ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠳᠤ ᠣᠷᠤᠯᠴᠠᠬᠤ ᠦᠶ᠎ᠡ ᠪᠡᠷ ᠢᠶᠡᠨ ᠪᠦᠭᠦᠳᠡ ᠨᠠᠢᠢᠷᠠᠮᠳᠠᠬᠤ ᠹᠢᠨ᠋ᠯᠠᠨ᠋ᠳ᠋ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳᠧᠷ ᠰᠲ᠋ᠦ᠋ᠪᠪ ᠲᠠᠶ ᠠᠭᠤᠯᠵᠠᠪᠠ᠃
ᠠᠭᠤᠯᠵᠠᠯᠲᠠ ᠢᠢᠨ ᠦᠶ᠎ᠡ ᠪᠡᠷ ᠲᠥᠷᠦ ᠢᠢᠨ ᠲᠡᠷᠢᠭᠦᠨ ᠨᠠᠷ ᠮᠣᠩ᠋ᠭᠤᠯ᠂ ᠹᠢᠨ᠋ᠯᠠᠨ᠋ᠳ᠋ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠡᠭᠦᠯ ᠦᠨ ᠵᠢᠯ ᠦᠳ ᠲᠥ ᠢᠳᠡᠪᠬᠢᠲᠡᠢ ᠥᠷᠭᠡᠵᠢᠵᠦ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠴᠢᠨᠠᠭᠰᠢᠳᠠ ᠳᠡᠭᠡᠳᠦ᠂ ᠥᠨᠳᠦᠷ ᠲᠥᠪᠰᠢᠨ ᠦ ᠠᠢᠢᠯᠴᠢᠯᠠᠯ ᠤᠨ ᠳᠠᠪᠲᠠᠮᠵᠢ ᠢᠢ ᠬᠠᠳᠠᠭᠠᠯᠠᠬᠤ ᠢᠢᠨ ᠴᠢᠬᠤᠯᠠ ᠢᠢ ᠣᠨᠴᠠᠯᠠᠪᠠ᠃
ᠪᠦᠭᠦᠳᠡ ᠨᠠᠢᠢᠷᠠᠮᠳᠠᠬᠤ ᠹᠢᠨ᠋ᠯᠠᠨ᠋ᠳ᠋ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳᠧᠷ ᠰᠲ᠋ᠦ᠋ᠪᠪ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢ ᠲᠤᠰ ᠤᠯᠤᠰ ᠲᠤ ᠠᠢᠢᠯᠴᠢᠯᠠᠬᠤ ᠢᠢ ᠤᠷᠢᠯ᠎ᠠ᠃
ᠲᠡᠭᠦᠨᠴᠢᠯᠡᠨ ᠬᠣᠶᠠᠷ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ᠂ ᠪᠣᠯᠪᠠᠰᠤᠷᠠᠯ᠂ ᠪᠠᠢᠢᠭᠠᠯᠢ ᠣᠷᠴᠢᠨ᠂ ᠰᠡᠷᠭᠦᠭᠡᠭ᠍ᠳᠦᠬᠦ ᠡᠷᠴᠢᠮ ᠬᠦᠴᠦᠨ ᠦ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ «ᠢᠯᠡᠭᠡᠯᠲᠡ–2100» ᠲᠡᠳᠬᠦᠯᠭᠡᠲᠦ ᠬᠥᠲᠦᠯᠪᠦᠷᠢ ᠢᠢᠨ ᠬᠦᠷᠢᠶᠡᠨ ᠳᠥ ᠮᠣᠩ᠋ᠭᠤᠯ ᠣᠶᠤᠲᠠᠨ ᠨᠤᠭᠤᠳ ᠢ ᠹᠢᠨ᠋ᠯᠠᠨ᠋ᠳ᠋ ᠤᠨ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠭᠤᠯᠬᠤ ᠪᠣᠯᠤᠮᠵᠢ ᠢᠢᠨ ᠲᠠᠯ᠎ᠠ ᠪᠠᠷ ᠳᠡᠯᠭᠡᠷᠡᠩ᠋ᠭᠦᠶ ᠰᠠᠨᠠᠯ ᠰᠣᠯᠢᠯᠴᠠᠪᠠ᠃
ᠲᠡᠭᠦᠨᠴᠢᠯᠡᠨ ᠬᠣᠶᠠᠷ ᠤᠯᠤᠰ ᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳ᠋ᠡᠬᠢ ᠤᠯᠠᠮᠵᠢᠯᠠᠯᠲᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠪᠡᠨ ᠲᠠᠯ᠎ᠠ ᠨᠤᠭᠤᠳ ᠨᠤᠲᠠᠯᠠᠯ᠎ᠠ᠃



