Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠠᠨ᠌ᠲ᠋ᠣᠨᠢᠣ ᠭᠦᠲ᠋ᠧᠷᠷᠧᠱ ᠲᠡᠶ ᠠᠭᠤᠯᠵᠠᠪᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ 2025 ᠣᠨ ᠤ 09 ᠊ᠳ᠋ᠦᠭᠡᠷ ᠰᠠᠷ᠎ᠠ ᠢᠢᠨ 23 ᠤ ᠡᠳᠦᠷ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ ᠲᠡᠶ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠲᠥᠪ ᠪᠠᠢᠢᠷᠢᠨ ᠳᠤ ᠠᠭᠤᠯᠵᠠᠪᠠ᠃

ᠶᠡᠷᠦᠩᠬᠡᠢᠢᠯᠡᠭᠴᠢ ᠤ·ᠬᠦᠷᠡᠯᠰᠦ᠋ᠬᠡ ᠠᠭᠤᠯᠵᠠᠯᠲᠠ ᠢᠢᠨ ᠡᠬᠢᠨ ᠳᠥ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠢᠢᠨ ᠥᠷᠨᠢᠭᠦᠯᠵᠦ ᠪᠤᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ ᠢᠢ ᠢᠯᠡᠭᠦᠦ ᠦᠷ᠎ᠡ ᠳ᠋ᠦᠩ᠂ ᠦᠷ᠎ᠡ ᠠᠰᠢᠭ ᠲᠠᠢ ᠪᠣᠯᠭᠠᠨ ᠥᠭᠡᠷᠡᠴᠢᠯᠡᠬᠦ ᠵᠣᠷᠢᠯᠭ᠎ᠠ ᠪᠦᠬᠦᠢ «ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ-80» ᠰᠠᠨᠠᠭᠠᠴᠢᠯᠠᠭ᠎ᠠ ᠢᠢ ᠲᠠᠯᠠᠷᠬᠠᠨ ᠳᠡᠮᠵᠢᠵᠦ ᠪᠤᠢ ᠪᠠᠨ ᠢᠯᠡᠷᠬᠡᠢᠢᠯᠡᠪᠡ᠃

ᠮᠥᠨ ᠡᠨᠡ ᠣᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠠᠴᠠ ᠮᠣᠩ᠋ᠭᠤᠯ ᠤᠯᠤᠰ ᠤᠨ ᠰᠠᠨᠠᠭᠠᠴᠢᠯᠠᠭᠰᠠᠨ «ᠳᠡᠯᠡᠬᠡᠶ ᠢᠢᠨ ᠠᠳᠤᠭᠤᠨ ᠤ ᠡᠳᠦᠷ ᠦᠨ ᠲᠤᠬᠠᠶ» ᠲᠣᠭᠲᠠᠭᠠᠯ ᠢ ᠳᠡᠮᠵᠢᠨ ᠪᠠᠲᠤᠯᠠᠭᠰᠠᠨ ᠢ ᠲᠠᠯᠠᠷᠬᠠᠨ ᠳᠤᠷᠠᠳᠤᠭᠠᠳ ᠮᠠᠨ ᠤ ᠤᠯᠤᠰ ᠵᠢᠯ ᠪᠦᠷᠢ ᠢᠢᠨ 07 ᠳ᠋ᠤᠭᠠᠷ ᠰᠠᠷ᠎ᠠ ᠢᠢᠨ 11 ᠳᠥ ᠠᠳᠤᠭᠤᠨ ᠤ ᠡᠳᠦᠷ ᠲᠥ ᠵᠣᠷᠢᠭᠤᠯᠤᠭᠰᠠᠨ ᠠᠷᠭ᠎ᠠ ᠬᠡᠮᠵᠢᠶ᠎ᠡ ᠢᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠷᠢᠶᠡᠨ ᠳᠥ ᠵᠣᠬᠢᠶᠠᠨ ᠪᠠᠢᠢᠭᠤᠯᠬᠤ ᠪᠠᠷ ᠲᠥᠯᠦᠪᠯᠡᠵᠦ ᠪᠠᠢᠢᠭ᠎ᠠ ᠢᠢ ᠳᠤᠷᠠᠳᠤᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠮᠣᠩ᠋ᠭᠤᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠᠨ᠎ᠠ 2026 ᠣᠨ ᠳᠤ ᠪᠣᠯᠬᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ ᠵᠣᠬᠢᠶᠠᠨ ᠪᠠᠢᠢᠭᠤᠯᠬᠤ ᠪᠡᠯᠡᠳᠬᠡᠯ ᠠᠵᠢᠯ ᠢ ᠡᠷᠴᠢᠮ ᠲᠡᠢ ᠥᠷᠨᠢᠭᠦᠯᠵᠦ ᠪᠤᠢ ᠲᠠᠯ᠎ᠠ ᠪᠠᠷ ᠳᠠᠭᠤᠯᠠᠭᠠᠪᠠ᠃

ᠮᠥᠨ ᠮᠠᠨ ᠤ ᠤᠯᠤᠰ ᠤᠨ ᠡᠩᠬᠡ ᠢᠢ ᠰᠠᠬᠢᠭᠤᠯᠬᠤ ᠠᠵᠢᠯᠯᠠᠭᠠᠨ ᠤ ᠣᠷᠤᠯᠴᠠᠭ᠎ᠠ ᠢᠢ ᠨᠡᠮᠡᠭᠳᠡᠭᠦᠯᠬᠦ ᠴᠢᠭᠯᠡᠯ ᠢᠶᠡᠷ ᠳᠡᠪᠰᠢᠭᠦᠯᠦᠭᠰᠡᠨ ᠰᠠᠨᠠᠭᠠᠴᠢᠯᠠᠭ᠎ᠠ ᠨᠤᠭᠤᠳ ᠢᠶᠠᠨ ᠪᠣᠳᠠᠲᠤ ᠦᠷ᠎ᠡ ᠳ᠋ᠦᠩ ᠳᠥ ᠬᠦᠷᠭᠡᠬᠦ ᠢᠢᠨ ᠲᠥᠯᠦᠭᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠠᠢ ᠨᠢᠭ᠌ᠲᠠ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠ᠊·ᠭᠦᠲ᠋ᠧᠷᠷᠧᠱ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠠᠵᠢᠯᠯᠠᠭᠠᠨ ᠳ᠋ᠠᠬᠢ ᠮᠣᠩ᠋ᠭᠤᠯ ᠤᠯᠤᠰ ᠤᠨ ᠣᠷᠤᠯᠴᠠᠭ᠎ᠠ᠂ ᠬᠤᠪᠢ ᠨᠡᠮᠡᠷᠢ ᠮᠠᠰᠢ ᠴᠢᠬᠤᠯᠠ ᠪᠣᠯᠬᠤ ᠢᠢ ᠣᠨᠴᠠᠯᠠᠨ ᠲᠡᠮᠳᠡᠭᠯᠡᠬᠦ ᠢᠢᠨ ᠬᠠᠮᠲᠤ᠂ ᠳᠡᠯᠡᠬᠡᠶ ᠨᠡᠢᠢᠲᠡ ᠢᠢᠨ ᠬᠥᠷᠦᠰᠦᠨ ᠦ ᠳᠣᠷᠤᠢᠢᠲᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠣᠷᠢᠯᠲᠠ ᠨᠤᠭᠤᠳ ᠲᠠᠢ ᠲᠡᠮᠡᠴᠡᠬᠦ ᠴᠢᠭᠯᠡᠯ ᠦᠨ ᠦᠢᠯᠡ ᠠᠵᠢᠯᠯᠠᠭᠠᠨ ᠳᠤ ᠮᠣᠩ᠋ᠭᠤᠯ ᠤᠯᠤᠰ ᠤᠨ ᠣᠷᠤᠭᠤᠯᠵᠤ ᠪᠤᠢ ᠬᠦᠴᠦ ᠴᠢᠷᠮᠠᠢᠢᠯᠲᠠ ᠢᠢ ᠥᠨᠳᠦᠷ ᠢᠶᠡᠷ ᠦᠨᠡᠯᠡᠪᠡ᠃

ᠲᠡᠷᠡ ᠪᠡᠷ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠮᠣᠩ᠋ᠭᠤᠯ ᠤᠯᠤᠰ ᠤᠨ ᠬᠠᠮᠲᠤ ᠢᠢᠨ ᠠᠵᠢᠯᠯᠠᠭ᠎ᠠ ᠢᠢ ᠤᠷᠢᠳᠤ ᠢᠢᠨ ᠠᠳᠠᠯᠢ ᠲᠤᠭᠤᠰᠢᠲᠠᠢ ᠳᠡᠮᠵᠢᠵᠦ ᠠᠵᠢᠯᠯᠠᠬᠤ ᠪᠠᠨ ᠢᠯᠡᠷᠬᠡᠢᠢᠯᠡᠯ᠎ᠡ᠃