Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠢᠢᠨ ᠳᠡᠮᠵᠢᠯᠭᠡ ᠪᠡᠷ ᠪᠠᠢᠢᠭᠤᠯᠤᠭᠳᠠᠭᠰᠠᠨ ᠡᠳ᠋ ᠡᠰ᠂ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ ᠲᠠᠪᠤᠨ ᠬᠦᠮᠦᠨ ᠳᠥ ᠠᠮᠢᠳᠤ ᠳ᠋ᠣᠨᠤᠷ ᠠᠴᠠ ᠡᠯᠢᠭᠡ ᠰᠢᠯᠵᠢᠭᠦᠯᠦᠨ ᠰᠠᠭᠤᠯᠭᠠᠯ᠎ᠠ

ᠤᠯᠤᠰ ᠤᠨ ᠬᠣᠶᠠᠳ᠋ᠤᠭᠠᠷ ᠲᠥᠪ ᠡᠮᠨᠡᠯᠭᠡ ᠢᠢᠨ ᠡᠳ᠋ ᠡᠰ᠂ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ ᠦᠨ ᠡᠮᠴᠢ ᠨᠠᠷ ᠤᠨ ᠪᠠᠭ ᠠᠮᠢᠳᠤ ᠳ᠋ᠣᠨᠤᠷ ᠠᠴᠠ ᠡᠯᠢᠭᠡ ᠰᠢᠯᠵᠢᠭᠦᠯᠦᠨ ᠰᠠᠭᠤᠯᠭᠠᠬᠤ ᠲᠠᠪᠤ ᠳ᠋ᠠᠬᠢ ᠤᠳᠠᠭ᠎ᠠ ᠢᠢᠨ ᠳᠤᠷᠠᠨ ᠤ ᠮᠡᠰᠡ ᠵᠠᠰᠠᠯ ᠢᠶᠠᠨ ᠠᠮᠵᠢᠯᠲᠠ ᠲᠠᠢ ᠬᠢᠯ᠎ᠡ᠃

ᠲᠤᠰ ᠲᠥᠪ ᠦᠨ ᠶᠡᠷᠦᠩᠬᠡᠶ ᠮᠡᠰᠡ ᠵᠠᠰᠠᠯ ᠤᠨ ᠲᠠᠰᠤᠭ ᠤᠨ ᠮᠡᠰᠡ ᠵᠠᠰᠠᠯ ᠤᠨ ᠡᠮᠴᠢ ᠪ᠊·ᠣᠨᠤᠨ᠂ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ «ᠰᠠᠮᠰᠦ᠋ᠩ ᠮᠧᠳᠢᠻᠠᠯ» ᠲᠥᠪ ᠦᠨ ᠡᠷᠬᠡᠲᠡᠨ ᠰᠢᠯᠵᠢᠭᠦᠯᠦᠨ ᠰᠠᠭᠤᠯᠭᠠᠬᠤ ᠲᠠᠰᠤᠭ ᠤᠨ ᠫᠷᠣᠹᠧᠰᠰᠤᠷ ᠻᠢᠮ ᠵᠣᠩ ᠮᠠᠩ ᠲᠡᠷᠢᠭᠦᠲᠡᠢ ᠪᠠᠭ ᠤᠨ ᠭᠡᠰᠢᠭᠦᠳ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠠ᠊·ᠦᠢᠯᠡᠰᠲᠡᠭᠦᠯᠳᠡᠷ ᠪᠣᠯᠤᠨ ᠬᠣᠯᠪᠤᠭᠳᠤᠬᠤ ᠵᠥᠪᠯᠡᠬᠦ ᠨᠤᠭᠦᠳ᠂ ᠭᠠᠵᠠᠷ ᠤᠨ ᠳᠠᠷᠤᠭ᠎ᠠ ᠨᠠᠷ ᠲᠤ ᠮᠡᠰᠡ ᠵᠠᠰᠠᠯ ᠤᠨ ᠦᠷ᠎ᠡ ᠳ᠋ᠦᠩ ᠢᠶᠡᠨ ᠲᠠᠨᠢᠯᠴᠠᠭᠤᠯᠤᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠳᠡᠮᠵᠢᠯᠭᠡ ᠢᠢᠨ ᠳ᠋ᠦᠩ ᠳᠥ «ᠡᠷᠳᠡᠨᠢᠲᠦ ᠦᠢᠯᠡᠳᠪᠦᠷᠢ» ᠲᠥᠷᠦ ᠢᠢᠨ ᠥᠮᠴᠢ ᠢᠢᠨ ᠦᠢᠯᠡᠳᠪᠦᠷᠢ ᠢᠢᠨ ᠭᠠᠵᠠᠷ 4·5 ᠲᠡᠷᠪᠤᠮ ᠲᠥᠭᠦᠷᠢᠭ᠌ ᠦᠨ ᠰᠠᠩᠬᠦᠵᠢᠯᠲᠡ ᠪᠡᠷ ᠰᠢᠨ᠎ᠡ ᠲᠥᠪ ᠠᠰᠢᠭᠯᠠᠯᠲᠠ ᠳᠤ ᠣᠷᠤᠵᠤ᠂ ᠳᠤᠷᠠᠨ ᠤ ᠪᠣᠯᠤᠨ ᠪᠢᠴᠢᠯ ᠮᠡᠰᠡ ᠵᠠᠰᠠᠯ᠂ ᠮᠡᠳᠡᠭᠡᠭᠦᠢᠢᠵᠢᠭᠦᠯᠭᠡ᠂ ᠯᠠᠪᠣᠷᠠᠲ᠋ᠣᠷᠢ ᠢᠢᠨ ᠪᠠᠭᠠᠵᠢ᠂ ᠲᠣᠨᠤᠭ ᠲᠥᠬᠦᠭᠡᠷᠦᠮᠵᠢ ᠲᠡᠢ ᠪᠣᠯᠤᠭᠰᠠᠨ ᠶᠤᠮ᠃

ᠡᠨᠡ ᠨᠢ ᠡᠯᠢᠭᠡ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠬᠥᠭ᠍ᠵᠢᠬᠦ᠂ ᠬᠠᠮᠤᠭ ᠤᠨ ᠰᠡᠭᠦᠯ ᠦᠨ ᠦᠶ᠎ᠡ ᠢᠢᠨ ᠳᠡᠪᠰᠢᠯᠲᠡᠲᠦ ᠲᠧᠭᠨᠢᠭ᠂ ᠲᠧᠭᠨᠣᠯᠤᠭᠢ ᠨᠤᠲᠤᠭᠰᠢᠬᠤ᠂ ᠬᠦᠮᠦᠰ ᠢᠶᠡᠨ ᠰᠤᠷᠭᠠᠵᠤ ᠪᠡᠯᠡᠳᠬᠡᠬᠦ ᠵᠡᠷᠭᠡ ᠳᠥ ᠲᠣᠮᠣᠬᠠᠨ ᠳᠡᠮᠵᠢᠯᠭᠡ ᠪᠣᠯᠤᠭᠰᠠᠨ ᠢ ᠡᠮᠴᠢ ᠨᠠᠷ ᠶᠠᠷᠢᠯ᠎ᠠ᠃

ᠮᠥᠨ ᠲᠥᠪ ᠢ ᠪᠣᠭᠤᠨᠢ ᠬᠤᠭᠤᠴᠠᠭᠠᠨ ᠳᠤ ᠠᠰᠢᠭᠯᠠᠯᠲᠠ ᠳᠤ ᠣᠷᠤᠭᠤᠯᠬᠤ᠂ ᠡᠪᠡᠳᠴᠢᠲᠡᠨ᠂ ᠳ᠋ᠣᠨᠤᠷ ᠤᠨ ᠠᠶᠤᠯ ᠦᠭᠡᠢ ᠪᠠᠢᠢᠳᠠᠯ ᠢ ᠬᠠᠩ᠋ᠭᠠᠬᠤ᠂ ᠮᠡᠰᠡ ᠵᠠᠰᠠᠯ ᠤᠨ ᠦᠷ᠎ᠡ ᠳ᠋ᠦᠩ ᠢ ᠰᠠᠢᠢᠵᠢᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠬᠦᠯᠢᠶᠡᠯᠭᠡ ᠢᠢ ᠪᠠᠭᠠᠰᠬᠠᠬᠤ᠂ ᠭᠠᠳᠠᠭᠠᠳᠤ ᠤᠷᠤᠭᠤ ᠵᠣᠷᠢᠬᠤ ᠢᠷᠭᠡᠳ ᠦᠨ ᠤᠷᠤᠰᠬᠠᠯ ᠢ ᠪᠠᠭᠤᠷᠠᠭᠤᠯᠬᠤ᠂ ᠡᠬᠡ ᠣᠷᠤᠨ ᠳᠤ ᠪᠠᠨ ᠳᠡᠯᠡᠬᠡᠶ ᠢᠢᠨ ᠴᠢᠨᠠᠷᠲᠠᠶ ᠲᠤᠰᠠᠯᠠᠮᠵᠢ᠂ ᠦᠢᠯᠡᠴᠢᠯᠡᠭᠡ ᠠᠪᠬᠤ ᠨᠥᠬᠦᠴᠡᠯ ᠢ ᠪᠦᠷᠢᠳᠦᠭᠦᠯᠬᠦ ᠴᠢᠭᠯᠡᠯ ᠢᠶᠡᠷ ᠲᠤᠭᠤᠰᠢᠲᠠᠢ ᠳᠡᠮᠵᠢᠯᠭᠡ ᠦᠵᠡᠭᠦᠯᠦᠭᠰᠡᠨ ᠶᠡᠷᠦᠩᠬᠡᠢᠢᠯᠡᠭᠴᠢ ᠪᠣᠯᠤᠨ ᠲᠠᠮᠠᠭ᠎ᠠ ᠢᠢᠨ ᠭᠠᠵᠠᠷ ᠤᠨ ᠬᠠᠮᠲᠤ ᠣᠯᠠᠨ ᠳᠤ ᠲᠠᠯᠠᠷᠬᠠᠯ ᠢᠯᠡᠷᠬᠡᠢᠢᠯᠡᠯ᠎ᠡ᠃

ᠡᠳ᠋ ᠡᠰ᠂ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ 2022 ᠣᠨ ᠠᠴᠠ ᠪᠡᠯᠡᠳᠬᠡᠯ ᠢᠶᠡᠨ ᠬᠠᠩ᠋ᠭᠠᠵᠤ᠂ ᠥᠩ᠋ᠭᠡᠷᠡᠭᠰᠡᠨ ᠭᠤᠷᠪᠠᠳ᠋ᠤᠭᠠᠷ ᠰᠠᠷ᠎ᠠ ᠳᠤ ᠠᠩᠬᠠᠨ ᠤ ᠮᠡᠰᠡ ᠵᠠᠰᠠᠯ ᠢᠶᠠᠨ ᠬᠢᠭ᠍ᠰᠡᠨ ᠪᠥᠭᠡᠳ ᠡᠯᠢᠭᠡ ᠰᠢᠯᠵᠢᠭᠦᠯᠦᠨ ᠰᠠᠭᠤᠯᠭᠠᠭᠤᠯᠤᠭᠰᠠᠨ ᠲᠠᠪᠤᠨ ᠬᠦᠮᠦᠨ᠂ ᠳ᠋ᠣᠨᠤᠷ ᠤᠳ ᠤᠨ ᠪᠡᠶ᠎ᠡ ᠢᠢᠨ ᠪᠠᠢᠢᠳᠠᠯ ᠰᠠᠢᠢᠨ᠂ ᠡᠮᠨᠡᠯᠭᠡ ᠡᠴᠡ ᠭᠠᠷᠴᠤ ᠬᠢᠨᠠᠯᠲᠠ ᠳᠤ ᠪᠠᠢᠢᠨ᠎ᠠ᠃

ᠲᠥᠪ ᠪᠠᠢᠢᠭᠤᠯᠬᠤ ᠢᠢᠨ ᠲᠥᠯᠦᠭᠡ ᠬᠠᠮᠲᠤᠷᠠᠨ ᠬᠢᠴᠢᠶᠡᠨ ᠵᠢᠳᠬᠦᠭ᠍ᠰᠡᠨ ᠪᠣᠯᠤᠨ ᠡᠯᠢᠭᠡ ᠰᠢᠯᠵᠢᠭᠦᠯᠦᠨ ᠰᠠᠭᠤᠯᠭᠠᠬᠤ ᠲᠠᠪᠤ ᠳ᠋ᠠᠬᠢ ᠮᠡᠰᠡ ᠵᠠᠰᠠᠯ ᠢᠶᠠᠨ ᠠᠮᠵᠢᠯᠲᠠ ᠲᠠᠢ ᠬᠢᠵᠦ ᠡᠷᠳᠡᠨᠢᠲᠦ ᠬᠦᠮᠦᠨ ᠦ ᠠᠮᠢ ᠨᠠᠰᠤ᠂ ᠡᠷᠡᠭᠦᠯ ᠮᠡᠨᠳᠦ ᠢᠢ ᠠᠪᠤᠷᠠᠭᠰᠠᠨ ᠡᠮᠴᠢ ᠨᠠᠷ ᠤᠨ ᠪᠠᠭ᠂ ᠬᠠᠮᠲᠤ ᠣᠯᠠᠨ ᠳᠤ ᠲᠠᠮᠠᠭ᠎ᠠ ᠢᠢᠨ ᠭᠠᠵᠠᠷ ᠤᠨ ᠳᠠᠷᠤᠭ᠎ᠠ ᠠ᠊·ᠦᠢᠯᠡᠰᠲᠡᠭᠦᠯᠳᠡᠷ ᠶᠡᠷᠦᠩᠬᠡᠢᠢᠯᠡᠭᠴᠢ ᠢᠢᠨ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠯ᠎ᠡ᠃

ᠡᠨᠡ ᠨᠢ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ᠂ ᠢᠷᠭᠡᠳ ᠬᠣᠭᠤᠷᠤᠨᠳᠤ ᠢᠢᠨ ᠨᠥᠬᠦᠷᠯᠡᠯ ᠪᠡᠬᠢᠵᠢᠬᠦ ᠳᠥ ᠣᠷᠤᠭᠤᠯᠵᠤ ᠪᠤᠢ ᠦᠨ᠎ᠡ ᠲᠡᠢ ᠬᠤᠪᠢ ᠨᠡᠮᠡᠷᠢ ᠭᠡᠳᠡᠭ ᠢ ᠲᠡᠮᠳᠡᠭᠯᠡᠯ᠎ᠡ᠃ ᠮᠥᠨ ᠶᠡᠷᠦᠩᠬᠡᠢᠢᠯᠡᠭᠴᠢ ᠤ·ᠬᠦᠷᠡᠯᠰᠦ᠋ᠬᠡ ᠠᠯᠢᠪᠠ ᠳᠡᠪᠰᠢᠯᠲᠡᠲᠦ ᠰᠠᠨᠠᠯ᠂ ᠰᠠᠨᠠᠭᠠᠴᠢᠯᠠᠭ᠎ᠠ᠂ ᠲᠡᠷᠡ ᠳᠤᠮᠳᠠ ᠪᠠᠨ ᠡᠷᠡᠭᠦᠯ ᠮᠡᠨᠳᠦ ᠢᠢᠨ ᠰᠠᠯᠪᠤᠷᠢ ᠢᠢ ᠪᠡᠬᠢᠵᠢᠭᠦᠯᠬᠦ ᠴᠢᠭᠯᠡᠯ ᠢᠶᠡᠷ ᠪᠦᠬᠦ ᠲᠠᠯ᠎ᠠ ᠢᠢᠨ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠨ᠎ᠠ ᠭᠡᠳᠡᠭ ᠢ ᠬᠡᠯᠡᠯ᠎ᠡ᠃

ᠤᠯᠤᠰ ᠤᠨ ᠬᠣᠶᠠᠳ᠋ᠤᠭᠠᠷ ᠲᠥᠪ ᠡᠮᠨᠡᠯᠭᠡ ᠢᠢᠨ ᠡᠳ᠋ ᠡᠰ᠂ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ ᠢᠷᠡᠬᠦ ᠣᠨ ᠠᠴᠠ ᠡᠯᠢᠭᠡᠨ ᠡᠴᠡ ᠭᠠᠳᠠᠨ᠎ᠠ ᠪᠥᠭᠡᠷ᠎ᠡ᠂ ᠠᠭᠤᠰᠬᠢ᠂ ᠨᠣᠢᠢᠷ ᠪᠤᠯᠴᠢᠷᠬᠠᠶ ᠰᠢᠯᠵᠢᠭᠦᠯᠦᠨ ᠰᠠᠭᠤᠯᠭᠠᠬᠤ᠂ ᠷᠣᠪᠤᠲ ᠮᠡᠰᠡ ᠵᠠᠰᠠᠯ ᠨᠡᠪᠲᠡᠷᠡᠭᠦᠯᠬᠦ᠂ 2028 ᠣᠨ ᠭᠡᠬᠦ ᠳᠥ 50 ᠮᠡᠰᠡ ᠵᠠᠰᠠᠯ ᠬᠢᠵᠦ᠂ ᠤᠯᠠᠮ ᠢᠶᠠᠷ ᠠᠮᠢ ᠦᠭᠡᠢ ᠳ᠋ᠣᠨᠤᠷ ᠠᠴᠠ ᠡᠯᠢᠭᠡ ᠰᠢᠯᠵᠢᠭᠦᠯᠦᠨ ᠰᠠᠭᠤᠯᠭᠠᠬᠤ ᠪᠠᠷ ᠲᠥᠯᠦᠪᠯᠡᠵᠡᠶ᠃