ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2025 ᠣᠨ ᠤ 09 ᠊ᠳ᠋ᠦᠭᠡᠷ ᠰᠠᠷ᠎ᠠ ᠢᠢᠨ 22 ᠤ ᠡᠳᠦᠷ ᠠᠮᠧᠷᠢᠻᠠ ᠢᠢᠨ ᠨᠢᠭᠡᠳᠦᠭᠰᠡᠨ ᠤᠯᠤᠰ ᠤᠨ ᠨᠢᠶᠦ᠋-ᠶᠣᠷᠻ ᠬᠣᠲᠠᠨ᠎ᠠ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ (ᠨᠢ᠊᠂ ᠦ᠊᠂ ᠪᠠᠢᠢ᠊᠂) ᠢᠢᠨ 80 ᠵᠢᠯ ᠦᠨ ᠣᠢ ᠳᠤ ᠵᠣᠷᠢᠭᠤᠯᠤᠭᠰᠠᠨ ᠬᠦᠨᠳᠦᠳᠬᠡᠯ ᠦᠨ ᠥᠨᠳᠦᠷ ᠲᠥᠪᠰᠢᠨ ᠦ ᠬᠤᠷᠠᠯᠳᠤᠭᠠᠨ ᠳᠤ ᠣᠷᠤᠯᠴᠠᠯ᠎ᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ ᠪᠣᠯᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠤ ᠳᠠᠷᠤᠭ᠎ᠠ ᠠᠨ᠋᠊ᠨᠠᠯᠧᠨᠠ ᠪᠧᠷᠪᠣᠻ ᠨᠠᠷ ᠥᠨᠳᠦᠷ ᠲᠥᠪᠰᠢᠨ ᠦ ᠬᠤᠷᠠᠯᠳᠤᠭᠠᠨ ᠢ ᠨᠡᠭᠡᠭᠡᠨ ᠦᠭᠡ ᠬᠡᠯᠡᠵᠦ᠂ ᠳᠡᠯᠡᠬᠡᠶ ᠨᠡᠢᠢᠲᠡ ᠳᠥ ᠲᠤᠯᠭᠠᠮᠳᠠᠵᠤ ᠪᠤᠢ ᠰᠣᠷᠢᠯᠲᠠ ᠨᠤᠭᠤᠳ ᠢ ᠳᠠᠪᠠᠨ ᠲᠤᠭᠤᠯᠬᠤ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠦᠢᠴᠡᠳᠬᠡᠵᠦ ᠪᠤᠢ ᠡᠭᠦᠷᠭᠡ᠂ ᠤᠯᠤᠰ ᠣᠷᠤᠨ ᠨᠤᠭᠤᠳ ᠤᠨ ᠬᠠᠮᠲᠤ ᠢᠢᠨ ᠠᠵᠢᠯᠯᠠᠭᠠᠨ ᠤ ᠠᠴᠢ ᠬᠣᠯᠪᠤᠭᠳᠠᠯ ᠢ ᠣᠨᠴᠠᠯᠠᠯ᠎ᠠ᠃

ᠲᠡᠭᠦᠨᠴᠢᠯᠡᠨ ᠲᠥᠷᠦ᠂ ᠨᠡᠢᠢᠭᠡᠮ ᠦᠨ ᠵᠢᠳᠬᠦᠯᠲᠡᠨ ᠨᠤᠭᠦᠳ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ ᠪᠣᠯᠤᠨ ᠬᠦᠮᠦᠨ ᠦ ᠡᠷᠬᠡ ᠢᠢᠨ ᠠᠰᠠᠭᠤᠳᠠᠯ ᠢᠶᠠᠷ ᠬᠢ ᠡᠭᠦᠷᠭᠡ ᠢᠢᠨ ᠲᠠᠯ᠎ᠠ ᠪᠠᠷ ᠳ᠋ᠦᠩᠨᠡᠯᠲᠡ ᠬᠢᠨ ᠰᠠᠨᠠᠯ ᠪᠣᠳᠤᠯ ᠢᠶᠠᠨ ᠬᠤᠪᠢᠶᠠᠯᠴᠠᠪᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠨᠢ 1945 ᠣᠨ ᠳᠤ ᠠᠮᠧᠷᠢᠻᠠ ᠢᠢᠨ ᠨᠢᠭᠡᠳᠦᠭᠰᠡᠨ ᠤᠯᠤᠰ ᠤᠨ ᠰᠠᠨ ᠹᠷᠠᠨ᠋ᠼᠢᠰᠻᠣ ᠬᠣᠲᠠ ᠳᠤ 51 ᠭᠡᠰᠢᠭᠦᠨ ᠲᠡᠢ ᠪᠠᠢᠢᠭᠤᠯᠤᠭᠳᠠᠭᠰᠠᠨ ᠪᠥᠭᠡᠳ 2024 ᠣᠨ ᠤ ᠪᠠᠢᠢᠳᠠᠯ ᠢᠶᠠᠷ ᠳᠡᠯᠡᠬᠡᠶ ᠢᠢᠨ 193 ᠣᠷᠤᠨ ᠨᠢᠭᠡᠳᠦᠭᠡᠳ ᠪᠠᠢᠢᠨ᠎ᠠ᠃ ᠮᠠᠨ ᠤ ᠤᠯᠤᠰ 1961 ᠣᠨ ᠤ 10 ᠳ᠋ᠤᠭᠠᠷ ᠰᠠᠷ᠎ᠠ ᠢᠢᠨ 27 ᠤ ᠡᠳᠦᠷ ᠲᠤᠰ ᠪᠠᠢᠢᠭᠤᠯᠤᠯᠭ᠎ᠠ ᠢᠢᠨ 101 ᠳ᠋ᠡᠬᠢ ᠭᠡᠰᠢᠭᠦᠨ ᠢᠶᠡᠷ ᠡᠯᠰᠡᠭᠰᠡᠨ ᠶᠤᠮ᠃
ᠮᠣᠩ᠋ᠭᠤᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠳ᠋ᠤ ᠭᠡᠰᠢᠭᠦᠨ ᠢᠶᠡᠷ ᠡᠯᠰᠡᠭᠰᠡᠨ ᠡᠴᠡ ᠬᠣᠢᠢᠰᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ ᠡᠭᠡᠯᠵᠢᠲᠦ ᠪᠣᠯᠤᠨ ᠲᠤᠰᠬᠠᠶ ᠴᠢᠭᠤᠯᠭᠠᠨ᠂ ᠳᠡᠭᠡᠳᠦ᠂ ᠥᠨᠳᠦᠷ ᠲᠥᠪᠰᠢᠨ ᠦ ᠠᠭᠤᠯᠵᠠᠯᠲᠠ᠂ ᠬᠤᠷᠠᠯ᠂ ᠠᠷᠭ᠎ᠠ ᠬᠡᠮᠵᠢᠶᠡᠨ ᠳᠥ ᠲᠥᠷᠦ᠂ ᠵᠠᠰᠠᠭ ᠤᠨ ᠲᠡᠷᠢᠭᠦᠨ ᠦ ᠲᠥᠪᠰᠢᠨ ᠳᠥ ᠲᠣᠭᠲᠠᠮᠠᠯ ᠢᠳᠡᠪᠬᠢᠲᠡᠢ ᠣᠷᠤᠯᠴᠠᠵᠤ ᠢᠷᠡᠭᠰᠡᠨ᠃
ᠲᠤᠬᠠᠢᠢᠯᠠᠪᠠᠯ᠂ ᠮᠣᠩ᠋ᠭᠤᠯ ᠤᠯᠤᠰ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠠᠷᠠᠳᠴᠢᠯᠠᠯ᠂ ᠬᠦᠮᠦᠨ ᠦ ᠡᠷᠬᠡ᠂ ᠡᠳ᠋ ᠦᠨ ᠵᠠᠰᠠᠭ᠂ ᠨᠡᠢᠢᠭᠡᠮ᠂ ᠬᠦᠮᠦᠨᠯᠢᠭ ᠵᠡᠷᠭᠡ 20 ᠣᠷᠴᠢᠮ ᠠᠰᠠᠭᠤᠳᠠᠯ ᠢᠶᠠᠷ ᠨᠡᠢᠢᠲᠡ 90 ᠭᠠᠷᠤᠶ ᠲᠣᠭᠲᠠᠭᠠᠯ ᠰᠠᠨᠠᠭᠠᠴᠢᠯᠠᠵᠤ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠪᠠᠷ ᠬᠡᠯᠡᠯᠴᠡᠭᠦᠯᠦᠨ ᠪᠠᠲᠤᠯᠠᠭᠤᠯᠤᠭᠰᠠᠨ᠃ ᠣᠳᠤ ᠪᠠᠷ ᠮᠠᠨ ᠤ ᠤᠯᠤᠰ ᠳᠠᠷᠠᠭᠠᠬᠢ ᠲᠠᠪᠤᠨ ᠲᠣᠭᠲᠠᠭᠠᠯ ᠢ ᠰᠠᠨᠠᠭᠠᠴᠢᠯᠠᠨ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠪᠠᠷ ᠬᠣᠶᠠᠷ ᠵᠢᠯ ᠲᠤᠲᠤᠮ ᠳᠤ ᠬᠡᠯᠡᠯᠴᠡᠭᠦᠯᠦᠨ ᠪᠠᠲᠤᠯᠠᠭᠤᠯᠵᠤ ᠪᠠᠢᠢᠨ᠎ᠠ᠃ ᠡᠭᠦᠨ ᠳᠦ:
1. «ᠮᠣᠩ᠋ᠭᠤᠯ ᠤᠯᠤᠰ ᠤᠨ ᠣᠯᠠᠨ ᠤᠯᠤᠰ ᠤᠨ ᠠᠶᠤᠯ ᠦᠭᠡᠢ ᠪᠠᠢᠢᠳᠠᠯ᠂ ᠴᠥᠮ ᠦᠨ ᠵᠡᠪᠰᠡᠭ ᠦᠭᠡᠢ ᠰᠲ᠋ᠠᠲ᠋ᠦ᠋ᠰ»᠂
2. «ᠬᠥᠳᠡᠭᠡ ᠢᠢᠨ ᠥᠬᠢᠳ᠂ ᠡᠮᠡᠭᠲᠡᠢᠢᠴᠦᠳ ᠦᠨ ᠠᠵᠤ ᠪᠠᠢᠢᠳᠠᠯ ᠢ ᠰᠠᠢᠢᠵᠢᠷᠠᠭᠤᠯᠬᠤ ᠲᠤᠬᠠᠶ»᠂
3. «ᠨᠡᠢᠢᠭᠡᠮ ᠦᠨ ᠬᠥᠭ᠍ᠵᠢᠯ ᠳᠥ ᠬᠣᠷᠰᠢᠶᠠᠯᠠᠯ ᠤᠨ ᠡᠭᠦᠷᠭᠡ»᠂
4. «ᠪᠢᠴᠢᠭ᠌ ᠦᠰᠦᠭ ᠦᠨ ᠪᠣᠯᠪᠠᠰᠤᠷᠠᠯ ᠤᠨ ᠲᠤᠬᠠᠶ»᠂
5. «ᠠᠷᠠᠳᠴᠢᠯᠠᠯ ᠤᠨ ᠪᠣᠯᠪᠠᠰᠤᠷᠠᠯ ᠤᠨ ᠲᠤᠬᠠᠶ»᠃
ᠲᠡᠭᠦᠨᠴᠢᠯᠡᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ «ᠳᠡᠯᠡᠬᠡᠶ ᠢᠢᠨ ᠠᠳᠤᠭᠤᠨ ᠤ ᠡᠳᠦᠷ ᠦᠨ ᠲᠤᠬᠠᠶ» ᠰᠢᠨ᠎ᠡ ᠲᠣᠭᠲᠠᠭᠠᠯ ᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 79 ᠊ᠳ᠋ᠦᠭᠡᠷ ᠴᠢᠭᠤᠯᠭᠠᠨ ᠤ ᠪᠦᠭᠦᠳᠡ ᠬᠤᠷᠠᠯᠳᠤᠭᠠᠨ ᠢᠶᠠᠷ ᠪᠠᠲᠤᠯᠠᠭᠤᠯᠤᠭᠰᠠᠨ ᠶᠤᠮ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 80 ᠵᠢᠯ ᠦᠨ ᠣᠢ ᠢᠢᠨ ᠬᠦᠷᠢᠶᠡᠨ ᠳᠥ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ «ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ-80» ᠰᠠᠨᠠᠭᠠᠴᠢᠯᠠᠭ᠎ᠠ ᠢᠢ ᠳᠡᠪᠰᠢᠭᠦᠯᠵᠦ ᠪᠤᠢ ᠪᠠᠨ 2025 ᠣᠨ ᠤ 03 ᠳ᠋ᠤᠭᠠᠷ ᠰᠠᠷ᠎ᠠ ᠳᠤ ᠭᠡᠰᠢᠭᠦᠨ ᠤᠯᠤᠰ ᠤᠳ ᠲᠤ ᠲᠠᠨᠢᠯᠴᠠᠭᠤᠯᠤᠭᠰᠠᠨ᠃
ᠳᠡᠯᠡᠬᠡᠶ ᠨᠡᠢᠢᠲᠡ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠠᠪᠴᠠᠩ ᠳᠤ ᠡᠭᠦᠰᠦᠭᠡᠳ ᠪᠤᠢ ᠡᠭᠡᠳᠡᠷᠡᠭᠡ ᠲᠡᠢ ᠨᠥᠬᠦᠴᠡᠯ ᠪᠠᠢᠢᠳᠠᠯ᠂ ᠰᠠᠩᠬᠦᠦ ᠢᠢᠨ ᠲᠣᠮᠣᠬᠠᠨ ᠬᠢᠮᠤᠷᠠᠯ ᠤᠨ ᠤᠯᠠᠮ ᠠᠴᠠ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠲᠥᠰᠦᠪ ᠢ 30 ᠬᠦᠷᠲᠡᠯᠡᠬᠢ ᠬᠤᠪᠢ ᠪᠠᠷ ᠪᠠᠭᠤᠷᠠᠭᠤᠯᠬᠤ ᠱᠠᠭᠠᠷᠳᠠᠯᠭ᠎ᠠ ᠪᠤᠢ ᠪᠣᠯᠤᠭᠰᠠᠨ ᠪᠥᠭᠡᠳ ᠡᠨᠡ ᠰᠣᠷᠢᠯᠲᠠ ᠢᠢ ᠳᠠᠪᠠᠨ ᠲᠤᠭᠤᠯᠬᠤ᠂ ᠪᠠᠢᠢᠭᠤᠯᠤᠯᠭ᠎ᠠ ᠢᠢᠨ ᠦᠢᠯᠡ ᠠᠵᠢᠯᠯᠠᠭᠠᠨ ᠤ ᠦᠷ᠎ᠡ ᠳ᠋ᠦᠩ᠂ ᠦᠷ᠎ᠡ ᠠᠰᠢᠭ ᠢ ᠨᠡᠮᠡᠭᠳᠡᠭᠦᠯᠬᠦ ᠳᠥ «ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ-80» ᠰᠠᠨᠠᠭᠠᠴᠢᠯᠠᠭ᠎ᠠ ᠴᠢᠭᠯᠡᠵᠦ ᠪᠠᠢᠢᠨ᠎ᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ 09 ᠊ᠳ᠋ᠦᠭᠡᠷ ᠰᠠᠷ᠎ᠠ ᠢᠢᠨ 23 ᠤ ᠮᠢᠭ᠌ᠮᠠᠷ ᠭᠠᠷᠠᠭ ᠲᠤ ᠨᠢᠶᠦ᠋-ᠶᠣᠷᠻ ᠬᠣᠲᠠᠨ᠎ᠠ ᠡᠬᠢᠯᠡᠨ᠎ᠡ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠳᠤ 154 ᠤᠯᠤᠰ ᠣᠷᠤᠨ ᠲᠥᠷᠦ᠂ ᠵᠠᠰᠠᠭ ᠤᠨ ᠲᠡᠷᠢᠭᠦᠨ ᠦ ᠲᠥᠪᠰᠢᠨ ᠳᠥ ᠣᠷᠤᠯᠴᠠᠬᠤ ᠪᠠᠨ ᠮᠡᠳᠡᠭᠳᠡᠭᠡᠳ ᠪᠠᠢᠢᠭ᠎ᠠ ᠶᠤᠮ᠃


