ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ ᠳᠥ 2025 ᠣᠨ ᠤ 09 ᠊ᠳ᠋ᠦᠭᠡᠷ ᠰᠠᠷ᠎ᠠ ᠢᠢᠨ 23 ᠤ ᠡᠳᠦᠷ ᠦᠭᠡ ᠬᠡᠯᠡᠪᠡ᠃
«ᠡᠷᠬᠢᠮ ᠬᠦᠨᠳᠦᠲᠦ ᠴᠢᠭᠤᠯᠭᠠᠨ ᠤ ᠲᠥᠯᠦᠭᠡᠯᠡᠭᠴᠢᠳ ᠡ᠂
ᠡᠷᠬᠢᠮ ᠬᠦᠨᠳᠦᠲᠦ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠ᠋᠂
ᠬᠠᠲᠤᠭᠲᠠᠶ᠂ ᠨᠣᠶᠠᠳ ᠋ᠠ᠋᠃
ᠶᠠᠭᠤᠨ ᠤ ᠡᠮᠦᠨ᠎ᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠡᠭᠦᠰᠦᠨ ᠪᠠᠢᠢᠭᠤᠯᠤᠭᠳᠠᠭᠰᠠᠨ ᠤ ᠲᠡᠦᠬᠡᠲᠦ 80 ᠵᠢᠯ ᠦᠨ ᠣᠢ ᠢᠢᠨ ᠪᠣᠰᠬᠠᠨ ᠳᠡᠭᠡᠷ᠎ᠡ ᠵᠣᠬᠢᠶᠠᠨ ᠪᠠᠢᠢᠭᠤᠯᠵᠤ ᠪᠤᠢ ᠡᠨᠡ ᠴᠢᠭᠤᠯᠭᠠᠨ ᠤ ᠳᠠᠷᠤᠭ᠎ᠠ ᠢᠢᠨ ᠬᠠᠷᠢᠭᠤᠴᠠᠯᠭ᠎ᠠ ᠲᠠᠢ ᠡᠭᠦᠷᠭᠡ ᠢᠢ ᠬᠦᠯᠢᠶᠡᠨ ᠠᠪᠤᠭᠰᠠᠨ ᠬᠠᠲᠤᠭᠲᠠᠶ ᠠᠨ᠋᠊ᠨᠠᠯᠧᠨᠠ ᠪᠧᠷᠪᠣᠻ ᠲᠠᠨ ᠳᠤ ᠴᠢᠩ ᠰᠡᠳᠬᠢᠯ ᠦᠨ ᠪᠠᠶᠠᠷ ᠬᠦᠷᠭᠡᠵᠦ᠂ ᠴᠢᠭᠤᠯᠭᠠᠨ ᠤ ᠦᠢᠯᠡ ᠠᠵᠢᠯᠯᠠᠭᠠᠨ ᠳᠤ ᠥᠨᠳᠦᠷ ᠠᠮᠵᠢᠯᠲᠠ ᠬᠦᠰᠡᠶ ᠡ᠃
ᠲᠡᠷᠲᠡᠭᠡᠬᠢ ᠨᠠᠢᠮᠠᠨ ᠵᠠᠭᠤᠨ ᠤ ᠡᠮᠦᠨ᠎ᠡ ᠶᠡᠬᠡ ᠡᠵᠡᠨ ᠴᠢᠩᠬᠢᠰ ᠬᠠᠭᠠᠨ ᠶᠡᠬᠡ ᠮᠣᠩ᠋ᠭᠤᠯ ᠤᠯᠤᠰ ᠢ ᠪᠠᠢᠢᠭᠤᠯᠵᠤ᠂ ᠮᠣᠩ᠋ᠭᠤᠯᠴᠤᠳ ᠪᠢᠳᠡᠨ ᠦ ᠡᠪᠦᠭᠡ ᠳᠡᠭᠡᠳᠦᠰ ᠥᠷᠦᠨ᠎ᠡ᠂ ᠳᠣᠷᠤᠨ᠎ᠠ ᠢᠢ ᠲᠥᠷᠦᠲᠦ ᠶᠣᠰᠤ᠂ ᠬᠠᠤᠯᠢ ᠴᠠᠭᠠᠵᠠ ᠢᠢᠨ ᠳᠣᠣᠷ᠎ᠠ ᠲᠥᠪᠰᠢᠳᠬᠡᠨ᠂ ᠧᠦ᠋ᠷᠠᠽᠢ ᠢᠢᠨ ᠥᠷᠭᠡᠨ ᠠᠭᠤᠳᠠᠮ ᠨᠤᠲᠤᠭ ᠲᠤ «ᠮᠣᠩ᠋ᠭᠤᠯ ᠤᠨ ᠶᠡᠬᠡ ᠠᠮᠤᠷ ᠠᠮᠤᠭᠤᠯᠠᠩ» ᠊ᠢ ᠴᠣᠭᠴᠠᠯᠠᠭᠠᠵᠤ᠂ ᠬᠦᠮᠦᠨ ᠲᠥᠷᠦᠯᠬᠢᠲᠡᠨ ᠬᠥᠭ᠍ᠵᠢᠨ ᠳᠡᠪᠵᠢᠬᠦ ᠦᠨᠳᠦᠰᠦ ᠰᠠᠭᠤᠷᠢ ᠢᠢ ᠲᠠᠯᠪᠢᠭᠰᠠᠨ ᠲᠡᠦᠬᠡ ᠲᠡᠢ᠃
«ᠮᠣᠩ᠋ᠭᠤᠯ ᠤᠨ ᠶᠡᠬᠡ ᠠᠮᠤᠷ ᠠᠮᠤᠭᠤᠯᠠᠩ» ᠨᠢ ᠥᠨᠦ ᠢᠢᠨ ᠳᠡᠯᠡᠬᠡᠶ ᠳ᠋ᠠᠬᠢᠨ ᠤ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠰᠠᠬᠢᠨ ᠬᠠᠮᠠᠭᠠᠯᠠᠬᠤ ᠢᠢᠨ ᠲᠥᠯᠦᠭᠡᠬᠢ ᠬᠠᠮᠲᠤ ᠢᠢᠨ ᠬᠦᠴᠦᠨ ᠴᠢᠷᠮᠠᠢᠢᠯᠲᠠ ᠢᠢᠨ ᠦᠨᠳᠦᠰᠦ ᠰᠠᠭᠤᠷᠢ ᠪᠣᠯᠬᠤᠢᠢᠴᠠ ᠳᠡᠪᠰᠢᠯᠲᠡᠲᠦ ᠦᠵᠡᠯ ᠰᠠᠨᠠᠭ᠎ᠠ ᠢᠢ ᠠᠭᠤᠯᠵᠤ ᠪᠠᠢᠢᠭᠰᠠᠨ ᠪᠢᠯᠡ᠃
ᠲᠡᠭᠡᠪᠡᠯ ᠨᠠᠢᠮᠠᠨ ᠠᠷᠪᠠᠨ ᠤ ᠲᠡᠷᠡᠲᠡᠭᠡ ᠳᠠᠢᠢᠨ ᠤ ᠤᠲᠤᠭ᠎ᠠ ᠵᠠᠮᠬᠠᠷᠠᠭᠠ ᠦᠭᠡᠢ᠂ ᠬᠦᠮᠦᠨ ᠲᠥᠷᠦᠯᠬᠢᠲᠡᠨ ᠦ ᠲᠦᠭᠰᠢᠭᠦᠷ ᠠᠷᠢᠯᠤᠭ᠎ᠠ ᠦᠭᠡᠢ ᠪᠠᠢᠢᠭᠰᠠᠨ ᠲᠡᠷᠡ ᠴᠠᠭ ᠦᠶ᠎ᠡ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠬᠡᠮᠡᠬᠦ ᠶᠡᠬᠡ ᠠᠢᠢᠯ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠪᠠᠲᠤᠯᠠᠭ᠎ᠠ᠂ ᠳᠡᠯᠡᠬᠡᠶ ᠢᠢᠨ ᠤᠯᠤᠰ ᠣᠷᠤᠨ ᠨᠤᠭᠤᠳ ᠤᠨ ᠢᠲᠡᠭᠡᠯ ᠨᠠᠢᠢᠳᠠᠪᠤᠷᠢ ᠢᠢᠨ ᠶᠡᠬᠡ ᠥᠷᠭᠦᠭᠡ ᠪᠣᠯᠤᠨ ᠰᠦᠨᠳᠡᠷᠯᠡᠨ ᠪᠣᠰᠤᠭᠰᠠᠨ ᠶᠤᠮ᠃
ᠲᠡᠷᠡ ᠴᠠᠭ ᠠᠴᠠ ᠬᠣᠢᠢᠰᠢ ᠡᠨᠡ ᠬᠦ ᠪᠠᠢᠢᠭᠤᠯᠤᠯᠭ᠎ᠠ ᠬᠦᠮᠦᠨ ᠲᠥᠷᠦᠯᠬᠢᠲᠡᠨ ᠦ ᠵᠠᠮ ᠮᠥᠷ ᠢ ᠭᠡᠷᠡᠯᠲᠦᠭᠦᠯᠵᠦ᠂ ᠤᠯᠤᠰ ᠣᠷᠤᠨ ᠨᠤᠭᠤᠳ ᠡᠩᠬᠡ ᠲᠠᠢᠢᠪᠤᠩ ᠢᠶᠠᠷ ᠬᠠᠮᠲᠤ ᠳᠤ ᠪᠠᠨ ᠬᠥᠭ᠍ᠵᠢᠬᠦ ᠢᠲᠡᠭᠡᠯ ᠨᠠᠢᠢᠳᠠᠪᠤᠷᠢ ᠢᠢᠨ ᠭᠣᠯᠤᠮᠲᠠ ᠪᠣᠯᠤᠨ ᠣᠷᠤᠰᠢᠭᠰᠠᠭᠠᠷ ᠢᠷᠡᠯ᠎ᠡ᠃
ᠣᠯᠠᠨ ᠤᠯᠤᠰ ᠤᠨ ᠨᠥᠬᠦᠴᠡᠯ ᠪᠠᠢᠢᠳᠠᠯ ᠬᠤᠪᠢᠰᠤᠮᠠᠲᠠᠭᠠᠶ᠂ ᠰᠣᠷᠢᠯᠲᠠ᠂ ᠪᠡᠷᠬᠡᠰᠢᠶᠡᠯ ᠢᠶᠡᠷ ᠳᠦᠭᠦᠷᠡᠩ ᠬᠡᠪ ᠢᠶᠡᠷ ᠪᠠᠢᠢᠭ᠎ᠠ ᠡᠨᠡ ᠴᠠᠭ ᠦᠶ᠎ᠡ ᠳᠥ ᠶᠡᠷᠦᠩᠬᠡᠶ ᠠᠰᠰᠠᠮᠪᠯᠧᠢ ᠢᠢᠨ 80 ᠳ᠋ᠤᠭᠠᠷ ᠴᠢᠭᠤᠯᠭᠠᠨ ᠶᠡᠷᠦᠩᠬᠡᠶ ᠰᠠᠨᠠᠯ ᠰᠢᠭᠦᠮᠵᠢᠯᠡᠯ ᠦᠨ ᠰᠡᠳᠦᠪ ᠢ «ᠬᠠᠮᠲᠤ ᠳᠤ ᠪᠠᠨ ᠬᠦᠴᠦᠲᠡᠢ 80 ᠵᠢᠯ ᠪᠣᠯᠤᠨ ᠡᠩᠬᠡ ᠲᠠᠢᠢᠪᠤᠩ᠂ ᠬᠥᠭ᠍ᠵᠢᠯ ᠳᠡᠪᠰᠢᠯ᠂ ᠬᠦᠮᠦᠨ ᠦ ᠡᠷᠬᠡ ᠢᠢᠨ ᠲᠥᠯᠦᠭᠡᠬᠢ ᠢᠯᠡᠭᠦᠦ ᠰᠠᠢᠢᠬᠠᠨ ᠢᠷᠡᠭᠡᠳᠦᠶ» ᠬᠡᠮᠡᠨ ᠲᠣᠳᠤᠷᠬᠠᠢᠢᠯᠠᠭᠰᠠᠨ ᠢ ᠪᠢᠳᠡ ᠲᠠᠯᠠᠷᠬᠠᠨ ᠳᠡᠮᠵᠢᠵᠦ ᠪᠠᠢᠢᠨ᠎ᠠ᠃
ᠴᠤᠬᠤᠮ ᠳᠤ ᠪᠠᠨ ᠡᠨᠡ ᠬᠦ ᠰᠡᠳᠦᠪ ᠨᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠥᠩ᠋ᠭᠡᠷᠡᠭᠰᠡᠨ 80 ᠵᠢᠯ ᠦᠨ ᠣᠯᠤᠯᠲᠠ ᠠᠮᠵᠢᠯᠲᠠ᠂ ᠠᠯᠳᠠᠭ᠎ᠠ ᠣᠨᠤᠭ᠎ᠠ ᠢᠢ ᠳ᠋ᠦᠩᠨᠡᠨ ᠴᠡᠩᠨᠡᠵᠦ᠂ ᠦᠢᠯᠡ ᠠᠵᠢᠯᠯᠠᠭ᠎ᠠ ᠢᠢ ᠨᠢ ᠲᠡᠭᠦᠨ ᠦ ᠳᠦᠷᠢᠮ᠂ ᠣᠯᠠᠨ ᠤᠯᠤᠰ ᠤᠨ ᠡᠷᠬᠡ ᠵᠦᠢ ᠢᠢᠨ ᠵᠠᠷᠴᠢᠮ ᠤᠳ ᠤᠨ ᠳᠠᠭᠠᠭᠤ ᠤᠯᠠᠮ ᠪᠦᠷᠢ ᠪᠡᠬᠢᠵᠢᠭᠦᠯᠵᠦ᠂ ᠴᠢᠨᠠᠭᠰᠢᠳᠠ ᠢᠯᠡᠭᠦᠦ ᠲᠣᠳᠤᠷᠬᠠᠶ ᠦᠷ᠎ᠡ ᠳ᠋ᠦᠩ ᠭᠠᠷᠭᠠᠬᠤ ᠢᠢᠨ ᠲᠥᠯᠦᠭᠡ ᠰᠠᠨᠠᠯ ᠪᠣᠳᠤᠯ᠂ ᠦᠢᠯᠡ ᠬᠡᠷᠡᠭ ᠢᠶᠡᠨ ᠨᠢᠭᠡᠳᠬᠡᠬᠦ ᠳᠥ ᠪᠢᠳᠡᠨ ᠢ ᠤᠷᠢᠶᠠᠯᠠᠨ ᠳᠠᠭᠤᠳᠠᠵᠤ ᠪᠠᠢᠢᠨ᠎ᠠ᠃
ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
ᠮᠣᠩ᠋ᠭᠤᠯ ᠤᠯᠤᠰ ᠠᠯᠢᠪᠠ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡ᠂ ᠨᠤᠲᠤᠭ ᠳᠡᠪᠢᠰᠬᠡᠷ ᠦᠨ ᠪᠦᠷᠢᠨ ᠪᠦᠲᠦᠨ ᠪᠠᠢᠢᠳᠠᠯ ᠢ ᠬᠦᠨᠳᠦᠳᠬᠡᠵᠦ᠂ ᠮᠠᠷᠭᠤᠭᠠᠨ ᠲᠠᠢ ᠠᠰᠠᠭᠤᠳᠠᠯ ᠢ ᠡᠪ ᠵᠦᠢ ᠪᠡᠷ ᠰᠢᠢᠳᠪᠦᠷᠢᠯᠡᠬᠦ᠂ ᠬᠦᠮᠦᠨ ᠦ ᠡᠷᠬᠡ᠂ ᠡᠷᠬᠡ ᠴᠢᠯᠦᠭᠡ ᠢᠢ ᠳᠡᠭᠡᠳᠦᠯᠡᠬᠦ᠂ ᠡᠷᠬᠡ ᠲᠡᠭᠰᠢ᠂ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠲᠤᠬᠠᠶ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠳᠦᠷᠢᠮ᠂ ᠨᠡᠢᠢᠲᠡ ᠪᠡᠷ ᠬᠦᠯᠢᠶᠡᠨ ᠵᠥᠪᠰᠢᠶᠡᠷᠡᠭᠰᠡᠨ ᠣᠯᠠᠨ ᠤᠯᠤᠰ ᠤᠨ ᠡᠷᠬᠡ ᠵᠦᠢ ᠢᠢᠨ ᠬᠡᠮ ᠬᠡᠮᠵᠢᠶ᠎ᠡ᠂ ᠵᠠᠷᠴᠢᠮ ᠢ ᠲᠤᠭᠤᠰᠢᠲᠠᠢ ᠪᠠᠷᠢᠮᠲᠠᠯᠠᠭᠰᠠᠭᠠᠷ ᠢᠷᠡᠭᠰᠡᠨ᠃
ᠮᠣᠩ᠋ᠭᠤᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠪᠦᠷᠢᠨ ᠡᠷᠬᠡᠲᠦ ᠭᠡᠰᠢᠭᠦᠨ ᠢᠶᠡᠷ ᠡᠯᠰᠡᠭᠰᠡᠨ 1961 ᠣᠨ ᠠᠴᠠ ᠬᠣᠢᠢᠰᠢ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠡᠬᠢᠵᠢᠭᠦᠯᠬᠦ ᠢᠢᠨ ᠲᠥᠯᠦᠭᠡᠬᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠴᠦᠨ ᠴᠢᠷᠮᠠᠢᠢᠯᠲᠠ᠂ ᠲᠡᠭᠦᠨ ᠦ ᠳᠣᠲᠤᠷ᠎ᠠ ᠵᠡᠪᠰᠡᠭ ᠬᠤᠷᠢᠶᠠᠬᠤ᠂ ᠦᠯᠦ ᠳᠡᠯᠭᠡᠷᠡᠭᠦᠯᠬᠦ ᠰᠠᠨᠠᠭᠠᠴᠢᠯᠠᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠪᠥᠭᠡᠳ ᠥᠪᠡᠷ ᠦᠨ ᠭᠠᠵᠠᠷ ᠨᠤᠲᠤᠭ ᠢ ᠴᠥᠮ ᠦᠨ ᠵᠡᠪᠰᠡᠭ ᠦᠭᠡᠢ ᠰᠲ᠋ᠠᠲ᠋ᠦ᠋ᠰ ᠲᠠᠢ ᠪᠣᠯᠭᠠᠨ ᠵᠠᠷᠯᠠᠭᠰᠠᠨ ᠪᠢᠯᠡ᠃
ᠮᠥᠨ ᠵᠡᠭᠦᠨ ᠬᠣᠢᠢᠳᠤ ᠠᠽᠢ ᠢᠢᠨ ᠶᠠᠷᠢᠶ᠎ᠠ ᠬᠡᠯᠡᠯᠴᠡᠭᠡᠨ ᠦ ᠮᠧᠬᠠᠨᠢᠰᠮ ᠪᠠᠢᠢᠭᠤᠯᠬᠤ ᠢᠢ ᠡᠷᠡᠮᠡᠯᠵᠡᠵᠦ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠠᠵᠢᠯᠯᠠᠭᠠᠨ ᠳᠤ ᠣᠷᠤᠯᠴᠠᠨ᠂ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ᠂ ᠬᠦᠷᠢᠶᠡᠯᠡᠩ ᠪᠤᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠬᠢ ᠬᠥᠭ᠍ᠵᠢᠯ ᠦᠨ ᠪᠣᠳᠤᠯᠭ᠎ᠠ᠂ ᠵᠣᠷᠢᠯᠭ᠎ᠠ ᠨᠤᠭᠤᠳ ᠢ ᠬᠠᠩ᠋ᠭᠠᠨ ᠬᠡᠷᠡᠭᠵᠢᠭᠦᠯᠬᠦ ᠴᠢᠭᠯᠡᠯ ᠢᠶᠡᠷ ᠣᠯᠠᠨ ᠰᠠᠨᠠᠯ᠂ ᠰᠠᠨᠠᠭᠠᠴᠢᠯᠠᠭ᠎ᠠ ᠭᠠᠷᠭᠠᠨ ᠪᠦᠬᠦ ᠲᠥᠪᠰᠢᠨ ᠳᠥ ᠬᠠᠮᠲᠤᠷᠠᠨ ᠠᠵᠢᠯᠯᠠᠵᠤ ᠢᠷᠡᠭᠰᠡᠨ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ 2022 ᠣᠨ ᠳᠤ ᠮᠠᠨ ᠤ ᠤᠯᠤᠰ ᠲᠤ ᠠᠢᠢᠯᠴᠢᠯᠠᠬᠤ ᠳᠤ ᠪᠠᠨ «ᠮᠣᠩ᠋ᠭᠤᠯ ᠤᠯᠤᠰ ᠪᠣᠯ ᠵᠥᠷᠢᠴᠡᠯ ᠲᠡᠮᠡᠴᠡᠯ ᠲᠡᠢ ᠳᠡᠯᠡᠬᠡᠶ ᠶᠢᠷᠲᠢᠨᠴᠦ ᠳᠥ ᠡᠩᠬᠡ ᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ» ᠬᠡᠮᠡᠨ ᠬᠡᠯᠡᠭᠰᠡᠨ ᠨᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ᠂ ᠲᠡᠭᠦᠨ ᠦ ᠡᠩᠬᠡ ᠢᠢᠨ ᠦᠢᠯᠡ ᠬᠡᠷᠡᠭ ᠲᠥ ᠮᠣᠩ᠋ᠭᠤᠯ ᠤᠯᠤᠰ ᠤᠨ ᠣᠷᠤᠭᠤᠯᠤᠭᠰᠠᠨ ᠬᠤᠪᠢ ᠨᠡᠮᠡᠷᠢ᠂ ᠬᠢᠴᠢᠶᠡᠯ ᠵᠢᠳᠬᠦᠯ ᠢ ᠥᠨᠳᠦᠷ ᠢᠶᠡᠷ ᠦᠨᠡᠯᠡᠭᠰᠡᠨ ᠶᠠᠪᠤᠳᠠᠯ ᠪᠣᠯᠤᠭᠰᠠᠨ ᠶᠤᠮ᠃
ᠮᠣᠩ᠋ᠭᠤᠯ ᠤᠯᠤᠰ ᠥᠩ᠋ᠭᠡᠷᠡᠭᠰᠡᠨ 23 ᠵᠢᠯ ᠦᠨ ᠬᠤᠭᠤᠴᠠᠭᠠᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠠᠵᠢᠯᠯᠠᠭᠠᠨ ᠳᠤ ᠵᠡᠪᠰᠡᠭᠲᠦ ᠬᠦᠴᠦᠨ ᠦ ᠠᠯᠪᠠ ᠬᠠᠭᠠᠭᠴᠢᠳ ᠢᠶᠠᠨ ᠲᠠᠰᠤᠷᠠᠯᠲᠠ ᠦᠭᠡᠢ ᠢᠯᠡᠭᠡᠨ ᠳᠡᠯᠡᠬᠡᠶ ᠨᠡᠢᠢᠲᠡ ᠢᠢᠨ ᠪᠣᠯᠤᠨ ᠪᠦᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠦᠭᠡᠬᠢ ᠦᠢᠯᠡ ᠬᠡᠷᠡᠭ ᠲᠥ ᠬᠤᠪᠢ ᠨᠡᠮᠡᠷᠢ ᠪᠡᠨ ᠣᠷᠤᠭᠤᠯᠤᠭᠰᠠᠭᠠᠷ ᠢᠷᠡᠯ᠎ᠡ᠃
ᠡᠨᠡ ᠬᠤᠭᠤᠴᠠᠭᠠᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ 16 ᠠᠵᠢᠯᠯᠠᠭᠠᠨ ᠳᠤ ᠮᠠᠨ ᠤ 23 ᠮᠢᠩ᠋ᠭ᠎ᠠ ᠭᠠᠷᠤᠶ ᠡᠩᠬᠡ ᠢᠢ ᠰᠠᠬᠢᠭᠤᠯᠤᠭᠴᠢ ᠣᠷᠤᠯᠴᠠᠭᠰᠠᠨ ᠪᠥᠭᠡᠳ ᠮᠣᠩ᠋ᠭᠤᠯ ᠤᠯᠤᠰ ᠡᠩᠬᠡ ᠢᠢ ᠰᠠᠬᠢᠭᠤᠯᠬᠤ ᠠᠵᠢᠯᠯᠠᠭᠠᠨ ᠳᠤ ᠴᠡᠷᠢᠭ᠂ ᠴᠠᠭᠳᠠᠭ᠎ᠠ ᠢᠯᠡᠭᠡᠭ᠍ᠴᠢ 120 ᠭᠠᠷᠤᠶ ᠤᠯᠤᠰ ᠠᠴᠠ ᠲᠣᠭᠲᠠᠮᠠᠯ ᠡᠬᠢᠨ ᠦ 20 ᠳᠣᠲᠤᠷ᠎ᠠ ᠡᠷᠢᠮᠪᠡᠯᠡᠭᠳᠡᠵᠦ ᠪᠠᠢᠢᠨ᠎ᠠ᠃
ᠮᠥᠨ ᠮᠣᠩ᠋ᠭᠤᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠭᠦᠷᠭᠡ ᠭᠦᠢᠴᠡᠳᠬᠡᠬᠦ ᠡᠮᠡᠭᠲᠡᠶ ᠴᠡᠷᠢᠭ ᠦᠨ ᠠᠯᠪᠠ ᠬᠠᠭᠠᠭᠴᠢᠳ ᠤᠨ ᠲᠣᠭ᠎ᠠ ᠢᠢ ᠦᠶ᠎ᠡ ᠱᠠᠲᠤ ᠲᠠᠢ ᠪᠠᠷ ᠨᠡᠮᠡᠭᠳᠡᠭᠦᠯᠦᠨ 14 ᠬᠤᠪᠢ ᠳᠤ ᠬᠦᠷᠭᠡᠭ᠍ᠰᠡᠨ ᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠠᠶᠤᠯ ᠦᠭᠡᠢ ᠢᠢᠨ ᠵᠥᠪᠯᠡᠯ ᠦᠨ «ᠡᠮᠡᠭᠲᠡᠢᠢᠴᠦᠳ᠂ ᠡᠩᠬᠡ ᠲᠠᠢᠢᠪᠤᠩ᠂ ᠠᠶᠤᠯ ᠦᠭᠡᠢ ᠪᠠᠢᠢᠳᠠᠯ» ᠲᠣᠭᠲᠠᠭᠠᠯ ᠪᠠᠲᠤᠯᠠᠭᠳᠠᠭᠰᠠᠨ ᠤ 25 ᠵᠢᠯ ᠦᠨ ᠣᠢ ᠢᠢᠨ ᠪᠣᠰᠬᠠᠨ ᠳᠡᠭᠡᠷ᠎ᠡ ᠲᠡᠮᠳᠡᠭᠯᠡᠨ ᠬᠡᠯᠡᠬᠦ ᠳᠥ ᠲᠠᠭ᠎ᠠ ᠲᠠᠢ ᠪᠠᠢᠢᠨ᠎ᠠ᠃
ᠮᠣᠩ᠋ᠭᠤᠯ ᠤᠯᠤᠰ ᠴᠢᠨᠠᠭᠰᠢᠳᠠ ᠴᠦ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠳᠤ ᠴᠢᠭᠯᠡᠭᠰᠡᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠴᠦᠨ ᠴᠢᠷᠮᠠᠢᠢᠯᠲᠠ ᠢᠢ ᠲᠤᠭᠤᠰᠢᠲᠠᠢ ᠳᠡᠮᠵᠢᠨ᠂ ᠡᠩᠬᠡ ᠢᠢ ᠰᠠᠬᠢᠭᠤᠯᠬᠤ ᠦᠢᠯᠡᠰ ᠲᠥ ᠢᠳᠡᠪᠬᠢᠲᠡᠢ ᠣᠷᠤᠯᠴᠠᠬᠤ ᠪᠣᠯᠤᠨ᠎ᠠ᠃

ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
«ᠲᠣᠭᠲᠠᠪᠤᠷᠢᠲᠠᠢ ᠬᠥᠭ᠍ᠵᠢᠯ ᠦᠨ 2030» ᠬᠥᠲᠦᠯᠪᠦᠷᠢ ᠳᠠᠭᠤᠰᠬᠤ ᠳᠤ ᠶᠡᠷᠦ ᠳᠥ ᠪᠡᠨ ᠲᠠᠪᠤᠨ ᠵᠢᠯ ᠦᠯᠡᠳᠡᠭᠡᠳ ᠪᠤᠢ ᠡᠨᠡ ᠬᠦ ᠰᠢᠢᠳᠪᠦᠷᠢᠯᠡᠬᠦ ᠴᠠᠭ ᠦᠶ᠎ᠡ ᠳᠥ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ ᠳᠡᠯᠡᠬᠡᠶ ᠳ᠋ᠠᠬᠢᠨ᠎ᠠ ᠳᠥᠩ᠋ᠭᠡᠵᠢ 17 ᠬᠤᠪᠢ ᠲᠠᠢ ᠪᠠᠢᠢᠨ᠎ᠠ᠃
ᠲᠡᠭᠡᠪᠡᠯ ᠲᠣᠭᠲᠠᠪᠤᠷᠢᠲᠠᠢ ᠬᠥᠭ᠍ᠵᠢᠯ ᠦᠨ 2025 ᠣᠨ ᠤ ᠢᠯᠡᠳᠬᠡᠯ ᠳᠥ ᠳᠤᠷᠠᠳᠤᠭᠰᠠᠨ ᠢᠶᠠᠷ ᠮᠣᠩ᠋ᠭᠤᠯ ᠤᠯᠤᠰ ᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ 66·7 ᠬᠤᠪᠢ ᠳᠤ ᠬᠦᠷᠴᠦ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠤ ᠢᠨ᠋ᠳ᠋ᠧᠻᠰ ᠢᠶᠡᠷ 14 ᠊ᠳ᠋ᠦᠭᠡᠷ ᠪᠠᠢᠢᠷᠢᠨ ᠳᠤ ᠣᠷᠤᠭᠰᠠᠨ ᠨᠢ ᠪᠢᠳᠡᠨ ᠦ ᠣᠯᠠᠨ ᠠᠷᠪᠠᠨ ᠵᠢᠯ ᠦᠨ ᠬᠦᠴᠦᠨ ᠴᠢᠷᠮᠠᠢᠢᠯᠲᠠ ᠢᠢᠨ ᠦᠷ᠎ᠡ ᠳ᠋ᠦᠩ᠂ ᠵᠣᠬᠢᠬᠤ ᠠᠮᠵᠢᠯᠲᠠ ᠶᠤᠮ᠃
ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠭᠡᠰᠢᠭᠦᠨ ᠣᠷᠤᠨ ᠨᠤᠭᠤᠳ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ ᠢᠢᠨ ᠲᠥᠪᠰᠢᠨ ᠢ ᠨᠡᠮᠡᠭᠳᠡᠭᠦᠯᠬᠦ ᠢᠢᠨ ᠲᠤᠯᠠᠳᠠ ᠪᠦᠬᠦᠢ ᠯᠠ ᠬᠦᠴᠦ ᠴᠢᠷᠮᠠᠢᠢᠯᠲᠠ ᠪᠠᠨ ᠳᠠᠢᠢᠴᠢᠯᠠᠨ ᠠᠵᠢᠯᠯᠠᠵᠤ ᠪᠠᠢᠢᠨ᠎ᠠ᠃
ᠬᠡᠳᠦᠬᠡᠨ ᠰᠠᠷ᠎ᠠ ᠢᠢᠨ ᠡᠮᠦᠨ᠎ᠡ ᠢᠰᠫᠠᠨᠢ ᠤᠯᠤᠰ ᠤᠨ ᠰᠧᠸᠢᠯᠢᠶ ᠠ ᠬᠣᠲᠠᠨ᠎ᠠ ᠪᠣᠯᠤᠭᠰᠠᠨ ᠬᠥᠭ᠍ᠵᠢᠯ ᠦᠨ ᠰᠠᠩᠬᠦᠵᠢᠯᠲᠡ ᠢᠢᠨ ᠠᠰᠠᠭᠤᠳᠠᠯ ᠢᠶᠠᠷ ᠬᠢ ᠣᠯᠠᠨ ᠤᠯᠤᠰ ᠤᠨ ᠳᠥᠷᠪᠡ᠊ᠳ᠋ᠦᠭᠡᠷ ᠪᠠᠭ᠎ᠠ ᠬᠤᠷᠠᠯ ᠢᠶᠠᠷ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠠᠮᠢᠨ ᠴᠢᠬᠤᠯᠠ ᠠᠰᠠᠭᠤᠳᠠᠯ ᠪᠣᠯ ᠰᠠᠩᠬᠦᠵᠢᠯᠲᠡ ᠭᠡᠳᠡᠭ ᠲᠥ ᠤᠯᠤᠰ ᠣᠷᠤᠨ ᠨᠤᠭᠤᠳ ᠰᠠᠨᠠᠯ ᠨᠢᠭᠡᠳᠴᠦ᠂ ᠬᠥᠭ᠍ᠵᠢᠵᠦ ᠪᠤᠢ ᠣᠷᠤᠨ ᠨᠤᠭᠤᠳ ᠤᠨ ᠣᠷᠤᠯᠴᠠᠭ᠎ᠠ ᠢᠢ ᠨᠡᠮᠡᠭᠳᠡᠭᠦᠯᠬᠦ᠂ ᠣᠯᠠᠨ ᠤᠯᠤᠰ ᠤᠨ ᠰᠠᠩᠬᠦᠦ ᠢᠢᠨ ᠥᠨᠦ ᠢᠢᠨ ᠪᠦᠲᠦᠴᠡ ᠢᠢ ᠰᠢᠨᠡᠴᠢᠯᠠᠬᠦ ᠲᠠᠯ᠎ᠠ ᠪᠠᠷ ᠣᠯᠠᠨ ᠰᠠᠨᠠᠯ᠂ ᠰᠠᠨᠠᠭᠠᠴᠢᠯᠠᠭ᠎ᠠ ᠢᠢ ᠬᠡᠷᠡᠭᠵᠢᠭᠦᠯᠬᠦ ᠪᠡᠷ ᠲᠣᠭᠲᠠᠭᠰᠠᠨ ᠳᠤ ᠲᠠᠯᠠᠷᠬᠠᠵᠤ ᠪᠠᠢᠢᠨ᠎ᠠ᠃
ᠤᠭ ᠪᠠᠭ᠎ᠠ ᠬᠤᠷᠠᠯ ᠠᠴᠠ ᠪᠠᠲᠤᠯᠠᠭᠰᠠᠨ «ᠰᠧᠸᠢᠯᠢᠶ ᠠ ᠢᠢᠨ ᠡᠭᠦᠷᠭᠡ ᠠᠮᠠᠯᠠᠯᠲᠠ» ᠪᠠᠷᠢᠮᠲᠠ ᠪᠢᠴᠢᠭ᠌ ᠢ ᠬᠡᠷᠡᠭᠵᠢᠭᠦᠯᠬᠦ ᠠᠵᠢᠯ ᠤᠨ ᠬᠦᠷᠢᠶᠡᠨ ᠳᠥ ᠣᠯᠠᠨ ᠤᠯᠤᠰ ᠤᠨ ᠬᠥᠭ᠍ᠵᠢᠯ ᠦᠨ ᠬᠠᠮᠲᠤ ᠢᠢᠨ ᠠᠵᠢᠯᠯᠠᠭ᠎ᠠ ᠢᠢ ᠬᠠᠮᠤᠭ ᠤᠨ ᠬᠡᠷᠡᠭᠴᠡᠭᠡ ᠲᠡᠢ᠂ ᠨᠡᠩ ᠡᠮᠵᠡᠭ ᠪᠦᠯᠦᠭ ᠦᠨ ᠬᠦᠮᠦᠰ ᠢ ᠳᠡᠮᠵᠢᠨ ᠲᠤᠰᠯᠠᠬᠤ᠂ ᠡᠭᠦᠨ ᠲᠡᠢ ᠬᠣᠯᠪᠤᠭ᠎ᠠ ᠲᠠᠢ ᠰᠣᠷᠢᠯᠲᠠ ᠪᠡᠷᠬᠡᠰᠢᠶᠡᠯ ᠦᠳ ᠢ ᠰᠢᠢᠳᠪᠦᠷᠢᠯᠡᠬᠦ ᠳᠥ ᠴᠢᠭᠯᠡᠭᠦᠯᠬᠦ ᠨᠢ ᠨᠡᠩ ᠴᠢᠬᠤᠯᠠ ᠪᠠᠢᠢᠨ᠎ᠠ᠃
ᠲᠡᠭᠦᠨᠴᠢᠯᠡᠨ ᠮᠣᠩ᠋ᠭᠤᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠷᠢᠶᠡᠨ ᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠠᠢᠢᠭ᠎ᠠ ᠣᠷᠤᠨ ᠨᠤᠭᠤᠳ ᠤᠨ ᠠᠰᠢᠭ ᠰᠣᠨᠢᠷᠬᠠᠯ ᠢ ᠬᠠᠮᠠᠭᠠᠯᠠᠬᠤ᠂ ᠡᠳᠡᠭᠡᠷ ᠤᠯᠤᠰ ᠣᠷᠤᠨ ᠨᠤᠭᠤᠳ ᠤᠨ ᠲᠤᠰᠬᠠᠶ ᠬᠡᠷᠡᠭᠴᠡᠭᠡ ᠱᠠᠭᠠᠷᠳᠠᠯᠭ᠎ᠠ᠂ ᠣᠨᠴᠠᠯᠢᠭ ᠪᠠᠢᠢᠳᠠᠯ ᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠲᠥ ᠲᠠᠨᠢᠭᠤᠯᠬᠤ᠂ ᠲᠡᠳᠡᠨ ᠲᠡᠢ ᠬᠠᠮᠲᠤᠷᠠᠨ ᠡᠷᠬᠡ ᠠᠰᠢᠭ ᠢᠶᠠᠨ ᠬᠠᠮᠠᠭᠠᠯᠠᠬᠤ᠂ ᠳᠡᠯᠡᠬᠡᠶ ᠨᠡᠢᠢᠲᠡ ᠳᠥ ᠳᠠᠭᠤᠤ ᠬᠣᠭᠤᠯᠠᠶ ᠪᠠᠨ ᠬᠦᠷᠭᠡᠬᠦ ᠴᠢᠭᠯᠡᠯ ᠢᠶᠡᠷ ᠢᠳᠡᠪᠬᠢᠲᠡᠢ ᠮᠠᠩᠯᠠᠢᠢᠯᠠᠨ ᠠᠵᠢᠯᠯᠠᠭᠰᠠᠭᠠᠷ ᠢᠷᠡᠭᠰᠡᠨ ᠢ ᠲᠡᠮᠳᠡᠭᠯᠡᠨ ᠬᠡᠯᠡᠬᠦ ᠳᠥ ᠲᠠᠭ᠎ᠠ ᠲᠠᠢ ᠪᠠᠢᠢᠨ᠎ᠠ᠃
ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠠᠰᠠᠭᠤᠳᠠᠯ ᠢᠶᠠᠷ ᠬᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠤᠷᠪᠠᠳ᠋ᠤᠭᠠᠷ ᠪᠠᠭ᠎ᠠ ᠬᠤᠷᠠᠯ ᠥᠩ᠋ᠭᠡᠷᠡᠭᠰᠡᠨ 08 ᠳ᠋ᠤᠭᠠᠷ ᠰᠠᠷ᠎ᠠ ᠳᠤ ᠲᠦᠷᠻᠮᠧᠨᠢᠰᠲ᠋ᠠᠨ ᠤᠯᠤᠰ ᠤᠨ ᠠᠸᠠᠽᠠ ᠬᠣᠲᠠᠨ᠎ᠠ ᠪᠣᠯᠵᠤ᠂ «2024-2034 ᠣᠨ ᠤ ᠠᠸᠠᠽᠠ ᠢᠢᠨ ᠦᠢᠯᠡ ᠠᠵᠢᠯᠯᠠᠭᠠᠨ ᠤ ᠬᠥᠲᠦᠯᠪᠦᠷᠢ» ᠊ᠢᠢ ᠪᠠᠲᠤᠯᠠᠭᠰᠠᠨ᠃
ᠭᠠᠵᠠᠷ ᠵᠦᠢ ᠢᠢᠨ ᠪᠠᠢᠢᠷᠢᠰᠢᠯ ᠠᠴᠠ ᠰᠢᠯᠲᠠᠭᠠᠯᠠᠵᠤ ᠬᠤᠳᠠᠯᠳᠤᠭ᠎ᠠ᠂ ᠡᠳ᠋ ᠦᠨ ᠵᠠᠰᠠᠭ ᠤᠨ ᠬᠤᠪᠢ ᠳᠤ ᠢᠮᠠᠭᠲᠠ ᠰᠣᠷᠢᠯᠲᠠ᠂ ᠪᠡᠷᠬᠡᠰᠢᠶᠡᠯᠲᠡᠶ ᠲᠤᠯᠭᠠᠷᠠᠵᠤ ᠪᠠᠢᠢᠳᠠᠭ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠬᠥᠭ᠍ᠵᠢᠯ ᠢ ᠢᠷᠡᠬᠦ 10 ᠵᠢᠯ ᠳᠥ ᠲᠣᠳᠤᠷᠬᠠᠶ ᠬᠡᠮᠵᠢᠶ᠎ᠡ ᠪᠡᠷ ᠤᠷᠤᠭᠰᠢᠯᠠᠭᠤᠯᠬᠤ᠂ ᠲᠡᠳᠡᠭᠡᠷ ᠤᠯᠤᠰ ᠣᠷᠤᠨ ᠳᠤ ᠠᠮᠢᠳᠤᠷᠠᠵᠤ ᠪᠤᠢ 600 ᠭᠠᠷᠤᠶ ᠰᠠᠶ᠎ᠠ ᠬᠦᠮᠦᠨ ᠦ ᠠᠮᠢᠳᠤᠷᠠᠯ ᠠᠬᠤᠶ ᠳᠤ ᠡᠶᠡᠷᠭᠦ ᠥᠭᠡᠷᠡᠴᠢᠯᠡᠯᠲᠡ ᠠᠪᠴᠢᠷᠠᠬᠤ ᠲᠤᠰ ᠬᠥᠲᠦᠯᠪᠦᠷᠢ ᠢᠢᠨ ᠬᠡᠷᠡᠭᠵᠢᠯᠲᠡ ᠢᠢ ᠬᠠᠩ᠋ᠭᠠᠬᠤ ᠡᠭᠦᠷᠭᠡ ᠠᠮᠠᠯᠠᠯᠲᠠ ᠢᠢ ᠤᠯᠤᠰ ᠣᠷᠤᠨ ᠨᠤᠭᠤᠳ ᠠᠪᠤᠯ᠎ᠠ᠃
«ᠠᠸᠠᠽᠠ ᠢᠢᠨ ᠦᠢᠯᠡ ᠠᠵᠢᠯᠯᠠᠭᠠᠨ ᠤ ᠬᠥᠲᠦᠯᠪᠦᠷᠢ» ᠊ᠢᠢ ᠪᠣᠳᠠᠲᠤ ᠠᠵᠢᠯ ᠬᠡᠷᠡᠭ ᠪᠣᠯᠭᠠᠬᠤ ᠢᠢᠨ ᠲᠤᠯᠠᠳᠠ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠭ ᠬᠥᠲᠦᠯᠪᠦᠷᠢ ᠢᠢ ᠦᠨᠳᠦᠰᠦᠨ ᠦ ᠪᠡᠨ ᠬᠥᠭ᠍ᠵᠢᠯ ᠦᠨ ᠬᠥᠲᠦᠯᠪᠦᠷᠢ ᠨᠤᠭᠦᠳ ᠲᠡᠢ ᠤᠶᠠᠯᠳᠤᠭᠤᠯᠬᠤ ᠢᠢᠨ ᠰᠠᠴᠠᠭᠤ ᠪᠦᠬᠦ ᠲᠠᠯ᠎ᠠ ᠢᠢᠨ ᠨᠥᠭᠡᠴᠡ᠂ ᠪᠣᠯᠤᠯᠴᠠᠭ᠎ᠠ ᠢᠢ ᠠᠰᠢᠭᠯᠠᠨ ᠪᠦᠰᠡ ᠨᠤᠲᠤᠭ ᠤᠨ ᠢᠨ᠋ᠲ᠋ᠧᠭᠷᠠᠼᠢᠴᠢᠯᠠᠯ᠂ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠨᠢ ᠨᠡᠩ ᠴᠢᠬᠤᠯᠠ ᠶᠤᠮ᠃
ᠮᠥᠨ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠢ ᠳᠡᠮᠵᠢᠨ᠂ ᠪᠣᠳᠠᠲᠠᠢ ᠳᠡᠮᠵᠢᠯᠭᠡ ᠲᠤᠰᠠᠯᠠᠯᠴᠠᠭ᠎ᠠ ᠦᠵᠡᠭᠦᠯᠦᠨ ᠬᠠᠮᠲᠤᠷᠠᠵᠤ ᠠᠵᠢᠯᠯᠠᠬᠤ ᠢᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠪᠠᠩᠬᠢ᠂ ᠰᠠᠩᠬᠦᠦ ᠢᠢᠨ ᠪᠠᠢᠢᠭᠤᠯᠤᠯᠭ᠎ᠠ᠂ ᠬᠥᠭ᠍ᠵᠢᠯ ᠦᠨ ᠲᠦᠩᠰᠢ ᠨᠤᠭᠦᠳ ᠲᠥ ᠤᠷᠢᠶᠠᠯᠠᠵᠤ ᠪᠠᠢᠢᠨ᠎ᠠ᠃
ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
ᠡᠬᠡ ᠳᠡᠯᠡᠬᠡᠶ ᠪᠣᠯ ᠬᠦᠮᠦᠨ ᠲᠥᠷᠦᠯᠬᠢᠲᠡᠨ ᠲᠠ ᠪᠢᠳᠡᠨ ᠦ ᠴᠣᠷ ᠤᠨ ᠭᠠᠭᠴᠠ ᠭᠡᠷ ᠣᠷᠤᠨ ᠪᠢᠯᠡ᠃
ᠭᠡᠲᠡᠯ᠎ᠡ ᠬᠦᠮᠦᠨ ᠲᠥᠷᠦᠯᠬᠢᠲᠡᠨ ᠡᠬᠡ ᠳᠡᠯᠡᠬᠡᠶ᠂ ᠪᠠᠢᠢᠭᠠᠯᠢ ᠣᠷᠴᠢᠨ ᠳᠤ ᠪᠠᠨ ᠬᠣᠨᠤᠴᠠ ᠢᠢᠨ ᠰᠡᠳᠬᠢᠯ ᠢᠶᠡᠷ ᠬᠠᠨᠳᠤᠭᠰᠠᠨ ᠤ ᠤᠷᠰᠢᠭ ᠢᠶᠠᠷ ᠡᠬᠡ ᠳᠡᠯᠡᠬᠡᠶ ᠢᠢᠨ ᠣᠷᠤᠰᠢᠨ ᠲᠣᠭᠲᠠᠨᠢᠬᠤᠶ ᠳᠤ ᠲᠦᠭᠰᠢᠭᠦᠷ ᠦᠨ ᠬᠠᠷᠠᠩᠬ᠋ᠠ ᠳᠡᠯᠳᠡᠵᠦ᠂ ᠰᠡᠬᠡᠭᠡᠨ ᠦ ᠲᠠᠰᠤᠭ ᠲᠤ ᠠᠮᠢ ᠲᠡᠮᠡᠴᠡᠨ ᠬᠡᠪᠲᠡᠬᠦ ᠡᠪᠡᠳᠴᠢᠲᠡᠨ ᠮᠡᠲᠦ ᠪᠣᠯᠤᠭᠰᠠᠨ ᠢ ᠪᠢᠳᠡ ᠪᠦᠬᠦᠨ ᠬᠠᠷᠠᠵᠤ ᠪᠠᠢᠢᠨ᠎ᠠ᠃
ᠬᠡᠷᠪᠡ ᠲᠠ ᠪᠢᠳᠡ ᠳᠡᠯᠡᠬᠡᠶ ᠶᠢᠷᠲᠢᠨᠴᠦ ᠪᠡᠨ ᠬᠠᠮᠠᠭᠠᠯᠠᠬᠤ ᠡᠷᠡᠰ ᠰᠢᠢᠳᠮᠡᠭᠡᠶ ᠵᠠᠮ ᠢ ᠶᠠᠭ ᠣᠳᠤ ᠯᠠ ᠰᠣᠩ᠋ᠭᠤᠬᠤ ᠦᠭᠡᠢ ᠪᠣᠯ ᠡᠬᠡ ᠳᠡᠯᠡᠬᠡᠶ ᠴᠢᠨᠠᠭᠰᠢᠳᠠ ᠲᠠ ᠪᠢᠳᠡᠨ ᠦᠭᠡᠢ ᠪᠡᠷ ᠣᠷᠤᠰᠢᠨ ᠲᠣᠭᠲᠠᠨᠢᠬᠤ ᠥᠪᠡᠷ ᠦᠨ ᠵᠠᠮ ᠢᠢᠠᠨ ᠰᠣᠩ᠋ᠭᠤᠬᠤ ᠨᠢ ᠯᠠᠪ ᠲᠠᠢ᠃
ᠮᠣᠩ᠋ᠭᠤᠯᠴᠤᠳ ᠪᠢᠳᠡ ᠡᠷᠲᠡ ᠳᠡᠭᠡᠷ᠎ᠡ ᠦᠶ᠎ᠡ ᠡᠴᠡ ᠲᠩᠷᠢ ᠢᠢᠨ ᠳᠣᠣᠷᠠᠬᠢ ᠶᠠᠭᠤᠮᠠᠰ ᠪᠦᠬᠦᠨ ᠠᠮᠢ ᠲᠠᠢ ᠬᠡᠮᠡᠨ ᠦᠵᠡᠵᠦ ᠠᠭᠤᠯᠠ᠂ ᠤᠰᠤ᠂ ᠤᠷᠭᠤᠮᠠᠯ᠂ ᠠᠮᠢᠲᠠᠨ ᠪᠦᠬᠦᠨ ᠳᠥ ᠬᠦᠨᠳᠦᠳᠬᠡᠯ ᠲᠡᠢ ᠬᠠᠨᠳᠤᠵᠤ᠂ ᠰᠠᠪᠠ᠂ ᠰᠢᠮ᠎ᠡ ᠶᠢᠷᠲᠢᠨᠴᠦ ᠢᠢᠨ ᠵᠣᠬᠢᠯᠳᠤᠯᠭ᠎ᠠ ᠨᠢ ᠬᠦᠮᠦᠨ ᠦ ᠳᠣᠲᠤᠭᠠᠳᠤ ᠶᠢᠷᠲᠢᠨᠴᠦ᠂ ᠤᠬᠠᠮᠰᠠᠷᠲᠤ ᠦᠢᠯᠡᠳᠦᠯ ᠡᠴᠡ ᠰᠠᠯᠤᠰᠢ ᠦᠭᠡᠢ ᠬᠠᠮᠢᠶᠠᠷᠤᠯ ᠲᠠᠢ ᠬᠡᠮᠡᠨ ᠦᠵᠡᠵᠦ ᠢᠷᠡᠭᠰᠡᠨ ᠪᠢᠯᠡ᠃
ᠡᠳᠦᠭᠡ ᠡᠴᠡ ᠬᠣᠶᠠᠷ ᠮᠢᠩ᠋ᠭᠠᠨ ᠤ ᠲᠡᠷᠡᠲᠡᠭᠡ ᠮᠣᠩ᠋ᠭᠤᠯᠴᠤᠳ ᠪᠢᠳᠡᠨ ᠦ ᠡᠪᠦᠭᠡ ᠳᠡᠭᠡᠳᠦᠰ ᠾᠦᠩᠨᠦ ᠢᠢᠨ ᠶᠡᠬᠡ ᠬᠠᠭᠠᠨ ᠮᠣᠳᠤᠨ «ᠭᠠᠵᠠᠷ ᠪᠣᠯ ᠤᠯᠤᠰ ᠤᠨ ᠦᠨᠳᠦᠰᠦ» ᠬᠡᠮᠡᠨ ᠠᠢᠢᠯᠳᠤᠭᠰᠠᠨ ᠪᠥᠭᠡᠳ ᠪᠠᠢᠢᠭᠠᠯᠢ ᠳᠡᠯᠡᠬᠡᠶ ᠪᠡᠨ ᠰᠢᠲᠦᠵᠦ ᠢᠷᠡᠭᠰᠡᠨ ᠮᠠᠨ ᠤ ᠠᠷᠠᠳ ᠲᠦᠮᠡᠨ ᠦ ᠤᠯᠠᠮᠵᠢᠯᠠᠯ ᠢ ᠶᠦ᠋ᠨᠧᠰᠻᠣ᠋ «ᠠᠭᠤᠯᠠ ᠣᠪᠤᠭ᠎ᠠ ᠲᠠᠬᠢᠬᠤ ᠮᠣᠩ᠋ᠭᠤᠯ ᠵᠠᠩ ᠦᠢᠯᠡ» ᠬᠡᠮᠡᠨ ᠨᠡᠷᠡᠯᠡᠵᠦ᠂ ᠳᠡᠯᠡᠬᠡᠶ ᠢᠢᠨ ᠰᠣᠶᠤᠯ ᠤᠨ ᠥᠪ ᠲᠥ ᠪᠦᠷᠢᠳᠬᠡᠭ᠍ᠰᠡᠨ᠃
ᠮᠣᠩ᠋ᠭᠤᠯᠴᠤᠳ ᠪᠢᠳᠡ ᠡᠬᠡ ᠪᠣᠯᠤᠭᠰᠠᠨ ᠪᠠᠢᠢᠭᠠᠯᠢ ᠳᠡᠯᠡᠬᠡᠶ ᠲᠡᠢ ᠪᠡᠨ ᠵᠦᠢ ᠵᠣᠬᠢᠰ ᠲᠠᠢ ᠰᠢᠲᠦᠯᠴᠡᠨ ᠠᠮᠢᠳᠤᠷᠠᠵᠤ᠂ ᠣᠩ᠋ᠭᠤᠨ ᠳᠠᠭᠰᠢᠨ ᠢᠢᠠᠷ ᠨᠢ ᠬᠠᠳᠠᠭᠠᠯᠠᠨ ᠬᠠᠮᠠᠭᠠᠯᠠᠬᠤ ᠬᠠᠨᠳᠤᠯᠭ᠎ᠠ᠂ ᠰᠡᠳᠬᠢᠯᠭᠡ ᠢᠢ ᠥᠰᠬᠦ ᠨᠠᠰᠤᠨ ᠠᠴᠠ ᠨᠢ ᠦᠷ᠎ᠡ ᠬᠡᠦᠬᠡᠳ ᠦᠳ ᠢᠢᠡᠨ ᠲᠥᠯᠦᠪᠰᠢᠭᠦᠯᠦᠨ ᠰᠤᠷᠭᠠᠵᠤ ᠢᠷᠡᠭᠰᠡᠨ ᠰᠠᠢᠢᠬᠠᠨ ᠤᠯᠠᠮᠵᠢᠯᠠᠯ ᠲᠠᠢ ᠠᠷᠠᠳ ᠲᠦᠮᠡᠨ ᠪᠢᠯᠡ᠃
ᠲᠡᠢᠢᠮᠦ ᠡᠴᠡ ᠶᠡᠬᠡ ᠮᠣᠩ᠋ᠭᠤᠯ ᠤᠯᠤᠰ ᠪᠠᠢᠢᠭᠤᠯᠤᠭᠳᠠᠭᠰᠠᠨ ᠤ ᠲᠡᠦᠬᠡᠲᠦ 800 ᠵᠢᠯ ᠦᠨ ᠣᠢ ᠢᠢ ᠲᠣᠬᠢᠶᠠᠯᠳᠤᠭᠤᠯᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 2005 ᠣᠨ ᠳᠤ ᠭᠠᠷᠭᠠᠭᠰᠠᠨ ᠲᠣᠭᠲᠠᠭᠠᠯ ᠳᠤ ᠮᠣᠩ᠋ᠭᠤᠯᠴᠤᠳ ᠤᠨ ᠬᠦᠮᠦᠨ ᠲᠥᠷᠦᠯᠬᠢᠲᠡᠨ ᠦ ᠲᠡᠦᠬᠡᠨ ᠳᠥ ᠣᠷᠤᠭᠤᠯᠤᠭᠰᠠᠨ ᠬᠤᠪᠢ ᠨᠡᠮᠡᠷᠢ ᠢᠢ ᠥᠨᠳᠦᠷ ᠢᠶᠡᠷ ᠦᠨᠡᠯᠡᠭᠰᠡᠨ ᠲᠡᠳᠦᠶ ᠦᠭᠡᠢ «ᠮᠣᠩ᠋ᠭᠤᠯᠴᠤᠳ ᠤᠨ ᠰᠣᠶᠤᠯ ᠢᠷᠭᠡᠨᠰᠢᠯ ᠳᠥ ᠤᠯᠠᠮᠵᠢᠯᠠᠭᠳᠠᠨ ᠢᠷᠡᠭᠰᠡᠨ ᠪᠠᠢᠢᠭᠠᠯᠢ ᠳᠡᠯᠡᠬᠡᠶ ᠲᠡᠢ ᠪᠡᠨ ᠵᠣᠬᠢᠴᠠᠨ ᠠᠮᠢᠳᠤᠷᠠᠬᠤ ᠶᠣᠰᠤᠨ ᠤ ᠠᠴᠢ ᠬᠣᠯᠪᠤᠭᠳᠠᠯ ᠥᠨᠦ ᠢᠢᠨ ᠳᠡᠯᠡᠬᠡᠶ ᠶᠢᠷᠲᠢᠨᠴᠦ ᠳᠥ ᠤᠯᠠᠮ ᠪᠦᠷᠢ ᠥᠰᠦᠨ ᠨᠡᠮᠡᠭᠳᠡᠵᠦ ᠪᠤᠢ ᠢᠢ ᠣᠨᠴᠠᠯᠠᠵᠤ ᠪᠠᠢᠢᠨ᠎ᠠ» ᠬᠡᠮᠡᠨ ᠴᠣᠬᠤᠨ ᠲᠡᠮᠳᠡᠭᠯᠡᠭᠰᠡᠨ ᠪᠠᠢᠢᠳᠠᠭ᠃
ᠥᠨᠦ ᠴᠠᠭ ᠲᠤ ᠮᠣᠩ᠋ᠭᠤᠯᠴᠤᠳ ᠪᠢᠳᠡ ᠡᠨᠡ ᠬᠦ ᠥᠪ ᠰᠣᠶᠤᠯ᠂ ᠡᠬᠡ ᠳᠡᠯᠡᠬᠡᠶ ᠲᠡᠢ ᠪᠡᠨ ᠰᠢᠲᠦᠯᠴᠡᠨ ᠠᠮᠢᠳᠤᠷᠠᠵᠤ ᠢᠷᠡᠭᠰᠡᠨ ᠤᠯᠠᠮᠵᠢᠯᠠᠯᠲᠤ ᠮᠡᠳᠡᠯᠭᠡ᠂ ᠲᠤᠷᠰᠢᠯᠭ᠎ᠠ ᠪᠠᠨ ᠳᠡᠯᠡᠬᠡᠶ ᠳ᠋ᠠᠬᠢᠨ᠎ᠠ ᠬᠤᠪᠢᠶᠠᠯᠴᠠᠵᠤ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠬᠤ᠂ ᠲᠡᠰᠪᠦᠷᠢᠯᠡᠬᠦ ᠪᠠᠢᠢᠳᠠᠯ ᠢ ᠨᠡᠮᠡᠭᠳᠡᠭᠦᠯᠬᠦ ᠳᠥ ᠥᠪᠡᠷᠰᠡᠳ ᠦᠨ ᠬᠤᠪᠢ ᠨᠡᠮᠡᠷᠢ ᠪᠡᠨ ᠣᠷᠤᠭᠤᠯᠬᠤ ᠢᠢ ᠵᠣᠷᠢᠵᠤ ᠪᠠᠢᠢᠨ᠎ᠠ᠃
ᠮᠣᠩ᠋ᠭᠤᠯ ᠤᠯᠤᠰ 2026 ᠣᠨ ᠳᠤ ᠵᠣᠬᠢᠶᠠᠨ ᠪᠠᠢᠢᠭᠤᠯᠬᠤ ᠴᠥᠯᠵᠢᠯᠲᠡ ᠲᠡᠢ ᠲᠡᠮᠡᠴᠡᠬᠦ ᠲᠤᠬᠠᠶ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠪᠣᠯᠤᠨ «ᠪᠡᠯᠴᠢᠭᠡᠷ ᠪᠠ ᠨᠡᠭᠦᠳᠡᠯ ᠦᠨ ᠮᠠᠯ ᠠᠵᠤ ᠠᠬᠤᠶ ᠡᠷᠬᠢᠯᠡᠭᠴᠢᠳ ᠦᠨ ᠣᠯᠠᠨ ᠤᠯᠤᠰ ᠤᠨ ᠵᠢᠯ» ᠊ᠦᠨ ᠬᠦᠷᠢᠶᠡᠨ ᠳᠥ ᠮᠠᠨ ᠤ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠠᠢ ᠬᠠᠮᠲᠤᠷᠠᠨ ᠳᠡᠪᠰᠢᠭᠦᠯᠵᠦ ᠪᠤᠢ ᠣᠯᠠᠨ ᠤᠯᠤᠰ ᠤᠨ 10 ᠵᠢᠯ ᠦᠨ «ᠪᠡᠯᠴᠢᠭᠡᠷ ᠦᠨ ᠲᠡᠷᠢᠭᠦᠯᠡᠬᠦ ᠰᠠᠨᠠᠭᠠᠴᠢᠯᠠᠭ᠎ᠠ» ᠊ᠢᠢ ᠳᠡᠮᠵᠢᠵᠦ ᠬᠠᠮᠲᠤᠷᠠᠨ ᠠᠵᠢᠯᠯᠠᠬᠤ ᠢᠢ ᠲᠠ ᠪᠦᠬᠦᠨ ᠳᠥ ᠤᠷᠢᠶᠠᠯᠠᠵᠤ ᠪᠠᠢᠢᠨ᠎ᠠ᠃
«ᠠᠮᠢᠳᠤᠷᠠᠯ ᠤᠨ ᠡᠬᠢ ᠤᠰᠤ᠂ ᠤᠰᠤᠨ ᠤ ᠡᠬᠢ ᠮᠣᠳᠤ» ᠬᠡᠮᠡᠨ ᠮᠠᠨ ᠤ ᠠᠷᠠᠳ ᠲᠦᠮᠡᠨ ᠶᠠᠷᠢᠳᠠᠭ᠃
ᠳᠡᠯᠡᠬᠡᠶ ᠳᠠᠶᠠᠭᠠᠷ ᠤᠮᠳᠠᠨ ᠤ ᠤᠰᠤᠨ ᠤ ᠬᠦᠷᠲᠡᠭᠡᠮᠵᠢ ᠪᠠᠭᠤᠷᠠᠵᠤ᠂ ᠳᠡᠯᠡᠬᠡᠶ ᠢᠢᠨ 3·6 ᠲᠡᠷᠪᠤᠮ ᠬᠦᠮᠦᠨ ᠤᠰᠤᠨ ᠤ ᠬᠣᠮᠰᠠᠳᠠᠯ ᠳᠤ ᠥᠷᠲᠦᠭᠡᠳ ᠪᠠᠢᠢᠨ᠎ᠠ᠃
ᠲᠡᠢᠢᠮᠦ ᠡᠴᠡ ᠤᠯᠤᠰ ᠣᠷᠤᠨ ᠨᠤᠭᠤᠳ ᠭᠠᠵᠠᠷ ᠪᠣᠯᠤᠨ ᠤᠰᠤᠨ ᠤ ᠨᠥᠭᠡᠴᠡ ᠢᠢᠨ ᠨᠢᠭᠡᠳᠦᠭᠰᠡᠨ ᠮᠧᠨᠧᠵᠮᠧᠨ᠋ᠲ ᠢ ᠤᠶᠠᠯᠳᠤᠭ᠎ᠠ ᠬᠣᠯᠪᠤᠭ᠎ᠠ ᠲᠠᠢ ᠬᠡᠷᠡᠭᠵᠢᠭᠦᠯᠬᠦ᠂ ᠤᠰᠤᠨ ᠤ ᠬᠣᠮᠰᠠᠳᠠᠯ ᠠᠴᠠ ᠰᠡᠷᠭᠡᠢᠢᠯᠡᠬᠦ ᠳᠥ ᠣᠨᠴᠠᠭᠠᠢᠢᠯᠠᠨ ᠠᠩᠬᠠᠷᠴᠤ ᠠᠵᠢᠯᠯᠠᠬᠤ ᠱᠠᠭᠠᠷᠳᠠᠯᠭ᠎ᠠ ᠵᠦᠢ ᠶᠣᠰᠤ ᠪᠠᠷ ᠲᠠᠯᠪᠢᠭᠳᠠᠵᠤ ᠪᠠᠢᠢᠨ᠎ᠠ᠃
ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠭᠰᠠᠨ᠂ ᠤᠰᠤᠨ ᠤ ᠨᠥᠭᠡᠴᠡ ᠢᠢ ᠬᠠᠮᠠᠭᠠᠯᠠᠬᠤ᠂ ᠨᠡᠮᠡᠭᠳᠡᠭᠦᠯᠬᠦ᠂ ᠴᠥᠯᠵᠢᠯᠲᠡ᠂ ᠭᠠᠵᠠᠷ ᠤᠨ ᠳᠣᠷᠤᠢᠢᠲᠠᠯ ᠢ ᠪᠠᠭᠤᠷᠠᠭᠤᠯᠬᠤ ᠴᠣᠭᠴᠠ ᠰᠢᠢᠳᠦᠯ ᠢ ᠡᠷᠢᠯᠬᠢᠯᠡᠬᠦ ᠵᠣᠷᠢᠯᠭ᠎ᠠ ᠲᠠᠢ ᠤᠯᠠᠭᠠᠨᠪᠠᠭᠠᠲᠤᠷ ᠬᠣᠲᠠᠨ᠎ᠠ 2026 ᠣᠨ ᠳᠤ ᠵᠣᠬᠢᠶᠠᠨ ᠪᠠᠢᠢᠭᠤᠯᠬᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠳᠤ ᠲᠠ ᠪᠦᠬᠦᠨ ᠢ ᠥᠨᠳᠦᠷ ᠲᠥᠪᠰᠢᠨ᠂ ᠥᠷᠭᠡᠨ ᠪᠦᠷᠢᠯᠳᠦᠬᠦᠨ ᠲᠡᠢ ᠣᠷᠤᠯᠴᠠᠬᠤ ᠢᠢ ᠤᠷᠢᠵᠤ ᠪᠠᠢᠢᠨ᠎ᠠ᠃

ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
ᠮᠣᠩ᠋ᠭᠤᠯᠴᠤᠳ ᠪᠢᠳᠡ ᠬᠣᠷᠸ᠎ᠠ ᠳᠤ ᠮᠡᠨᠳᠦᠯᠡᠭᠰᠡᠨ ᠴᠠᠭ ᠠᠴᠠ ᠪᠠᠨ ᠡᠬᠢᠯᠡᠭᠡᠳ ᠮᠣᠷᠢᠨ ᠳᠡᠯ ᠳᠡᠭᠡᠷ᠎ᠡ ᠥᠰᠦᠨ ᠲᠣᠷᠨᠢᠵᠤ᠂ ᠬᠦᠯᠦᠭ ᠮᠣᠷᠢ ᠲᠠᠢ ᠪᠠᠨ ᠬᠠᠮᠲᠤ ᠳᠡᠯᠡᠬᠡᠶ ᠢᠢᠨ ᠳᠠᠢᠢᠳᠤ ᠳᠤ ᠰᠤᠤ ᠠᠯᠳᠠᠷ ᠢᠶᠠᠨ ᠲᠦᠭᠡᠭᠡᠵᠦ᠂ ᠬᠦᠮᠦᠨ ᠲᠥᠷᠦᠯᠬᠢᠲᠡᠨ ᠦ ᠪᠠᠬᠠᠳᠤᠮ᠎ᠠ ᠲᠡᠦᠬᠡ ᠢᠢ ᠪᠢᠴᠢᠯᠴᠡᠭᠰᠡᠨ ᠠᠷᠠᠳ ᠲᠦᠮᠡᠨ ᠪᠢᠯᠡ᠃
ᠡᠢᠢᠮᠦ ᠴᠦ ᠤᠴᠢᠷ ᠠᠴᠠ ᠮᠣᠩ᠋ᠭᠤᠯᠴᠤᠳ ᠪᠢᠳᠡ ᠲᠥᠷᠦ ᠢᠢᠨ ᠢᠶᠡᠨ ᠰᠦᠯᠳᠡ ᠳᠥ ᠬᠦᠯᠦᠭ ᠮᠣᠷᠢ ᠪᠠᠨ ᠳᠡᠭᠡᠳᠦᠯᠡᠨ ᠵᠠᠯᠠᠵᠤ᠂ ᠠᠷᠭᠠᠮᠠᠭ ᠬᠤᠷᠳᠤᠨ ᠬᠦᠯᠦᠭ ᠦᠨ ᠢᠶᠡᠨ ᠳᠡᠯ᠂ ᠰᠡᠭᠦᠯ ᠢᠶᠡᠷ ᠲᠥᠷᠦ ᠢᠢᠨ ᠲᠤᠭ ᠢᠶᠠᠨ ᠨᠠᠨᠳᠢᠩᠨᠠᠨ ᠤᠷᠠᠯᠠᠵᠤ᠂ ᠮᠣᠷᠢᠨ ᠬᠤᠭᠤᠷ ᠤᠨ ᠢᠶᠠᠨ ᠠᠶᠠᠯᠭᠤ ᠪᠠᠷ ᠬᠣᠷᠸ᠎ᠠ ᠶᠢᠷᠲᠢᠨᠴᠦ ᠢᠢ ᠤᠶᠠᠷᠠᠭᠠᠳᠠᠭ ᠬᠣᠣᠰ ᠦᠭᠡᠢ ᠥᠪ ᠰᠣᠶᠤᠯ ᠲᠠᠢ ᠦᠨᠳᠦᠰᠦᠲᠡᠨ ᠶᠤᠮ᠃
ᠬᠦᠮᠦᠨ ᠲᠥᠷᠦᠯᠬᠢᠲᠡᠨ ᠦ ᠠᠵᠤ ᠠᠮᠢᠳᠤᠷᠠᠯ᠂ ᠰᠣᠶᠤᠯ ᠢᠷᠭᠡᠨᠰᠢᠯ᠂ ᠬᠥᠭ᠍ᠵᠢᠯ ᠳᠡᠪᠰᠢᠯ ᠳᠥ ᠡᠷᠲᠡ ᠳᠡᠭᠡᠷ᠎ᠡ ᠦᠶ᠎ᠡ ᠡᠴᠡ ᠠᠳᠤᠭᠤ ᠦᠯᠡᠮᠵᠢ ᠶᠡᠬᠡ ᠡᠭᠦᠷᠭᠡ ᠭᠦᠢᠴᠡᠳᠬᠡᠵᠦ ᠢᠷᠡᠭᠰᠡᠨ ᠲᠡᠦᠬᠡ ᠲᠡᠢ᠃
ᠲᠡᠢᠢᠮᠦ ᠡᠴᠡ ᠠᠳᠤᠭᠤᠨ ᠤ ᠥᠪ ᠰᠣᠶᠤᠯ᠂ ᠤᠯᠠᠮᠵᠢᠯᠠᠯ ᠢ ᠬᠠᠳᠠᠭᠠᠯᠠᠨ ᠬᠠᠮᠠᠭᠠᠯᠠᠬᠤ᠂ ᠬᠦᠮᠦᠨ ᠲᠥᠷᠦᠯᠬᠢᠲᠡᠨ ᠦ ᠠᠬᠤᠶ ᠠᠮᠢᠳᠤᠷᠠᠯ ᠳᠤ ᠭᠦᠢᠴᠡᠳᠬᠡᠵᠦ ᠪᠤᠢ ᠡᠭᠦᠷᠭᠡ᠂ ᠠᠴᠢ ᠬᠣᠯᠪᠤᠭᠳᠠᠯ ᠢ ᠨᠢ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠠᠷ ᠮᠣᠩ᠋ᠭᠤᠯ ᠤᠯᠤᠰ ᠵᠢᠯ ᠪᠦᠷᠢ ᠢᠢᠨ 07 ᠳ᠋ᠤᠭᠠᠷ ᠰᠠᠷ᠎ᠠ ᠢᠢᠨ 11 ᠦ ᠡᠳᠦᠷ ᠢ «ᠳᠡᠯᠡᠬᠡᠶ ᠢᠢᠨ ᠠᠳᠤᠭᠤᠨ ᠤ ᠡᠳᠦᠷ» ᠪᠣᠯᠭᠠᠨ ᠲᠡᠮᠳᠡᠭᠯᠡᠵᠦ ᠪᠠᠢᠢᠬᠤ ᠲᠣᠭᠲᠠᠭᠠᠯ ᠢ ᠰᠠᠨᠠᠭᠠᠴᠢᠯᠠᠭᠰᠠᠨ ᠪᠥᠭᠡᠳ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 79 ᠊ᠳ᠋ᠦᠭᠡᠷ ᠴᠢᠭᠤᠯᠭᠠᠨ ᠤ 06 ᠳ᠋ᠤᠭᠠᠷ ᠰᠠᠷ᠎ᠠ ᠢᠢᠨ 03 ᠤ ᠡᠳᠦᠷ ᠦᠨ ᠪᠦᠭᠦᠳᠡ ᠬᠤᠷᠠᠯᠳᠤᠭᠠᠨ ᠢᠶᠠᠷ ᠪᠠᠲᠤᠯᠠᠭᠤᠯᠤᠯ᠎ᠠ᠃
«ᠳᠡᠯᠡᠬᠡᠶ ᠢᠢᠨ ᠠᠳᠤᠭᠤᠨ ᠤ ᠡᠳᠦᠷ» ᠊ᠢ ᠶᠦ᠋ᠨᠧᠰᠻᠣ᠋ ᠢᠢᠨ ᠬᠦᠮᠦᠨ ᠲᠥᠷᠦᠯᠬᠢᠲᠡᠨ ᠦ ᠰᠣᠶᠤᠯ ᠤᠨ ᠥᠪ ᠦᠨ ᠵᠢᠭ᠌ᠰᠠᠭᠠᠯᠲᠠ ᠳᠤ ᠪᠦᠷᠢᠳᠬᠡᠯ ᠲᠡᠢ ᠮᠣᠩ᠋ᠭᠤᠯ ᠤᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠡᠳᠦᠷ ᠲᠡᠮᠳᠡᠭᠯᠡᠵᠦ ᠪᠠᠢᠢᠬᠤ ᠲᠣᠭᠲᠠᠭᠠᠯ ᠢ ᠳᠡᠮᠵᠢᠨ ᠪᠠᠲᠤᠯᠠᠭᠰᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠪᠦᠬᠦ ᠭᠡᠰᠢᠭᠦᠨ ᠤᠯᠤᠰ ᠣᠷᠤᠨ ᠳᠤ ᠮᠣᠷᠢᠨ ᠳᠤ ᠪᠠᠨ ᠬᠠᠢᠢᠷ᠎ᠠ ᠲᠠᠢ ᠮᠣᠩ᠋ᠭᠤᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ ᠡ᠃

ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
ᠳᠡᠯᠡᠬᠡᠶ ᠢᠢᠨ ᠤᠯᠤᠰ ᠣᠷᠤᠨ ᠨᠤᠭᠤᠳ ᠡᠨᠡ ᠣᠨ ᠳᠤ «ᠨᠡᠢᠢᠭᠡᠮ ᠦᠨ ᠬᠥᠭ᠍ᠵᠢᠯ ᠦᠨ ᠠᠰᠠᠭᠤᠳᠠᠯ ᠢᠶᠠᠷ ᠬᠢ ᠻᠣᠫᠧᠨ᠋᠊ᠭᠠᠭᠧᠨ ᠤ ᠲᠤᠩᠬᠠᠭᠯᠠᠯ» ᠪᠣᠯᠤᠨ «ᠪᠡᠭᠡᠵᠢᠩ ᠦᠨ ᠲᠤᠩᠬᠠᠭᠯᠠᠯ»᠂ «ᠦᠢᠯᠡ ᠠᠵᠢᠯᠯᠠᠭᠠᠨ ᠤ ᠬᠥᠲᠦᠯᠪᠦᠷᠢ» ᠊ᠢᠢ ᠪᠠᠲᠤᠯᠠᠭᠰᠠᠨ ᠠᠴᠠ ᠬᠣᠢᠢᠰᠢᠬᠢ 30 ᠵᠢᠯ ᠦᠨ ᠬᠤᠭᠤᠴᠠᠭᠠᠨ ᠳᠤ ᠬᠡᠷᠡᠭᠵᠢᠭᠦᠯᠦᠭᠰᠡᠨ ᠠᠵᠢᠯ ᠦᠢᠯᠡᠰ ᠢᠶᠡᠨ ᠳ᠋ᠦᠩᠨᠡᠵᠦ ᠪᠠᠢᠢᠨ᠎ᠠ᠃
ᠮᠣᠩ᠋ᠭᠤᠯ ᠤᠯᠤᠰ ᠡᠳᠡᠭᠡᠷ ᠪᠣᠯᠤᠨ ᠬᠣᠯᠪᠤᠭᠳᠤᠬᠤ ᠡᠷᠬᠡ ᠵᠦᠢ ᠢᠢᠨ ᠪᠠᠷᠢᠮᠲᠠ ᠪᠢᠴᠢᠭ᠌ ᠦᠳ᠂ «ᠲᠣᠭᠲᠠᠪᠤᠷᠢᠲᠠᠢ ᠬᠥᠭ᠍ᠵᠢᠯ ᠦᠨ 2030 ᠬᠥᠲᠦᠯᠪᠦᠷᠢ» ᠊ᠳᠥ ᠲᠤᠰᠤᠭᠰᠠᠨ ᠨᠡᠢᠢᠭᠡᠮ ᠦᠨ ᠬᠥᠭ᠍ᠵᠢᠯ ᠦᠨ ᠵᠣᠷᠢᠯᠲᠠ ᠨᠤᠭᠤᠳ ᠢ ᠲᠤᠭᠤᠰᠢᠲᠠᠢ ᠬᠡᠷᠡᠭᠵᠢᠭᠦᠯᠬᠦ᠂ ᠲᠡᠭᠦᠨ ᠦ ᠳᠣᠲᠤᠷ᠎ᠠ ᠶᠠᠳᠠᠭᠤᠷᠠᠯ ᠢ ᠪᠠᠭᠤᠷᠠᠭᠤᠯᠬᠤ᠂ ᠨᠡᠢᠢᠭᠡᠮ ᠦᠨ ᠲᠡᠭᠰᠢ ᠡᠷᠬᠡ᠂ ᠣᠷᠤᠯᠴᠠᠭ᠎ᠠ ᠢᠢ ᠬᠠᠩ᠋ᠭᠠᠬᠤ᠂ ᠭᠡᠷ ᠪᠦᠯᠦ᠂ ᠬᠡᠦᠬᠡᠳ᠂ ᠵᠠᠯᠠᠭᠤᠴᠤᠳ ᠤᠨ ᠬᠥᠭ᠍ᠵᠢᠯ ᠢ ᠳᠡᠮᠵᠢᠬᠦ᠂ ᠠᠬᠠᠮᠠᠳ ᠨᠠᠰᠤᠲᠠᠨ᠂ ᠬᠥᠭ᠍ᠵᠢᠯ ᠦᠨ ᠪᠡᠷᠬᠡᠰᠢᠶᠡᠯᠲᠡᠶ ᠢᠷᠭᠡᠳ ᠦᠨ ᠡᠷᠬᠡ ᠢᠢ ᠬᠠᠮᠠᠭᠠᠯᠠᠬᠤ ᠢᠢᠨ ᠲᠥᠯᠦᠭᠡ ᠣᠯᠠᠨ ᠲᠠᠯᠠᠲᠤ ᠪᠣᠳᠤᠯᠭ᠎ᠠ᠂ ᠦᠢᠯᠡ ᠠᠵᠢᠯᠯᠠᠭ᠎ᠠ ᠬᠡᠷᠡᠭᠵᠢᠭᠦᠯᠵᠦ ᠢᠷᠡᠯ᠎ᠡ᠃
ᠲᠡᠭᠦᠨ ᠦ ᠳᠣᠲᠤᠷ᠎ᠠ ᠵᠧᠨ᠋ᠳᠡᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠲᠥᠷᠦ ᠢᠢᠨ ᠪᠣᠳᠤᠯᠭ᠎ᠠ ᠨᠢ ᠡᠷᠡᠭᠲᠡᠶ᠂ ᠡᠮᠡᠭᠲᠡᠶ ᠬᠦᠮᠦᠨ ᠦ ᠲᠡᠭᠰᠢ ᠡᠷᠬᠡ᠂ ᠲᠡᠭᠰᠢ ᠪᠣᠯᠤᠮᠵᠢ᠂ ᠲᠡᠭᠰᠢ ᠬᠠᠨᠳᠤᠯᠭ᠎ᠠ ᠢᠢᠨ ᠪᠠᠲᠤᠯᠠᠭ᠎ᠠ ᠢᠢ ᠬᠠᠩ᠋ᠭᠠᠬᠤ ᠨᠥᠬᠦᠴᠡᠯ ᠢ ᠪᠦᠷᠢᠳᠦᠭᠦᠯᠬᠦ᠂ ᠵᠧᠨ᠋ᠳᠡᠷ ᠦᠨ ᠢᠯᠭᠠᠪᠤᠷᠢᠯᠠᠨ ᠭᠠᠳᠠᠭᠤᠷᠬᠠᠯᠲᠠ ᠠᠴᠠ ᠤᠷᠢᠳᠴᠢᠯᠠᠨ ᠰᠡᠷᠭᠡᠢᠢᠯᠡᠬᠦ᠂ ᠲᠡᠭᠦᠨ ᠢ ᠠᠷᠢᠯᠭᠠᠬᠤ ᠳᠤ ᠴᠢᠭᠯᠡᠵᠦ ᠪᠠᠢᠢᠨ᠎ᠠ᠃
ᠲᠤᠬᠠᠢᠢᠯᠠᠪᠠᠯ᠂ ᠮᠠᠨ ᠤ ᠤᠯᠤᠰ ᠰᠡᠭᠦᠯ ᠦᠨ ᠵᠢᠯ ᠦᠳ ᠲᠥ ᠰᠢᠢᠳᠪᠦᠷᠢ ᠭᠠᠷᠭᠠᠬᠤ ᠲᠥᠪᠰᠢᠨ ᠳᠥ ᠵᠧᠨ᠋ᠳᠡᠷ ᠦᠨ ᠡᠷᠬᠡ ᠲᠡᠭᠰᠢ ᠪᠠᠢᠢᠳᠠᠯ᠂ ᠡᠮᠡᠭᠲᠡᠢᠢᠴᠦᠳ ᠦᠨ ᠣᠷᠤᠯᠴᠠᠭ᠎ᠠ ᠢᠢ ᠨᠡᠮᠡᠭᠳᠡᠭᠦᠯᠬᠦ ᠴᠢᠭᠯᠡᠯ ᠳᠥ ᠶᠡᠬᠡᠬᠡᠨ ᠠᠩᠬᠠᠷᠤᠯ ᠬᠠᠨᠳᠤᠭᠤᠯᠤᠭᠰᠠᠨ ᠤ ᠦᠷ᠎ᠡ ᠳ᠋ᠦᠩ ᠳᠥ ᠫᠠᠷᠯᠠᠮᠧᠨ᠋ᠲ ᠤᠨ ᠭᠡᠰᠢᠭᠦᠳ ᠦᠨ 25 ᠬᠤᠪᠢ ᠢᠢ ᠡᠮᠡᠭᠲᠡᠶ ᠭᠡᠰᠢᠭᠦᠳ ᠡᠵᠡᠯᠡᠬᠦ ᠪᠣᠯᠤᠯ᠎ᠠ᠃
«ᠳᠡᠯᠡᠬᠡᠶ ᠢᠢᠨ ᠡᠳ᠋ ᠦᠨ ᠵᠠᠰᠠᠭ ᠤᠨ ᠹᠣᠷᠦᠢᠮ» ᠤᠨ ᠵᠧᠨ᠋ᠳᠡᠷ ᠦᠨ ᠵᠥᠷᠢᠭᠦᠦ ᠲᠡᠢ ᠪᠠᠢᠢᠳᠠᠯ ᠤᠨ ᠦᠨᠡᠯᠡᠭᠡᠨ ᠦ 2025 ᠣᠨ ᠤ ᠲᠠᠢᠢᠯᠤᠨ ᠳᠤ ᠮᠣᠩ᠋ᠭᠤᠯ ᠤᠯᠤᠰ ᠥᠩ᠋ᠭᠡᠷᠡᠭᠰᠡᠨ ᠣᠨ ᠠᠴᠠ 20 ᠪᠠᠢᠢᠷᠢ ᠪᠠᠷ ᠤᠷᠤᠭᠰᠢᠯᠠᠵᠤ᠂ 65 ᠳ᠋ᠤᠭᠠᠷ ᠪᠠᠢᠢᠷᠢᠨ ᠳᠤ ᠣᠷᠤᠭᠰᠠᠨ ᠪᠥᠭᠡᠳ ᠠᠽᠢ᠂ ᠨᠣᠮᠤᠬᠠᠨ ᠳᠠᠯᠠᠢ ᠢᠢᠨ ᠪᠦᠰᠡ ᠨᠤᠲᠤᠭ ᠲᠤ 5 ᠳ᠋ᠤᠭᠠᠷ ᠪᠠᠢᠢᠷᠢᠨ ᠳᠤ ᠡᠷᠢᠮᠪᠡᠯᠡᠭᠳᠡᠵᠦ ᠪᠠᠢᠢᠭ᠎ᠠ ᠢᠢ ᠲᠡᠮᠳᠡᠭᠯᠡᠨ ᠬᠡᠯᠡᠬᠦ ᠳᠥ ᠲᠠᠭ᠎ᠠ ᠲᠠᠢ ᠪᠠᠢᠢᠨ᠎ᠠ᠃
ᠮᠠᠨ ᠤ ᠤᠯᠤᠰ ᠰᠡᠭᠦᠯ ᠦᠨ ᠵᠢᠯ ᠦᠳ ᠲᠥ ᠡᠮᠡᠭᠲᠡᠢᠢᠴᠦᠳ ᠦᠨ ᠣᠯᠠᠨ ᠤᠯᠤᠰ ᠤᠨ ᠠᠷᠭ᠎ᠠ ᠬᠡᠮᠵᠢᠶ᠎ᠡ ᠢᠢ ᠤᠯᠠᠮᠵᠢᠯᠠᠯ ᠪᠣᠯᠭᠠᠨ ᠡᠬᠡ ᠣᠷᠤᠨ ᠳᠤ ᠪᠠᠨ ᠵᠣᠬᠢᠶᠠᠨ ᠪᠠᠢᠢᠭᠤᠯᠵᠤ ᠪᠠᠢᠢᠭ᠎ᠠ ᠪᠥᠭᠡᠳ 2022 ᠣᠨ ᠳᠤ «ᠡᠩᠬᠡ ᠢᠢ ᠰᠠᠬᠢᠭᠤᠯᠤᠭᠴᠢ ᠡᠮᠡᠭᠲᠡᠢᠢᠴᠦᠳ ᠦᠨ ᠣᠯᠠᠨ ᠤᠯᠤᠰ ᠤᠨ ᠪᠠᠭ᠎ᠠ ᠬᠤᠷᠠᠯ»᠂ 2023 ᠣᠨ ᠳᠤ «ᠭᠠᠳᠠᠭᠠᠳᠤ ᠬᠡᠷᠡᠭ ᠦᠨ ᠡᠮᠡᠭᠲᠡᠶ ᠰᠠᠢᠢᠳ ᠨᠠᠷ ᠤᠨ ᠠᠭᠤᠯᠵᠠᠯᠲᠠ»᠂ 2024 ᠣᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠠᠢ ᠬᠠᠮᠲᠤᠷᠠᠨ «ᠳᠡᠯᠡᠬᠡᠶ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ» ᠢᠢ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠤᠭᠰᠠᠨ᠃
ᠲᠡᠭᠡᠪᠡᠯ ᠡᠨᠡ ᠣᠨ ᠤ ᠨᠠᠢᠮᠠᠳ᠋ᠤᠭᠠᠷ ᠰᠠᠷ᠎ᠠ ᠳᠤ «ᠤᠷᠮ᠎ᠠ ᠵᠣᠷᠢᠭ ᠥᠭ᠍ᠬᠦ᠂ ᠨᠥᠯᠦᠭᠡᠯᠡᠯ ᠦᠵᠡᠭᠦᠯᠬᠦ᠂ ᠬᠥᠷᠦᠩ᠋ᠭᠡ ᠣᠷᠤᠭᠤᠯᠤᠯᠲᠠ ᠬᠢᠬᠦ» ᠭᠡᠰᠡᠨ ᠤᠷᠢᠶᠠᠨ ᠳᠣᠣᠷ᠎ᠠ «ᠳᠡᠯᠡᠬᠡᠶ ᠢᠢᠨ ᠡᠮᠡᠭᠲᠡᠶ ᠪᠢᠽᠢᠨᠧᠰ ᠡᠷᠬᠢᠯᠡᠭᠴᠢᠳ ᠦᠨ ᠴᠢᠭᠤᠯᠭ᠎ᠠ ᠠᠭᠤᠯᠵᠠᠯᠲᠠ» ᠢᠢ ᠵᠣᠬᠢᠶᠠᠨ ᠪᠠᠢᠢᠭᠤᠯᠤᠯ᠎ᠠ᠃
ᠡᠨᠡ ᠬᠦ ᠠᠷᠭ᠎ᠠ ᠬᠡᠮᠵᠢᠶ᠎ᠡ ᠢᠢ ᠳᠡᠮᠵᠢᠨ ᠢᠳᠡᠪᠬᠢ᠂ ᠰᠠᠨᠠᠭᠠᠴᠢᠯᠠᠭ᠎ᠠ ᠲᠠᠢ ᠣᠷᠤᠯᠴᠠᠭᠰᠠᠨ ᠨᠡᠢᠢᠲᠡ ᠤᠯᠤᠰ ᠣᠷᠤᠨ ᠳᠤ ᠭᠦᠨ ᠲᠠᠯᠠᠷᠬᠠᠯ ᠢᠯᠡᠷᠬᠡᠢᠢᠯᠡᠶ ᠡ᠃
ᠡᠮᠡᠭᠲᠡᠢᠢᠴᠦᠳ ᠦᠨ ᠨᠡᠢᠢᠭᠡᠮ᠂ ᠤᠯᠤᠰ ᠲᠥᠷᠦ ᠢᠢᠨ ᠮᠠᠩᠯᠠᠢᠢᠯᠠᠯ᠂ ᠡᠭᠦᠷᠭᠡ ᠣᠷᠤᠯᠴᠠᠭ᠎ᠠ ᠢᠢ ᠪᠦᠬᠦ ᠲᠥᠪᠰᠢᠨ ᠳᠥ ᠨᠡᠮᠡᠭᠳᠡᠭᠦᠯᠬᠦ ᠴᠢᠭᠯᠡᠯ ᠢᠶᠡᠷ ᠮᠣᠩ᠋ᠭᠤᠯ ᠤᠯᠤᠰ ᠢᠮᠠᠭᠲᠠ ᠲᠦᠩᠰᠢᠯᠡᠯ᠂ ᠬᠠᠮᠲᠤ ᠢᠢᠨ ᠠᠵᠢᠯᠯᠠᠭ᠎ᠠ᠂ ᠡᠪ ᠨᠢᠭᠡᠳᠦᠯ ᠦᠨ ᠪᠠᠲᠤ ᠪᠥᠬᠡ ᠭᠦᠭᠦᠷᠭᠡ ᠪᠠᠢᠢᠬᠤ ᠪᠣᠯᠤᠨ᠎ᠠ᠃
ᠡᠷᠬᠢᠮ ᠬᠦᠨᠳᠦᠲᠦ ᠵᠣᠴᠢᠳ᠂ ᠲᠥᠯᠦᠭᠡᠯᠡᠭᠴᠢᠳ ᠡ᠂
«ᠶᠢᠷᠲᠢᠨᠴᠦ ᠳᠥ ᠮᠥᠩᠬᠡ ᠢᠢᠨ ᠦᠷᠭᠦᠯᠵᠢᠯᠡᠳᠡᠭ ᠴᠣᠷ ᠭᠠᠭᠴᠠ ᠶᠠᠭᠤᠮ᠎ᠠ ᠪᠣᠯ ᠥᠭᠡᠷᠡᠴᠢᠯᠡᠯᠲᠡ» ᠭᠡᠵᠦ ᠡᠷᠲᠡᠨ ᠦ ᠭᠷᠧᠻ ᠦᠨ ᠭᠦᠨ ᠤᠬᠠᠭᠠᠨᠲᠠᠨ ᠭᠧᠷᠠᠻᠯ ᠬᠡᠯᠡᠭᠰᠡᠨ ᠪᠠᠢᠢᠳᠠᠭ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠦᠶ᠎ᠡ ᠦᠶ᠎ᠡ ᠢᠢᠨ ᠤᠳᠤᠷᠢᠳᠤᠯᠭ᠎ᠠ᠂ ᠭᠡᠰᠢᠭᠦᠨ ᠤᠯᠤᠰ ᠣᠷᠤᠨ ᠨᠤᠭᠤᠳ ᠤᠨ ᠳᠡᠮᠵᠢᠯᠭᠡ ᠲᠡᠢ ᠪᠡᠷ ᠡᠨᠡ ᠶᠡᠬᠡ ᠠᠢᠢᠯ ᠤᠨ ᠪᠦᠲᠦᠴᠡ᠂ ᠦᠢᠯᠡ ᠠᠵᠢᠯᠯᠠᠭ᠎ᠠ ᠢᠢ ᠪᠦᠬᠦ ᠲᠠᠯ᠎ᠠ ᠪᠠᠷ ᠢᠮᠠᠭᠲᠠ ᠥᠭᠡᠷᠡᠴᠢᠯᠡᠨ ᠰᠠᠢᠢᠵᠢᠷᠠᠭᠤᠯᠬᠤ ᠢᠢ ᠡᠷᠡᠮᠡᠯᠵᠡᠵᠦ ᠢᠷᠡᠭᠰᠡᠨ ᠪᠢᠯᠡ᠃
ᠡᠨᠡ ᠬᠦᠷᠢᠶᠡᠨ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ ᠤᠨ ᠳᠡᠪᠰᠢᠭᠦᠯᠦᠭᠰᠡᠨ «ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ-80» ᠰᠠᠨᠠᠭᠠᠴᠢᠯᠠᠭ᠎ᠠ ᠢᠢ ᠮᠣᠩ᠋ᠭᠤᠯ ᠤᠯᠤᠰ ᠲᠠᠯᠠᠷᠬᠠᠨ ᠳᠡᠮᠵᠢᠵᠦ ᠪᠠᠢᠢᠨ᠎ᠠ᠃
ᠮᠥᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠤᠳᠤᠷᠢᠳᠬᠤ ᠠᠯᠪᠠᠨ ᠲᠤᠰᠢᠶᠠᠯ ᠳᠤ ᠵᠧᠨ᠋ᠳᠡᠷ ᠦᠨ ᠲᠡᠭᠰᠢ ᠪᠠᠢᠢᠳᠠᠯ ᠢ ᠬᠠᠩ᠋ᠭᠠᠬᠤ ᠨᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠢᠢᠳᠪᠦᠷᠢ ᠭᠠᠷᠭᠠᠬᠤ ᠦᠢᠯᠡ ᠶᠠᠪᠤᠴᠠ ᠢᠢ ᠢᠯᠡᠭᠦᠦ ᠨᠡᠭᠡᠭᠡᠯᠲᠡ ᠲᠡᠢ᠂ ᠲᠡᠩᠴᠡᠪᠦᠷᠢ ᠲᠡᠢ᠂ ᠬᠦᠷᠲᠡᠭᠡᠮᠵᠢ ᠲᠡᠢ ᠪᠣᠯᠭᠠᠬᠤ ᠳᠤ ᠡᠶᠡᠷᠭᠦ ᠨᠥᠯᠦᠭᠡ ᠦᠵᠡᠭᠦᠯᠬᠦ ᠨᠢ ᠳᠠᠮᠵᠢᠭ ᠦᠭᠡᠢ᠃
ᠡᠨᠡ ᠡᠭᠦᠳᠡᠨ ᠡᠴᠡ ᠪᠢᠳᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠳᠤ ᠡᠮᠡᠭᠲᠡᠶ ᠬᠦᠮᠦᠨ ᠨᠡᠷ᠎ᠡ ᠳᠡᠪᠰᠢᠭᠦᠯᠬᠦ ᠪᠣᠯᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ ᠴᠢᠭᠤᠯᠭᠠᠨ ᠤ ᠳᠠᠷᠤᠭ᠎ᠠ ᠪᠠᠷ ᠵᠢᠯ ᠰᠥᠭᠡᠯᠵᠢᠯᠡᠭᠦᠯᠦᠨ ᠡᠮᠡᠭᠲᠡᠶ ᠬᠦᠮᠦᠨ ᠲᠣᠮᠢᠯᠠᠬᠤ ᠲᠤᠬᠠᠶ ᠰᠠᠨᠠᠭᠠᠴᠢᠯᠠᠭ᠎ᠠ ᠢᠢ ᠳᠡᠮᠵᠢᠵᠦ ᠪᠠᠢᠢᠨ᠎ᠠ᠃
ᠲᠡᠭᠦᠨᠴᠢᠯᠡᠨ ᠮᠣᠩ᠋ᠭᠤᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠳᠦᠷᠢᠮ᠂ ᠣᠯᠠᠨ ᠤᠯᠤᠰ ᠤᠨ ᠡᠷᠬᠡ ᠵᠦᠢ ᠢᠢᠨ ᠬᠡᠮ ᠬᠡᠮᠵᠢᠶᠡᠨ ᠦ ᠵᠠᠷᠴᠢᠮ ᠤᠳ ᠢ ᠳᠡᠭᠡᠳᠦᠯᠡᠨ ᠬᠡᠷᠡᠭᠵᠢᠭᠦᠯᠵᠦ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠥᠪ ᠲᠡᠢ ᠣᠯᠠᠨ ᠲᠠᠯᠠᠲᠤ ᠲᠣᠭᠲᠠᠯᠴᠠᠭ᠎ᠠ ᠢᠢ ᠬᠥᠭ᠍ᠵᠢᠭᠦᠯᠬᠦ ᠦᠢᠯᠡᠰ ᠲᠥ ᠬᠤᠪᠢ ᠨᠡᠮᠡᠷᠢ ᠪᠡᠨ ᠣᠷᠤᠭᠤᠯᠵᠤ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠢᠨᠡᠴᠢᠯᠡᠯ᠂ ᠲᠡᠷᠡ ᠳᠤᠮᠳᠠ ᠪᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠠᠶᠤᠯ ᠦᠭᠡᠢ ᠢᠢᠨ ᠵᠥᠪᠯᠡᠯ ᠢ ᠥᠨᠦ ᠢᠢᠨ ᠪᠣᠳᠠᠲᠤ ᠪᠠᠢᠢᠳᠠᠯ ᠳᠤ ᠨᠡᠢᠢᠴᠡᠭᠦᠯᠵᠦ᠂ ᠲᠡᠭᠰᠢ ᠰᠢᠳᠤᠷᠭᠤ ᠲᠥᠯᠦᠭᠡᠯᠡᠯ ᠲᠡᠢ᠂ ᠬᠦᠷᠲᠡᠭᠡᠮᠵᠢ ᠲᠡᠢ᠂ ᠢᠯᠡ ᠲᠣᠳᠤ᠂ ᠦᠷ᠎ᠡ ᠳ᠋ᠦᠩ ᠲᠡᠢ᠂ ᠠᠷᠠᠳᠴᠢᠯᠠᠭᠰᠠᠨ᠂ ᠬᠠᠷᠢᠭᠤᠴᠠᠯᠭ᠎ᠠ ᠲᠠᠢ ᠲᠣᠭᠲᠠᠯᠴᠠᠭ᠎ᠠ ᠪᠣᠯᠭᠠᠨ ᠰᠢᠨᠡᠴᠢᠯᠠᠬᠦ ᠢᠢᠨ ᠲᠥᠯᠦᠭᠡᠬᠢ ᠪᠠᠢᠢᠷᠢ ᠰᠠᠭᠤᠷᠢ ᠪᠠᠨ ᠨᠤᠲᠠᠯᠠᠨ ᠢᠯᠡᠷᠬᠡᠢᠢᠯᠡᠵᠦ ᠪᠠᠢᠢᠨ᠎ᠠ᠃
ᠳᠡᠯᠡᠬᠡᠶ ᠶᠢᠷᠲᠢᠨᠴᠦ ᠳᠥ ᠵᠥᠷᠢᠴᠡᠯ ᠮᠥᠷᠭᠦᠯᠳᠦᠭᠡᠨ ᠦ ᠠᠶᠤᠩᠬ᠋ᠠ ᠴᠠᠬᠢᠯᠠᠵᠤ᠂ ᠦᠯᠦ ᠢᠲᠡᠭᠡᠯᠴᠡᠯ ᠦᠨ ᠬᠠᠨ᠎ᠠ ᠤᠯᠠᠮ ᠥᠨᠳᠦᠷᠡᠰᠴᠦ᠂ ᠦᠯᠦ ᠣᠢᠢᠯᠠᠭᠠᠯᠴᠠᠯ ᠤᠨ ᠠᠩ᠋ᠭᠠᠯ ᠤᠯᠠᠮ ᠭᠦᠨᠵᠡᠭᠡᠢᠢᠷᠡᠵᠦ ᠪᠠᠢᠢᠭ᠎ᠠ ᠡᠨᠡ ᠦᠶ᠎ᠡ ᠳᠥ ᠣᠯᠠᠨ ᠤᠯᠤᠰ ᠤᠨ ᠬᠠᠷᠢᠯᠴᠠᠭ᠎ᠠ ᠢᠢ ᠲᠠᠯᠠᠴᠠᠯ ᠬᠤᠪᠢᠶᠠᠭᠳᠠᠯ ᠤᠷᠤᠭᠤ ᠴᠢᠭᠯᠡᠭᠦᠯᠦᠭᠰᠡᠨ ᠣᠯᠠᠨ ᠲᠤᠢᠢᠯᠲᠤ ᠪᠤᠰᠤ᠂ ᠬᠠᠷᠢᠨ ᠠᠯᠢᠪᠠ ᠤᠯᠤᠰ ᠣᠷᠤᠨ ᠤ ᠡᠦᠬᠡ ᠲᠡᠦᠬᠡ᠂ ᠰᠣᠶᠤᠯ ᠢᠷᠭᠡᠨᠰᠢᠯ᠂ ᠦᠨᠳᠦᠰᠦᠨ ᠦ ᠢᠵᠠᠭᠤᠷ ᠡᠷᠬᠡ ᠠᠰᠢᠭ᠂ ᠬᠥᠭ᠍ᠵᠢᠯ ᠦᠨ ᠵᠠᠮᠨᠠᠯ ᠠᠴᠠ ᠡᠭᠦᠳᠦᠯ ᠲᠡᠢ ᠣᠯᠠᠨ ᠤᠷᠭᠤᠯᠴᠢ ᠦᠵᠡᠯ ᠢ ᠬᠦᠨᠳᠦᠳᠬᠡᠭ᠍ᠰᠡᠨ ᠣᠯᠠᠨ ᠲᠤᠯᠭᠠᠭᠤᠷᠢᠲᠤ ᠵᠠᠷᠴᠢᠮ ᠢᠶᠠᠷ ᠴᠣᠭᠴᠠᠯᠠᠭᠠᠨ ᠬᠥᠭ᠍ᠵᠢᠭᠦᠯᠬᠦ ᠨᠢ ᠤᠯᠠᠮ ᠴᠢᠬᠤᠯᠠ ᠪᠣᠯᠵᠤ ᠪᠠᠢᠢᠨ᠎ᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠣᠳᠤ ᠠᠴᠠ 80 ᠵᠢᠯ ᠦᠨ ᠡᠮᠦᠨ᠎ᠡ ᠬᠦᠮᠦᠨ ᠲᠥᠷᠦᠯᠬᠢᠲᠡᠨ ᠢ ᠳᠠᠢᠢᠨ ᠳᠠᠵᠢᠨ ᠠᠴᠠ ᠠᠩ᠋ᠭᠢᠵᠢᠷᠠᠭᠤᠯᠵᠤ᠂ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠵᠣᠷᠢᠯᠭ᠎ᠠ ᠪᠠᠷ ᠡᠭᠦᠰᠬᠡᠨ ᠪᠠᠢᠢᠭᠤᠯᠤᠭᠳᠠᠭᠰᠠᠨ ᠪᠢᠯᠡ᠃
ᠳᠡᠯᠡᠬᠡᠶ ᠢᠢᠨ ᠤᠯᠤᠰ ᠣᠷᠤᠨ ᠨᠤᠭᠤᠳ ᠨᠢᠭᠡᠨ ᠳᠡᠭᠡᠪᠦᠷ ᠳᠣᠣᠷ᠎ᠠ ᠡᠩᠬᠡ ᠲᠠᠢᠢᠪᠤᠩ᠂ ᠡᠪ ᠨᠠᠢᠢᠷᠠᠮᠳᠠᠯ ᠲᠠᠢ ᠵᠡᠷᠭᠡᠴᠡᠨ ᠣᠷᠤᠰᠢᠬᠤ ᠦᠨᠳᠦᠰᠦ ᠰᠠᠭᠤᠷᠢ ᠪᠣᠯᠤᠭᠰᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢ ᠢᠵᠢᠯ ᠲᠡᠭᠰᠢ ᠡᠷᠬᠡ ᠲᠡᠢ᠂ ᠠᠳᠠᠯᠢ ᠨᠥᠯᠦᠭᠡ ᠲᠡᠢ ᠣᠯᠠᠨ ᠲᠤᠯᠭᠠᠭᠤᠷᠢᠲᠤ ᠭᠠᠩ ᠪᠠᠲᠤ ᠪᠠᠭᠠᠨ᠎ᠠ ᠪᠠᠷ ᠪᠡᠬᠢᠵᠢᠭᠦᠯᠦᠨ ᠬᠦᠴᠦᠷᠬᠡᠭ᠍ᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃
ᠲᠡᠢᠢᠮᠦ ᠡᠴᠡ ᠪᠢᠳᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠠᠩᠬᠠᠯᠠᠨ ᠲᠤᠩᠬᠠᠭᠯᠠᠭᠰᠠᠨ ᠡᠷᠬᠢᠮ ᠵᠣᠷᠢᠯᠭ᠎ᠠ ᠪᠦᠷᠢᠨ ᠬᠡᠷᠡᠭᠵᠢᠵᠦ ᠴᠢᠳᠠᠭᠰᠠᠨ ᠡᠰᠡᠬᠦ ᠢᠢ ᠨᠤᠬᠤᠴᠠ ᠲᠠᠢ ᠡᠷᠭᠢᠴᠡᠭᠦᠯᠦᠨ ᠪᠣᠳᠤᠵᠤ᠂ ᠨᠠᠢᠮᠠᠨ ᠵᠠᠭᠤᠨ ᠤ ᠲᠡᠷᠡᠲᠡᠭᠡ ᠤᠯᠤᠰ ᠣᠷᠤᠨ ᠨᠤᠭᠤᠳ ᠡᠩᠬᠡ ᠲᠠᠢᠢᠪᠤᠩ ᠢᠶᠠᠷ ᠵᠡᠷᠭᠡᠴᠡᠨ ᠣᠷᠤᠰᠢᠵᠤ᠂ ᠬᠦᠮᠦᠨ ᠲᠥᠷᠦᠯᠬᠢᠲᠡᠨ ᠬᠥᠭ᠍ᠵᠢᠨ ᠳᠡᠪᠵᠢᠬᠦ ᠦᠨᠳᠦᠰᠦ ᠰᠠᠭᠤᠷᠢ ᠢᠢ ᠲᠠᠯᠪᠢᠭᠰᠠᠨ «ᠮᠣᠩ᠋ᠭᠤᠯ ᠤᠨ ᠶᠡᠬᠡ ᠠᠮᠤᠷ ᠠᠮᠤᠭᠤᠯᠠᠩ» ᠤᠨ ᠦᠵᠡᠯ ᠰᠠᠨᠠᠭ᠎ᠠ ᠢᠢ ᠰᠢᠩ᠋ᠭᠡᠭᠡᠨ᠂ ᠫᠠᠻᠰ ᠭᠯᠣᠪᠠᠯᠢᠻᠠ ᠪᠤᠶᠤ «ᠳᠡᠯᠡᠬᠡᠶ ᠨᠡᠢᠢᠲᠡ ᠢᠢᠨ ᠠᠮᠤᠷ ᠠᠮᠤᠭᠤᠯᠠᠩ» ᠊ᠢ ᠲᠣᠭᠲᠠᠭᠠᠵᠤ ᠴᠢᠳᠠᠬᠤᠢᠢᠴᠠ ᠬᠦᠴᠦᠷᠬᠡᠭ᠌ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠭᠠᠬᠤ ᠢᠢᠨ ᠲᠥᠯᠦᠭᠡ ᠪᠦᠬᠦ ᠭᠡᠰᠢᠭᠦᠨ ᠤᠯᠤᠰ ᠣᠷᠤᠨ ᠬᠠᠮᠲᠤᠷᠠᠨ ᠵᠢᠳᠬᠦᠵᠡᠭᠡᠶ ᠡ᠃
ᠡᠨᠡ ᠬᠦ ᠡᠭᠡᠵᠢᠭᠲᠡᠢ ᠴᠠᠭ ᠦᠶ᠎ᠡ ᠳᠥ ᠳᠡᠯᠡᠬᠡᠶ ᠢᠢᠨ ᠤᠯᠤᠰ ᠣᠷᠤᠨ ᠨᠤᠭᠤᠳ ᠤᠨ ᠬᠠᠷᠢᠯᠴᠠᠨ ᠣᠢᠢᠯᠠᠭᠠᠯᠴᠠᠯ᠂ ᠬᠠᠷᠢᠯᠴᠠᠨ ᠢᠲᠡᠭᠡᠯᠴᠡᠯ᠂ ᠬᠠᠷᠢᠯᠴᠠᠨ ᠬᠦᠨᠳᠦᠯᠡᠯ ᠢ ᠤᠯᠠᠮ ᠪᠡᠬᠢᠵᠢᠭᠦᠯᠵᠦ᠂ ᠳᠠᠢᠢᠨ ᠳᠠᠵᠢᠨ ᠦᠭᠡᠢ᠂ ᠠᠮᠤᠷ ᠠᠮᠤᠭᠤᠯᠠᠩ᠂ ᠡᠩᠬᠡ ᠲᠤᠩᠬ᠎ᠠ᠂ ᠲᠣᠭᠲᠠᠪᠤᠷᠢᠲᠠᠢ᠂ ᠬᠠᠮᠲᠤ ᠳᠤ ᠪᠠᠨ ᠬᠥᠭ᠍ᠵᠢᠨ ᠳᠡᠪᠵᠢᠬᠦ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠦᠢᠴᠡᠳᠬᠡᠬᠦ ᠡᠭᠦᠷᠭᠡ᠂ ᠣᠷᠤᠯᠴᠠᠭ᠎ᠠ ᠤᠷᠢᠳᠤ ᠤᠷᠢᠳᠤ ᠠᠴᠠ ᠤᠯᠠᠮ ᠢᠯᠡᠭᠦᠦ ᠴᠢᠬᠤᠯᠠ ᠪᠣᠯᠵᠤ ᠪᠠᠢᠢᠭ᠎ᠠ ᠢᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠡᠭᠦᠰᠬᠡᠨ ᠪᠠᠢᠢᠭᠤᠯᠤᠭᠳᠠᠭᠰᠠᠨ ᠤ ᠲᠡᠦᠬᠡᠲᠦ 80 ᠵᠢᠯ ᠦᠨ ᠣᠢ ᠢᠢᠨ ᠦᠶ᠎ᠡ ᠪᠡᠷ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃
ᠮᠣᠩ᠋ᠭᠤᠯ ᠤᠯᠤᠰ ᠡᠩᠬᠡ ᠢᠢ ᠡᠷᠬᠢᠮᠯᠡᠭᠰᠡᠨ᠂ ᠣᠯᠠᠨ ᠲᠤᠯᠭᠠᠭᠤᠷᠢᠲᠤ ᠭᠠᠳᠠᠭᠠᠳᠤ ᠪᠣᠳᠤᠯᠭ᠎ᠠ ᠪᠠᠨ ᠲᠤᠭᠤᠰᠢᠲᠠᠢ ᠪᠠᠷᠢᠮᠲᠠᠯᠠᠵᠤ᠂ ᠣᠯᠠᠨ ᠤᠯᠤᠰ ᠤᠨ ᠡᠩᠬᠡ ᠲᠠᠢᠢᠪᠤᠩ᠂ ᠲᠣᠭᠲᠠᠪᠤᠷᠢᠲᠠᠢ ᠬᠥᠭ᠍ᠵᠢᠯ ᠳᠥ ᠪᠣᠳᠠᠲᠠᠢ ᠬᠤᠪᠢ ᠨᠡᠮᠡᠷᠢ ᠪᠡᠨ ᠣᠷᠤᠭᠤᠯᠤᠭᠰᠠᠭᠠᠷ ᠢᠷᠡᠭᠰᠡᠨ ᠪᠥᠭᠡᠳ ᠴᠢᠨᠠᠭᠰᠢᠳᠠ ᠴᠦ ᠡᠨᠡ ᠬᠦ ᠬᠠᠷᠢᠭᠤᠴᠠᠯᠭ᠎ᠠ ᠲᠠᠢ ᠡᠭᠦᠷᠭᠡ ᠪᠡᠨ ᠨᠡᠷ᠎ᠡ ᠲᠥᠷᠦ ᠲᠡᠢ ᠪᠡᠶᠡᠯᠡᠭᠦᠯᠬᠦ ᠪᠣᠯᠤᠨ᠎ᠠ᠃
ᠲᠠ ᠪᠦᠬᠦᠨ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠡᠭᠦᠰᠬᠡᠨ ᠪᠠᠢᠢᠭᠤᠯᠤᠭᠳᠠᠭᠰᠠᠨ ᠤ ᠲᠡᠦᠬᠡᠲᠦ 80 ᠵᠢᠯ ᠦᠨ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ ᠡ᠃
ᠮᠥᠩᠬᠡ ᠬᠥᠬᠡ ᠲᠩᠷᠢ ᠬᠦᠮᠦᠨ ᠲᠥᠷᠦᠯᠬᠢᠲᠡᠨ ᠪᠢᠳᠡᠨ ᠢ ᠥᠨᠢ ᠮᠥᠩᠬᠡᠳᠡ ᠢᠪᠡᠭᠡᠵᠦ᠂ ᠳᠠᠶᠠᠩ ᠳᠡᠯᠡᠬᠡᠶ ᠠᠮᠤᠷ ᠠᠮᠤᠭᠤᠯᠠᠩ ᠪᠠᠢᠢᠬᠤ ᠪᠣᠯᠲᠤᠭᠠᠶ᠃
ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃