ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳᠤᠭᠠᠷ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ ᠠᠮᠧᠷᠢᠻᠠ ᠢᠢᠨ ᠨᠢᠭᠡᠳᠦᠭᠰᠡᠨ ᠤᠯᠤᠰ ᠤᠨ ᠨᠢᠶᠦ᠋-ᠶᠣᠷᠻ ᠬᠣᠲᠠᠨ᠎ᠠ 2025 ᠣᠨ ᠤ 09 ᠊ᠳ᠋ᠦᠭᠡᠷ ᠰᠠᠷ᠎ᠠ ᠢᠢᠨ 23 ᠤ ᠡᠳᠦᠷ ᠡᠬᠢᠯᠡᠯ᠎ᠡ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠲᠥᠪ ᠪᠠᠢᠢᠷᠢᠨ ᠳᠤ ᠬᠦᠷᠦᠯᠴᠡᠨ ᠢᠷᠡᠬᠦ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠤ᠋ ᠭᠦᠲ᠋ᠧᠷᠷᠧᠱ ᠠᠯᠪᠠᠨ ᠶᠣᠰᠤ ᠪᠠᠷ ᠤᠭᠲᠤᠪᠠ᠃
ᠳᠠᠷᠠᠭ᠎ᠠ ᠨᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳᠤᠭᠠᠷ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ ᠦᠨ ᠨᠡᠭᠡᠭᠡᠯᠲᠡ ᠳᠥ ᠣᠷᠤᠯᠴᠠᠯ᠎ᠠ᠃
ᠡᠨᠡ ᠤᠳᠠᠭ᠎ᠠ ᠢᠢᠨ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠡᠰᠢᠭᠦᠨ 150 ᠭᠠᠷᠤᠶ ᠣᠷᠤᠨ ᠤ ᠲᠥᠷᠦ᠂ ᠵᠠᠰᠠᠭ ᠤᠨ ᠲᠡᠷᠢᠭᠦᠨ ᠣᠷᠤᠯᠴᠠᠵᠤ ᠪᠠᠢᠢᠨ᠎ᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠠᠢᠢᠭᠤᠯᠤᠭᠳᠠᠭᠰᠠᠨ ᠤ 80 ᠵᠢᠯ ᠦᠨ ᠣᠢ ᠢᠢᠨ ᠴᠢᠭᠤᠯᠭᠠᠨ ᠪᠣᠯᠤᠨ ᠶᠡᠷᠦᠩᠬᠡᠶ ᠰᠠᠨᠠᠯ ᠰᠢᠭᠦᠮᠵᠢᠯᠡᠯ ᠢ «ᠬᠠᠮᠲᠤ ᠳᠤ ᠪᠠᠨ ᠬᠦᠴᠦᠲᠡᠢ 80 ᠵᠢᠯ ᠪᠣᠯᠤᠨ ᠡᠩᠬᠡ ᠲᠠᠢᠢᠪᠤᠩ᠂ ᠬᠥᠭ᠍ᠵᠢᠯ᠂ ᠳᠡᠪᠰᠢᠯ᠂ ᠬᠦᠮᠦᠨ ᠦ ᠡᠷᠬᠡ ᠢᠢᠨ ᠲᠥᠯᠦᠭᠡᠬᠢ ᠢᠯᠡᠭᠦᠦ ᠰᠠᠢᠢᠬᠠᠨ ᠢᠷᠡᠭᠡᠳᠦᠶ» ᠰᠡᠳᠦᠪ ᠢᠶᠡᠷ ᠵᠣᠬᠢᠶᠠᠨ ᠪᠠᠢᠢᠭᠤᠯᠵᠤ ᠪᠠᠢᠢᠭ᠎ᠠ ᠶᠤᠮ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠦᠳᠦᠷ ᠶᠡᠷᠦᠩᠬᠡᠶ ᠰᠠᠨᠠᠯ ᠰᠢᠭᠦᠮᠵᠢᠯᠡᠯ ᠳᠥ ᠦᠭᠡ ᠬᠡᠯᠡᠵᠦ᠂ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠢᠶᠠᠷ ᠮᠣᠩ᠋ᠭᠤᠯ ᠤᠯᠤᠰ ᠤᠨ ᠪᠠᠢᠢᠷᠢ ᠰᠠᠭᠤᠷᠢ ᠢᠢ ᠢᠯᠡᠷᠬᠡᠢᠢᠯᠡᠨᠡ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ 2025 ᠣᠨ ᠤ 09 ᠊ᠳ᠋ᠦᠭᠡᠷ ᠰᠠᠷ᠎ᠠ ᠢᠢᠨ 09 ᠡᠴᠡ 12 ᠳ᠋ᠤᠭᠠᠷ ᠰᠠᠷ᠎ᠠ ᠢᠢᠨ ᠰᠡᠭᠦᠯᠴᠢ ᠬᠦᠷᠲᠡᠯ᠎ᠡ ᠠᠮᠧᠷᠢᠻᠠ ᠢᠢᠨ ᠨᠢᠭᠡᠳᠦᠭᠰᠡᠨ ᠤᠯᠤᠰ ᠤᠨ ᠨᠢᠶᠦ᠋-ᠶᠣᠷᠻ ᠬᠣᠲᠠᠨ᠎ᠠ ᠦᠷᠭᠦᠯᠵᠢᠯᠡᠨ᠎ᠡ᠃
ᠴᠢᠭᠤᠯᠭᠠᠨ ᠤ ᠳᠠᠷᠤᠭ᠎ᠠ ᠪᠠᠷ ᠬᠣᠯᠪᠤᠭᠠᠨ ᠤ ᠪᠦᠭᠦᠳᠡ ᠨᠠᠢᠢᠷᠠᠮᠳᠠᠬᠤ ᠭᠧᠷᠮᠠ ᠤᠯᠤᠰ ᠤᠨ ᠭᠠᠳᠠᠭᠠᠳᠤ ᠬᠡᠷᠡᠭ ᠦᠨ ᠰᠠᠢᠢᠳ ᠠᠰᠠᠨ ᠠᠨ᠋᠊ᠨᠠᠯᠧᠨᠠ ᠪᠧᠷᠪᠣᠻ ᠠᠵᠢᠯᠯᠠᠵᠤ ᠪᠠᠢᠢᠨ᠎ᠠ᠃
ᠴᠢᠭᠤᠯᠭᠠᠨ ᠢᠶᠠᠷ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠵᠡᠪᠰᠡᠭ ᠬᠤᠷᠢᠶᠠᠬᠤ᠂ ᠡᠩᠬᠡ ᠢᠢ ᠰᠠᠬᠢᠭᠤᠯᠬᠤ ᠠᠵᠢᠯᠯᠠᠭ᠎ᠠ᠂ ᠦᠨᠳᠦᠰᠦᠲᠡᠨ ᠳᠠᠮᠨᠠᠭᠰᠠᠨ ᠭᠡᠮᠲᠦ ᠬᠡᠷᠡᠭ᠂ ᠲᠧᠷᠷᠣᠷᠢᠰᠮ ᠲᠠᠢ ᠲᠡᠮᠡᠴᠡᠬᠦ᠂ ᠣᠯᠠᠨ ᠤᠯᠤᠰ ᠤᠨ ᠡᠷᠬᠡ ᠵᠦᠢ᠂ ᠨᠡᠢᠢᠭᠡᠮ᠂ ᠡᠳ᠋ ᠦᠨ ᠵᠠᠰᠠᠭ᠂ ᠲᠣᠭᠲᠠᠪᠤᠷᠢᠲᠠᠢ ᠬᠥᠭ᠍ᠵᠢᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠬᠦᠮᠦᠨ ᠦ ᠡᠷᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠠᠴᠠ ᠦᠵᠡᠭᠦᠯᠬᠦ ᠬᠦᠮᠦᠨᠯᠢᠭ ᠦᠨ ᠲᠤᠰᠠᠯᠠᠮᠵᠢ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠦᠢᠯᠡ ᠠᠵᠢᠯᠯᠠᠭᠠᠨ ᠤ ᠲᠥᠰᠦᠪ ᠦᠨ ᠰᠠᠩᠬᠦᠵᠢᠯᠲᠡ ᠵᠡᠷᠭᠡ ᠳᠡᠯᠡᠬᠡᠶ ᠢᠢᠨ ᠤᠯᠤᠰ ᠲᠦᠮᠡᠨ ᠦ ᠡᠮᠦᠨ᠎ᠡ ᠴᠢᠬᠤᠯᠠ ᠪᠠᠷ ᠲᠠᠯᠪᠢᠭᠳᠠᠵᠤ ᠪᠤᠢ 174 ᠪᠠᠭᠴᠠ ᠠᠰᠠᠭᠤᠳᠠᠯ ᠢ ᠬᠡᠯᠡᠯᠴᠡᠵᠦ᠂ ᠬᠣᠯᠪᠤᠭᠳᠤᠬᠤ ᠰᠢᠢᠳᠪᠦᠷᠢ ᠢᠢ ᠭᠠᠷᠭᠠᠨ᠎ᠠ᠃
ᠲᠤᠰ ᠴᠢᠭᠤᠯᠭᠠᠨ ᠤ ᠦᠨᠳᠦᠰᠦᠨ 6 ᠬᠣᠷᠢᠶᠠᠨ ᠤ ᠦᠢᠯᠡ ᠠᠵᠢᠯᠯᠠᠭ᠎ᠠ 10 ᠳ᠋ᠤᠭᠠᠷ ᠰᠠᠷ᠎ᠠ ᠢᠢᠨ 06 ᠤ ᠡᠳᠦᠷ ᠡᠴᠡ ᠡᠬᠢᠯᠡᠬᠦ ᠶᠤᠮ᠃