-г ашиглана уу

Хэрэв "Microsoft edge"-г татах бол энд дарж татаж авна уу

ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ (ᠲᠥᠷᠦ ᠢᠢᠨ ᠲᠡᠷᠢᠭᠦᠨ) ᠰᠠᠮᠠᠨ᠌ᠲ᠋ᠾᠠ ᠮᠣᠰᠲ᠋ᠢᠨ ᠤ ᠲᠥᠷᠦ ᠢᠢᠨ ᠠᠢᠢᠯᠴᠢᠯᠠᠯ ᠥᠨᠳᠦᠷᠯᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ ᠰᠠᠮᠠᠨ᠋ᠲ᠋ᠾᠠ ᠮᠣᠰᠲ᠋ᠢᠨ᠂ ᠨᠥᠬᠦᠷ ᠰᠢᠮᠸᠣᠨ ᠪᠧᠻᠧᠲ᠋ᠲ᠋ ᠨᠠᠷ ᠤᠨ ᠲᠥᠷᠦ ᠢᠢᠨ ᠠᠢᠢᠯᠴᠢᠯᠠᠯ ᠥᠨᠳᠦᠷᠯᠡᠯ᠎ᠡ᠃

ᠠᠢᠢᠯᠴᠢᠯᠠᠯ ᠤᠨ ᠦᠶ᠎ᠡ ᠪᠡᠷ ᠶᠡᠷᠦᠩᠬᠡᠢᠢᠯᠡᠭᠴᠢ ᠤ·ᠬᠦᠷᠡᠯᠰᠦ᠋ᠬᠡ᠂ ᠠᠮᠪᠠᠨ ᠵᠠᠬᠢᠷᠤᠭᠴᠢ ᠰᠠᠮᠠᠨ᠋ᠲ᠋ᠾᠠ ᠮᠣᠰᠲ᠋ᠢᠨ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠪᠡᠬᠢᠵᠢᠭᠦᠯᠬᠦ᠂ ᠠᠷᠠᠳ ᠢᠷᠭᠡᠳ ᠦᠨ ᠬᠠᠷᠢᠯᠴᠠᠨ ᠣᠢᠢᠯᠠᠭᠠᠯᠴᠠᠯ᠂ ᠨᠥᠬᠦᠷᠯᠡᠯ ᠢ ᠥᠷᠭᠡᠵᠢᠭᠦᠯᠬᠦ ᠲᠠᠯ᠎ᠠ ᠪᠠᠷ ᠰᠠᠨᠠᠯ ᠰᠣᠯᠢᠯᠴᠠᠵᠤ᠂ ᠠᠭᠤᠯᠵᠠᠯᠲᠠ ᠢᠢᠨ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃

ᠠᠮᠪᠠᠨ ᠵᠠᠬᠢᠷᠤᠭᠴᠢ ᠨᠥᠬᠦᠷ ᠦᠨ ᠬᠠᠮᠲᠤ ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ ᠤᠨ ᠰᠠᠩᠬᠦᠵᠢᠯᠲᠡ ᠲᠡᠢ ᠲᠥᠰᠦᠯ᠂ ᠬᠥᠲᠦᠯᠪᠦᠷᠢ᠂ ᠲᠤᠬᠠᠢᠢᠯᠠᠪᠠᠯ «ᠣᠭ᠍ᠶᠤ ᠲᠣᠯᠤᠭᠠᠶ» ᠲᠥᠰᠦᠯ᠂ «ᠡᠮᠡᠭᠲᠡᠢᠢᠴᠦᠳ ᠦᠨ ᠠᠭᠤᠷ ᠠᠮᠢᠰᠬᠤᠯ ᠤᠨ ᠥᠭᠡᠷᠡᠴᠢᠯᠡᠯᠲᠡ ᠢᠢ ᠳᠠᠪᠠᠨ ᠲᠤᠭᠤᠯᠬᠤ ᠴᠢᠳᠠᠪᠬᠢ ᠢᠢ ᠪᠡᠬᠢᠵᠢᠭᠦᠯᠬᠦ ᠬᠥᠲᠦᠯᠪᠦᠷᠢ» ᠊ᠢᠢᠨ ᠬᠡᠷᠡᠭᠵᠢᠯᠲᠡ ᠲᠡᠢ ᠲᠠᠨᠢᠯᠴᠠᠵᠤ᠂ «ᠨᠠᠯᠠᠢᠢᠬᠤ ᠢᠢᠨ ᠫᠣᠯᠢᠲ᠋ᠧᠭᠨᠢᠭ ᠦᠨ ᠻᠣᠯᠯᠧᠵᠢ» ᠳ᠋ᠤ ᠵᠣᠴᠢᠯᠠᠯ᠎ᠠ᠃

ᠮᠥᠨ ᠠᠦ᠋ᠰᠲ᠋ᠷᠠᠯᠢᠶ᠎ᠠ ᠢᠢᠨ ᠡᠯᠴᠢᠨ ᠰᠠᠢᠢᠳ ᠤᠨ ᠶᠠᠮᠤᠨ᠂ ᠦᠨᠳᠦᠰᠦᠨ ᠦ ᠨᠣᠮ ᠤᠨ ᠰᠠᠩ᠂ ᠮᠣᠩ᠋ᠭᠤᠯ ᠤᠨ ᠨᠣᠮ ᠤᠨ ᠰᠠᠩ ᠤᠨ ᠬᠣᠯᠪᠤᠭ᠎ᠠ ᠬᠠᠮᠲᠤᠷᠠᠨ 21 ᠠᠢᠢᠮᠠᠭ᠂ ᠨᠡᠢᠢᠰᠯᠡᠯ ᠦᠨ ᠶᠢᠰᠦᠨ ᠳᠡᠭᠦᠷᠭᠡ ᠳᠥ ᠬᠡᠷᠡᠭᠵᠢᠭᠦᠯᠦᠭᠰᠡᠨ «ᠬᠢᠯᠢ ᠬᠢᠵᠠᠭᠠᠷ ᠦᠭᠡᠢ ᠨᠣᠮ ᠤᠨ ᠰᠠᠩ» ᠲᠥᠰᠦᠯ ᠦᠨ ᠦᠷ᠎ᠡ ᠳ᠋ᠦᠩ ᠲᠡᠢ ᠲᠠᠨᠢᠯᠴᠠᠵᠤ᠂ ᠦᠨᠳᠦᠰᠦᠨ ᠦ ᠨᠣᠮ ᠤᠨ ᠰᠠᠩ ᠳᠤ ᠠᠦ᠋ᠰᠲ᠋ᠷᠠᠯᠢᠶ᠎ᠠ ᠢᠢᠨ ᠵᠣᠬᠢᠶᠠᠯᠴᠢᠳ ᠤᠨ ᠰᠢᠯᠢᠳᠡᠭ ᠪᠦᠲᠦᠭᠡᠯ ᠦᠨ ᠳᠡᠭᠡᠵᠢ ᠡᠴᠡ 40 ᠭᠠᠷᠤᠶ ᠨᠣᠮ ᠬᠠᠨᠳᠢᠪᠯᠠᠯ᠎ᠠ᠃

ᠠᠮᠪᠠᠨ ᠵᠠᠬᠢᠷᠤᠭᠴᠢ ᠰᠠᠮᠠᠨ᠋ᠲ᠋ᠾᠠ ᠮᠣᠰᠲ᠋ᠢᠨ ᠲᠥᠷᠦ ᠢᠢᠨ ᠪᠤᠰᠤ ᠪᠠᠢᠢᠭᠤᠯᠤᠯᠭ᠎ᠠ᠂ ᠢᠷᠭᠡᠨ ᠦ ᠨᠡᠢᠢᠭᠡᠮ᠂ ᠠᠦ᠋ᠰᠲ᠋ᠷᠠᠯᠢᠶ᠎ᠠ ᠢᠢᠨ ᠰᠠᠢᠢᠨ ᠳᠤᠷ᠎ᠠ ᠢᠢᠨ ᠠᠵᠢᠯᠲᠠᠨ ᠨᠤᠭᠤᠳ᠂ ᠡᠮᠡᠭᠲᠡᠶ ᠪᠢᠽᠢᠨᠧᠰ ᠡᠷᠬᠢᠯᠡᠭᠴᠢᠳ ᠪᠣᠯᠤᠨ ᠠᠦ᠋ᠰᠲ᠋ᠷᠠᠯᠢᠶ᠎ᠠ ᠳᠤ ᠲᠤᠰ ᠤᠯᠤᠰ ᠤᠨ ᠲᠡᠳᠬᠦᠯᠭᠡ ᠪᠡᠷ ᠪᠠᠲᠤᠯᠠᠨ ᠬᠠᠮᠠᠭᠠᠯᠠᠬᠤ ᠴᠢᠭᠯᠡᠯ ᠢᠶᠡᠷ ᠰᠤᠷᠤᠯᠴᠠᠵᠤ ᠲᠡᠭᠦᠰᠦᠭᠰᠡᠨ ᠢᠷᠭᠡᠳ ᠦᠨ ᠲᠥᠯᠦᠭᠡᠯᠡᠯ ᠲᠡᠢ ᠠᠭᠤᠯᠵᠠᠯ᠎ᠠ᠃

ᠡᠷᠬᠢᠮ ᠵᠣᠴᠢᠳ ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌ ᠨᠠᠷ ᠤᠨ ᠬᠠᠮᠲᠤ «ᠶᠡᠬᠡ ᠲᠩᠷᠢ» ᠴᠣᠭᠴᠠᠯᠠᠪᠤᠷᠢ ᠳᠤ ᠳᠤᠷᠠᠰᠬᠠᠯ ᠤᠨ ᠮᠣᠳᠤ ᠲᠠᠷᠢᠵᠤ᠂ «ᠴᠢᠩᠬᠢᠰ ᠬᠠᠭᠠᠨ» ᠦᠨᠳᠦᠰᠦᠨ ᠦ ᠮᠦᠽᠧᠶ ᠳᠥ ᠵᠣᠴᠢᠯᠠᠨ᠂ ᠡᠷ᠎ᠡ ᠢᠢᠨ ᠭᠤᠷᠪᠠᠨ ᠨᠠᠭᠠᠳᠤᠮ᠂ ᠱᠠᠭ᠎ᠠ ᠢᠢᠨ ᠬᠠᠷᠪᠤᠭ᠎ᠠ᠂ ᠦᠨᠳᠦᠰᠦᠨ ᠦ ᠤᠷᠠᠯᠢᠭ ᠤᠨ ᠲᠣᠭᠯᠠᠯᠲᠠ ᠪᠦᠬᠦᠢ ᠪᠡᠰᠡᠷᠡᠭ ᠨᠠᠭᠠᠳᠤᠮ ᠦᠵᠡᠵᠦ ᠰᠣᠨᠢᠷᠬᠠᠯ᠎ᠠ᠃

ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠤᠨ ᠠᠮᠪᠠᠨ ᠵᠠᠬᠢᠷᠤᠭᠴᠢ ᠢᠢᠨ ᠲᠥᠪᠰᠢᠨ ᠳᠥ 31 ᠵᠢᠯ ᠦᠨ ᠳᠠᠷᠠᠭ᠎ᠠ ᠪᠣᠯᠤᠭᠰᠠᠨ ᠲᠥᠷᠦ ᠢᠢᠨ ᠡᠨᠡ ᠠᠢᠢᠯᠴᠢᠯᠠᠯ ᠬᠣᠶᠠᠷ ᠤᠯᠤᠰ ᠤᠨ ᠬᠠᠷᠢᠯᠴᠠᠭᠠᠨ ᠳᠤ ᠰᠢᠨ᠎ᠡ ᠬᠠᠭᠤᠳᠠᠰᠤ ᠨᠡᠭᠡᠭᠡᠵᠦ᠂ ᠬᠠᠮᠲᠤ ᠢᠢᠨ ᠠᠵᠢᠯᠯᠠᠭ᠎ᠠ ᠢᠢ «ᠢᠵᠢ ᠪᠦᠷᠢᠨ ᠲᠦᠩᠰᠢᠯᠡᠯ» ᠳ᠋ᠦ ᠬᠦᠷᠭᠡᠬᠦ ᠲᠣᠬᠢᠷᠠᠯᠴᠠᠭ᠎ᠠ ᠢᠢ ᠪᠠᠲᠤᠯᠠᠭᠠᠵᠢᠭᠤᠯᠤᠯ᠎ᠠ᠃

ᠬᠦᠨᠳᠦᠲᠦ ᠵᠣᠴᠢᠳ ᠢ ᠭᠠᠳᠠᠭᠠᠳᠤ ᠬᠠᠷᠢᠯᠴᠠᠭᠠᠨ ᠤ ᠰᠠᠢᠢᠳ ᠪᠠ᠊·ᠪᠠᠲᠤᠴᠡᠴᠡᠭ᠌᠂ ᠮᠣᠩ᠋ᠭᠤᠯ ᠤᠯᠤᠰ ᠠᠴᠠ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠊·ᠳᠠᠸᠠᠰᠦ᠋ᠷᠦᠩ᠂ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠯᠧᠣ᠋ ᠽᠧᠩ ᠪᠣᠯᠤᠨ ᠠᠯᠪᠠᠨ ᠤ ᠪᠤᠰᠤᠳ ᠬᠦᠮᠦᠨ ᠦᠳᠡᠵᠦ ᠮᠣᠷᠳᠠᠭᠤᠯᠤᠯ᠎ᠠ᠃