ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠳᠤ ᠣᠷᠤᠯᠴᠠᠬᠤ ᠦᠶ᠎ᠡ ᠪᠡᠷ ᠢᠶᠡᠨ ᠮᠣᠨ᠋ᠲ᠋ᠧᠨᠧᠭᠷᠣ᠋ ᠤᠯᠤᠰ ᠤᠨ ᠶᠡᠷᠦᠩᠬᠡᠢᠢᠯᠡᠭᠴᠢ ᠶᠠᠻᠣᠸ ᠮᠢᠯᠠᠲ᠋ᠣᠸᠢᠴ ᠲᠠᠶ ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠪᠠ᠃
ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠮᠣᠩ᠋ᠭᠤᠯ᠂ ᠮᠣᠨ᠋ᠲ᠋ᠧᠨᠧᠭᠷᠣ᠋ ᠢᠢᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠠᠷᠢᠯᠴᠠᠨ ᠰᠣᠨᠢᠷᠬᠠᠭᠰᠠᠨ ᠰᠠᠯᠪᠤᠷᠢ ᠨᠤᠭᠤᠳ ᠲᠤ ᠥᠷᠭᠡᠵᠢᠵᠦ ᠪᠠᠢᠢᠭ᠎ᠠ ᠢᠢ ᠣᠨᠴᠠᠯᠠᠵᠤ᠂ ᠢᠷᠡᠬᠦ 2026 ᠣᠨ ᠳᠤ ᠲᠣᠬᠢᠶᠠᠬᠤ ᠬᠣᠶᠠᠷ ᠤᠯᠤᠰ ᠤᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 20 ᠵᠢᠯ ᠦᠨ ᠣᠢ ᠢᠢ ᠶᠣᠰᠤᠯᠠᠯ ᠲᠡᠭᠦᠯᠳᠡᠷ᠂ ᠥᠷᠭᠡᠨ ᠬᠦᠷᠢᠶ᠎ᠡ ᠲᠡᠢ ᠲᠡᠮᠳᠡᠭᠯᠡᠨ ᠥᠩ᠋ᠭᠡᠷᠡᠭᠦᠯᠬᠦ ᠲᠠᠯ᠎ᠠ ᠪᠠᠷ ᠶᠠᠷᠢᠯᠴᠠᠯ᠎ᠠ᠃
ᠮᠥᠨ ᠤᠯᠤᠰ ᠲᠥᠷᠦ᠂ ᠡᠳ᠋ ᠦᠨ ᠵᠠᠰᠠᠭ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠰᠣᠶᠤᠯ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠣᠯᠤᠮᠵᠢ ᠢᠢᠨ ᠲᠠᠯ᠎ᠠ ᠪᠠᠷ ᠰᠠᠨᠠᠯ ᠰᠣᠯᠢᠯᠴᠠᠵᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠵᠡᠷᠭᠡ ᠴᠢᠭᠯᠡᠯ ᠢᠶᠡᠷ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠷᠢᠶᠡᠨ ᠳᠥ ᠬᠠᠮᠲᠤᠷᠠᠨ ᠠᠵᠢᠯᠯᠠᠬᠤ ᠰᠣᠨᠢᠷᠬᠠᠯ ᠢᠶᠠᠨ ᠲᠤᠰ ᠲᠤᠰ ᠢᠯᠡᠷᠬᠡᠢᠢᠯᠡᠪᠡ᠃
ᠠᠭᠤᠯᠵᠠᠯᠲᠠ ᠢᠢᠨ ᠦᠶ᠎ᠡ ᠪᠡᠷ ᠮᠣᠨ᠋ᠲ᠋ᠧᠨᠧᠭᠷᠣ᠋ ᠤᠯᠤᠰ ᠤᠨ ᠶᠡᠷᠦᠩᠬᠡᠢᠢᠯᠡᠭᠴᠢ ᠶᠠᠻᠣᠸ ᠮᠢᠯᠠᠲ᠋ᠣᠸᠢᠴ ᠮᠣᠩ᠋ᠭᠤᠯ ᠤᠯᠤᠰ ᠲᠤ ᠠᠢᠢᠯᠴᠢᠯᠠᠬᠤ ᠬᠦᠰᠡᠯᠲᠡ ᠪᠡᠨ ᠢᠯᠡᠷᠬᠡᠢᠢᠯᠡᠵᠦ᠂ ᠠᠢᠢᠯᠴᠢᠯᠠᠯ ᠤᠨ ᠲᠣᠪ ᠢ ᠣᠢᠢᠷ᠎ᠠ ᠢᠢᠨ ᠬᠤᠭᠤᠴᠠᠭᠠᠨ ᠳᠤ ᠳ᠋ᠢᠫᠯᠣᠮᠠᠲ ᠱᠤᠭᠤᠮ ᠢᠶᠠᠷ ᠬᠠᠷᠢᠯᠴᠠᠨ ᠲᠣᠭᠲᠠᠬᠤ ᠪᠠᠷ ᠲᠣᠬᠢᠷᠠᠯᠴᠠᠯ᠎ᠠ᠃




