Та "Internet explorer"-ийн сүүлийн хувилбар болох "Microsoft edge"-г ашиглана уу

Хэрэв "Microsoft edge"-г татах бол энд дарж татаж авна уу

ᠤ·ᠬᠦᠷᠡᠯᠰᠦ᠋ᠬᠡ: ᠰᠢᠭᠦᠭ᠍ᠴᠢ ᠲᠠ ᠥᠩ᠋ᠭᠡᠨ ᠦ ᠰᠦᠷ᠂ ᠮᠥᠩ᠋ᠭᠦᠨ ᠦ ᠰᠡᠭᠦᠳᠡᠷ ᠲᠥ ᠪᠥᠬᠦᠶᠢᠬᠦ ᠶᠣᠰᠤ ᠦᠭᠡᠢ

ᠰᠢᠭᠦᠬᠦ ᠶᠢᠨ ᠲᠤᠬᠠᠶ ᠬᠠᠤᠯᠢ ᠶᠢᠨ ᠳᠠᠭᠠᠭᠤ ᠬᠣᠶᠠᠷ ᠵᠢᠯ ᠲᠤᠲᠤᠮ ᠵᠣᠬᠢᠶᠠᠨ ᠪᠠᠶᠢᠭᠤᠯᠳᠠᠭ ᠪᠦᠬᠦ ᠱᠠᠲᠤᠨ ᠤ ᠰᠢᠭᠦᠬᠦ ᠶᠢᠨ ᠨᠡᠶᠢᠲᠡ ᠰᠢᠭᠦᠭ᠍ᠴᠢ ᠡᠴᠡ ᠪᠦᠷᠢᠳᠦᠭᠰᠡᠨ ᠡᠭᠡᠯᠵᠢᠲᠦ III ᠴᠢᠭᠤᠯᠭᠠᠨ ᠲᠥᠷᠦ ᠶᠢᠨ ᠣᠷᠳᠤᠨ ᠳᠤ ᠡᠬᠢᠯᠡᠯ᠎ᠡ᠃

ᠡᠨᠡ ᠤᠳᠠᠭ᠎ᠠ ᠶᠢᠨ ᠴᠢᠭᠤᠯᠭᠠᠨ ᠢᠶᠠᠷ ᠬᠡᠷᠡᠭ᠂ ᠨᠡᠬᠡᠮᠵᠢᠯᠡᠯ᠂ ᠡᠷᠭᠦᠳᠡᠯ᠂ ᠭᠣᠮᠤᠳᠠᠯ᠂ ᠬᠦᠰᠡᠯᠲᠡ ᠬᠦᠯᠢᠶᠡᠨ ᠠᠪᠬᠤ᠂ ᠬᠤᠪᠢᠶᠠᠷᠢᠯᠠᠬᠤ ᠪᠣᠯᠤᠨ ᠬᠡᠷᠡᠭ᠂ ᠮᠠᠷᠭᠤᠭᠠᠨ ᠢ ᠬᠢᠨᠠᠨ ᠰᠢᠢᠳᠪᠦᠷᠢᠯᠡᠬᠦ ᠰᠢᠭᠦᠭ᠍ᠴᠢ᠂ ᠰᠢᠭᠦᠬᠦ ᠪᠦᠷᠢᠯᠳᠦᠬᠦᠨ ᠢ ᠰᠤᠭᠤᠯᠤᠭ᠎ᠠ ᠪᠠᠷ ᠲᠣᠮᠢᠯᠠᠬᠤ ᠨᠡᠶᠢᠲᠡᠯᠢᠭ ᠵᠢᠷᠤᠮ ᠳᠤ ᠨᠡᠮᠡᠯᠲᠡ ᠥᠭᠡᠷᠡᠴᠢᠯᠡᠯᠲᠡ ᠣᠷᠤᠭᠤᠯᠬᠤ᠂ ᠰᠢᠭᠦᠬᠦ ᠡᠷᠬᠡ ᠮᠡᠳᠡᠯ ᠦᠨ ᠬᠦᠷᠢᠶᠡᠨ ᠳᠥ ᠳᠠᠭᠠᠵᠤ ᠮᠥᠷᠳᠡᠬᠦ ᠬᠠᠤᠯᠢ ᠲᠣᠭᠲᠠᠭᠠᠮᠵᠢ᠂ ᠰᠢᠭᠦᠬᠦ ᠶᠢᠨ ᠲᠣᠭᠲᠠᠯᠴᠠᠭ᠎ᠠ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭ᠎ᠠ ᠶᠢ ᠪᠣᠯᠪᠠᠰᠤᠷᠠᠩ᠋ᠭᠤᠢ ᠪᠣᠯᠭᠠᠬᠤ᠂ ᠰᠢᠭᠦᠭ᠍ᠴᠢ ᠶᠢᠨ ᠡᠷᠬᠡ ᠠᠰᠢᠭ ᠢ ᠬᠠᠮᠠᠭᠠᠯᠠᠬᠤ᠂ ᠰᠠᠬᠢᠯᠭ᠎ᠠ᠂ ᠬᠠᠷᠢᠭᠤᠴᠠᠯᠭ᠎ᠠ ᠶᠢ ᠰᠠᠶᠢᠵᠢᠷᠠᠭᠤᠯᠬᠤ ᠲᠠᠯ᠎ᠠ ᠪᠠᠷ ᠢᠯᠡᠳᠬᠡᠯ ᠰᠣᠨᠤᠰᠴᠤ᠂ ᠬᠡᠯᠡᠯᠴᠡᠬᠦ ᠶᠤᠮ᠃

ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠴᠢᠭᠤᠯᠭᠠᠨ ᠢ ᠨᠡᠭᠡᠭᠡᠵᠦ ᠦᠭᠡ ᠬᠡᠯᠡᠬᠦ ᠳᠥ ᠪᠡᠨ᠂ ᠮᠣᠩ᠋ᠭᠤᠯ ᠲᠥᠷᠦ ᠶᠢᠨ ᠰᠢᠭᠦᠭ᠍ᠴᠢ ᠬᠦᠮᠦᠨ ᠥᠩ᠋ᠭᠡᠨ ᠦ ᠰᠦᠷ᠂ ᠮᠥᠩ᠋ᠭᠦᠨ ᠦ ᠰᠡᠭᠦᠳᠡᠷ ᠲᠥ ᠪᠥᠬᠦᠶᠢᠬᠦ ᠶᠣᠰᠤ ᠦᠭᠡᠢ᠃ ᠤᠯᠤᠰ ᠲᠥᠷᠦ᠂ ᠪᠢᠽᠢᠨᠧᠰ ᠦᠨ ᠢᠪᠴᠤᠤ ᠠᠰᠢᠭ ᠰᠣᠨᠢᠷᠬᠠᠯ ᠳᠤ ᠦᠢᠯᠡᠴᠢᠯᠡᠨ᠂ ᠤᠯᠤᠰ ᠣᠷᠤᠨ ᠤ ᠪᠠᠨ ᠢᠵᠠᠭᠤᠷ ᠡᠷᠬᠡ ᠠᠰᠢᠭ ᠠᠴᠠ ᠬᠡᠵᠢᠶ᠎ᠡ ᠴᠦ ᠤᠷᠪᠠᠵᠤ ᠪᠣᠯᠬᠤ ᠦᠭᠡᠢ ᠶᠢ ᠰᠠᠨᠠᠭᠤᠯᠤᠯ᠎ᠠ᠃

ᠮᠥᠨ ᠰᠢᠭᠦᠬᠦ ᠡᠷᠬᠡ ᠮᠡᠳᠡᠯ ᠦᠨ ᠰᠢᠨᠡᠳᠬᠡᠯ ᠦᠨ ᠦᠢᠯᠡ ᠶᠠᠪᠤᠴᠠ ᠶᠢ ᠠᠩᠬᠠᠷᠤᠯ ᠲᠠᠢ ᠠᠵᠢᠭᠯᠠᠵᠤ᠂ ᠪᠣᠳᠤᠯᠭ᠎ᠠ ᠶᠢᠨ ᠲᠥᠪᠰᠢᠨ ᠳᠥ ᠢᠮᠠᠭᠲᠠ ᠳᠡᠮᠵᠢᠭᠰᠡᠭᠡᠷ ᠢᠷᠡᠭᠰᠡᠨ ᠢᠶᠡᠨ ᠣᠨᠴᠠᠯᠠᠵᠤ᠂ ᠴᠢᠨᠠᠭᠰᠢᠳᠠ ᠴᠦ ᠤᠯᠠᠮ ᠪᠡᠬᠢᠵᠢᠭᠦᠯᠬᠦ᠂ ᠬᠥᠷᠦᠩ᠋ᠭᠡ ᠣᠷᠤᠭᠤᠯᠤᠯᠲᠠ ᠶᠢ ᠨᠡᠮᠡᠭᠳᠡᠭᠦᠯᠬᠦ ᠳᠥ ᠪᠦᠬᠦ ᠲᠠᠯ᠎ᠠ ᠶᠢᠨ ᠳᠡᠮᠵᠢᠯᠭᠡ ᠦᠵᠡᠭᠦᠯᠦᠨ ᠠᠵᠢᠯᠯᠠᠬᠤ ᠪᠠᠨ ᠢᠯᠡᠷᠬᠡᠶᠢᠯᠡᠯ᠎ᠡ᠃

ᠶᠡᠷᠦᠩᠬᠡᠶᠢᠯᠡᠭᠴᠢ ᠶᠢᠨ ᠬᠡᠯᠡᠭᠰᠡᠨ ᠦᠭᠡ ᠶᠢ ᠬᠦᠷᠭᠡᠵᠦ ᠪᠠᠶᠢᠨ᠎ᠠ᠃

«ᠡᠷᠬᠢᠮ ᠬᠦᠨᠳᠦᠲᠦ ᠰᠢᠭᠦᠭᠴᠢᠳ ᠡ᠂

ᠡᠷᠬᠢᠮ ᠬᠦᠨᠳᠦᠲᠦ ᠵᠣᠴᠢᠳ ᠋ᠠ᠋᠂

ᠲᠠ ᠪᠦᠬᠦᠨ ᠳᠥ ᠡᠨᠡ ᠬᠦ ᠡᠳᠦᠷ ᠦᠨ ᠮᠡᠨᠳᠦ ᠶᠢ ᠡᠷᠭᠦᠨ ᠳᠡᠪᠰᠢᠭᠦᠯᠦᠶ ᠡ᠃

ᠣᠳᠤ ᠠᠴᠠ ᠳᠥᠷᠪᠡᠨ ᠵᠢᠯ ᠦᠨ ᠡᠮᠦᠨ᠎ᠡ ᠮᠣᠩ᠋ᠭᠤᠯ ᠤᠯᠤᠰ ᠤᠨ ᠨᠡᠶᠢᠲᠡ ᠰᠢᠭᠦᠭ᠍ᠴᠢ ᠶᠢᠨ ᠠᠩᠬᠠᠳᠤᠭᠠᠷ ᠴᠢᠭᠤᠯᠭᠠᠨ ᠳᠤ ᠲᠥᠷᠦ ᠶᠢᠨ ᠲᠡᠷᠢᠭᠦᠨ ᠣᠷᠤᠯᠴᠠᠵᠤ᠂ ᠰᠢᠭᠦᠬᠦ ᠡᠷᠬᠡ ᠮᠡᠳᠡᠯ ᠦᠨ ᠰᠢᠨᠡᠳᠬᠡᠯ ᠦᠨ ᠲᠠᠯᠠᠭᠠᠷᠬᠢ ᠪᠠᠶᠢᠷᠢ ᠰᠠᠭᠤᠷᠢ ᠪᠠᠨ ᠢᠯᠡᠷᠬᠡᠶᠢᠯᠡᠵᠦ ᠪᠠᠶᠢᠭᠰᠠᠨ᠃

ᠰᠢᠭᠦᠬᠦ ᠵᠠᠰᠠᠭᠯᠠᠯ ᠨᠢ ᠨᠡᠶᠢᠭᠡᠮ ᠳᠥ ᠰᠢᠳᠤᠷᠭᠤ ᠶᠣᠰᠤ ᠲᠣᠭᠲᠠᠭᠠᠬᠤ᠂ ᠲᠡᠭᠦᠨ ᠢ ᠪᠡᠬᠢᠵᠢᠭᠦᠯᠬᠦ ᠨᠡᠩ ᠴᠢᠬᠤᠯᠠ ᠢᠨ᠋ᠰᠲ᠋ᠢᠲ᠋ᠦ᠋ᠼ ᠲᠡᠳᠦᠶ ᠦᠭᠡᠢ ᠬᠠᠤᠯᠢ ᠲᠣᠭᠲᠠᠭᠠᠬᠤ᠂ ᠭᠦᠢᠴᠡᠳᠬᠡᠬᠦ ᠵᠠᠰᠠᠭᠯᠠᠯ ᠲᠠᠢ ᠡᠩ ᠴᠢᠴᠠᠤ᠂ ᠬᠠᠷᠢᠯᠴᠠᠨ ᠲᠡᠩᠴᠡᠪᠦᠷᠢᠲᠡᠢ ᠠᠵᠢᠯᠯᠠᠬᠤ ᠤᠴᠢᠷ ᠲᠠᠢ ᠠᠷᠠᠳᠴᠢᠯᠠᠭᠰᠠᠨ ᠵᠠᠰᠠᠭᠯᠠᠯ ᠤᠨ ᠨᠢᠭᠡᠨ ᠴᠢᠬᠤᠯᠠ ᠲᠤᠯᠭᠠᠭᠤᠷᠢ ᠪᠢᠯᠡ᠃

ᠥᠩ᠋ᠭᠡᠷᠡᠭᠰᠡᠨ ᠬᠤᠭᠤᠴᠠᠭᠠᠨ ᠳᠤ ᠰᠢᠭᠦᠬᠦ ᠡᠷᠬᠡ ᠮᠡᠳᠡᠯ ᠦᠨ ᠬᠠᠷᠠᠭᠠᠲᠤ ᠪᠤᠰᠤ᠂ ᠪᠡᠶ᠎ᠡ ᠳᠠᠭᠠᠭᠠᠭᠰᠠᠨ ᠪᠠᠶᠢᠳᠠᠯ ᠢ ᠬᠠᠩ᠋ᠭᠠᠬᠤ ᠵᠣᠷᠢᠯᠭ᠎ᠠ ᠪᠠᠷ ᠮᠣᠩ᠋ᠭᠤᠯ ᠤᠯᠤᠰ ᠤᠨ ᠦᠨᠳᠦᠰᠦᠨ ᠬᠠᠤᠯᠢ ᠳᠤ 2019 ᠣᠨ ᠳᠤ ᠨᠡᠮᠡᠯᠲᠡ᠂ ᠥᠭᠡᠷᠡᠴᠢᠯᠡᠯᠲᠡ ᠣᠷᠤᠭᠤᠯᠤᠨ᠂ ᠤᠯᠠᠮ ᠢᠶᠠᠷ 2021 ᠣᠨ ᠳᠤ ᠰᠢᠭᠦᠬᠦ ᠶᠢᠨ ᠲᠤᠬᠠᠶ ᠬᠠᠤᠯᠢ ᠶᠢ ᠰᠢᠨᠡᠴᠢᠯᠠᠨ ᠪᠠᠲᠤᠯᠠᠭᠰᠠᠨ᠃

ᠡᠨᠡ ᠬᠦ ᠰᠢᠭᠦᠬᠦ ᠶᠢᠨ ᠰᠢᠨᠡᠳᠬᠡᠯ ᠢ ᠬᠡᠷᠡᠭᠵᠢᠭᠦᠯᠬᠦ ᠡᠷᠬᠡ ᠵᠦᠢ ᠶᠢᠨ ᠣᠷᠴᠢᠨ ᠢ ᠪᠦᠷᠢᠳᠦᠭᠦᠯᠬᠦ ᠦᠢᠯᠡ ᠬᠡᠷᠡᠭ ᠣᠯᠠᠨ ᠰᠣᠷᠢᠯᠲᠠ᠂ ᠪᠡᠷᠬᠡᠰᠢᠶᠡᠯ ᠢ ᠳᠠᠪᠠᠨ ᠭᠠᠷᠴᠤ᠂ ᠡᠳᠦᠭᠡ ᠵᠣᠬᠢᠬᠤ ᠦᠷ᠎ᠡ ᠳ᠋ᠦᠩ ᠳᠥ ᠬᠦᠷᠦᠭᠡᠳ ᠪᠠᠶᠢᠭ᠎ᠠ ᠶᠢ ᠲᠠ ᠪᠦᠬᠦᠨ ᠮᠡᠳᠡᠵᠦ ᠪᠠᠶᠢᠭ᠎ᠠ᠃

ᠮᠣᠩ᠋ᠭᠤᠯ ᠤᠯᠤᠰ ᠤᠨ ᠶᠡᠷᠦᠩᠬᠡᠶᠢᠯᠡᠭᠴᠢ ᠰᠢᠭᠦᠬᠦ ᠡᠷᠬᠡ ᠮᠡᠳᠡᠯ ᠦᠨ ᠰᠢᠨᠡᠳᠬᠡᠯ ᠦᠨ ᠦᠢᠯᠡ ᠶᠠᠪᠤᠴᠠ ᠶᠢ ᠠᠩᠬᠠᠷᠤᠯ ᠲᠠᠢ ᠠᠵᠢᠭᠯᠠᠵᠤ᠂ ᠪᠣᠳᠤᠯᠭ᠎ᠠ ᠶᠢᠨ ᠲᠥᠪᠰᠢᠨ ᠳᠥ ᠢᠮᠠᠭᠲᠠ ᠳᠡᠮᠵᠢᠭᠰᠡᠭᠡᠷ ᠢᠷᠡᠭᠰᠡᠨ᠃ ᠠᠯᠢᠪᠠ ᠰᠢᠨᠡᠳᠬᠡᠯ ᠪᠣᠯ ᠵᠣᠷᠢᠭ ᠭᠠᠷᠭᠠᠨ ᠬᠡᠷᠡᠭᠵᠢᠭᠦᠯᠵᠦ᠂ ᠲᠠᠰᠤᠷᠠᠯᠲᠠ ᠦᠭᠡᠢ ᠰᠠᠶᠢᠵᠢᠷᠠᠭᠤᠯᠬᠤ ᠤᠷᠲᠤ ᠬᠤᠭᠤᠴᠠᠭᠠᠨ ᠤ ᠦᠢᠯᠡ ᠶᠠᠪᠤᠴᠠ ᠪᠠᠶᠢᠬᠤ ᠤᠴᠢᠷ ᠲᠠᠢ᠃

ᠲᠠ ᠪᠦᠬᠦᠨ ᠡᠨᠡ ᠤᠳᠠᠭ᠎ᠠ ᠶᠢᠨ ᠴᠢᠭᠤᠯᠭᠠᠨ ᠢᠶᠠᠷ ᠢᠶᠠᠨ ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ ᠬᠡᠷᠡᠭᠵᠢᠭᠦᠯᠵᠦ ᠪᠤᠢ ᠰᠢᠭᠦᠬᠦ ᠶᠢᠨ ᠰᠢᠨᠡᠳᠬᠡᠯ ᠦᠨ ᠦᠷ᠎ᠡ ᠳ᠋ᠦᠩ᠂ ᠣᠯᠤᠯᠲᠠ ᠠᠮᠵᠢᠯᠲᠠ᠂ ᠠᠯᠳᠠᠭ᠎ᠠ ᠣᠨᠤᠭ᠎ᠠ ᠢᠢ ᠳ᠋ᠦᠩᠨᠡᠨ ᠬᠡᠯᠡᠯᠴᠡᠵᠦ᠂ ᠴᠢᠨᠠᠭᠰᠢᠳᠠ ᠶᠢᠨ ᠪᠣᠳᠤᠯᠭ᠎ᠠ᠂ ᠵᠣᠷᠢᠯᠲᠠ ᠪᠠᠨ ᠲᠣᠳᠤᠷᠬᠠᠶᠢᠯᠠᠨ᠎ᠠ ᠭᠡᠳᠡᠭ ᠲᠥ ᠢᠲᠡᠭᠡᠯ ᠳᠦᠭᠦᠷᠡᠩ ᠪᠠᠶᠢᠨ᠎ᠠ᠃

ᠡᠨᠡ ᠤᠳᠠᠭ᠎ᠠ ᠶᠢᠨ ᠨᠡᠶᠢᠲᠡ ᠰᠢᠭᠦᠭ᠍ᠴᠢ ᠶᠢᠨ ᠴᠢᠭᠤᠯᠭᠠᠨ ᠤ ᠭᠣᠣᠯ ᠣᠨᠴᠠᠯᠢᠭ ᠨᠢ ᠰᠢᠭᠦᠬᠦ ᠶᠢᠨ ᠶᠡᠷᠦᠩᠬᠡᠶ ᠵᠥᠪᠯᠡᠯ ᠦᠨ ᠰᠢᠨ᠎ᠡ ᠪᠦᠷᠢᠯᠳᠦᠬᠦᠨ ᠢ ᠰᠣᠩ᠋ᠭᠤᠬᠤ ᠨᠡᠩ ᠴᠢᠬᠤᠯᠠ ᠬᠠᠷᠢᠭᠤᠴᠠᠯᠭ᠎ᠠ ᠲᠠᠢ ᠰᠣᠩ᠋ᠭᠤᠭᠤᠯᠢ ᠶᠢ ᠵᠣᠬᠢᠶᠠᠨ ᠪᠠᠶᠢᠭᠤᠯᠤᠨ᠎ᠠ᠃

ᠴᠢᠨᠠᠭᠰᠢᠳᠠ ᠰᠢᠨ᠎ᠡ ᠪᠡᠷ ᠰᠣᠩ᠋ᠭᠤᠭᠳᠤᠬᠤ ᠶᠡᠷᠦᠩᠬᠡᠶ ᠵᠥᠪᠯᠡᠯ ᠦᠨ ᠭᠡᠰᠢᠭᠦᠳ ᠰᠢᠭᠦᠬᠦ ᠶᠢᠨ ᠰᠢᠨᠡᠳᠬᠡᠯ ᠦᠨ ᠦᠢᠯᠡ ᠶᠠᠪᠤᠴᠠ᠂ ᠪᠣᠳᠤᠯᠭ᠎ᠠ ᠶᠢᠨ ᠵᠠᠯᠭᠠᠮᠵᠢ ᠴᠢᠨᠠᠷ᠂ ᠣᠯᠤᠯᠲᠠ ᠠᠮᠵᠢᠯᠲᠠ ᠶᠢ ᠦᠷᠭᠦᠯᠵᠢᠯᠡᠭᠦᠯᠵᠦ᠂ ᠬᠠᠤᠯᠢ ᠪᠠᠷ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦ ᠲᠡᠢ ᠬᠡᠷᠡᠭᠵᠢᠭᠦᠯᠦᠨ᠎ᠡ ᠭᠡᠳᠡᠭ ᠲᠥ ᠢᠲᠡᠭᠡᠯ ᠳᠦᠭᠦᠷᠡᠩ ᠪᠠᠶᠢᠨ᠎ᠠ᠃

ᠮᠥᠨ ᠰᠢᠨ᠎ᠡ ᠪᠡᠷ ᠰᠣᠩ᠋ᠭᠤᠭᠳᠤᠬᠤ ᠰᠢᠭᠦᠭ᠍ᠴᠢ ᠭᠡᠰᠢᠭᠦᠨ ᠲᠠ ᠪᠦᠬᠦᠨ ᠰᠢᠭᠦᠨ ᠲᠠᠰᠤᠯᠬᠤ ᠦᠢᠯᠡ ᠠᠵᠢᠯᠯᠠᠭᠠᠨ ᠠᠴᠠ ᠲᠦᠳᠡᠭᠡᠯᠵᠡᠵᠦ᠂ ᠰᠢᠭᠦᠬᠦ ᠶᠢᠨ ᠵᠠᠬᠢᠷᠭᠠᠨ ᠤ ᠠᠯᠪᠠ ᠬᠠᠭᠠᠭᠴᠢ ᠪᠣᠯᠵᠤ ᠪᠠᠶᠢᠭ᠎ᠠ ᠭᠡᠳᠡᠭ ᠢᠶᠡᠨ ᠣᠨᠴᠤᠭᠤᠶ ᠠᠩᠬᠠᠷᠴᠤ᠂ ᠲᠥᠷᠦ ᠶᠢᠨ ᠪᠣᠳᠤᠯᠭ᠎ᠠ᠂ ᠤᠯᠤᠰ ᠤᠨ ᠢᠵᠠᠭᠤᠷ ᠡᠷᠬᠡ ᠠᠰᠢᠭ ᠢ ᠢᠮᠠᠭᠲᠠ ᠡᠷᠬᠢᠮᠯᠡᠨ ᠳᠡᠭᠡᠳᠦᠯᠡᠵᠦ᠂ ᠴᠢᠩ ᠰᠢᠳᠤᠷᠭᠤ ᠪᠠᠷ ᠠᠵᠢᠯᠯᠠᠬᠤ ᠤᠴᠢᠷ ᠲᠠᠢ ᠶᠢ ᠰᠠᠨᠠᠭᠤᠯᠵᠤ ᠪᠠᠶᠢᠨ᠎ᠠ᠃

ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ ᠰᠢᠭᠦᠬᠦ ᠶᠢᠨ ᠶᠡᠷᠦᠩᠬᠡᠶ ᠵᠥᠪᠯᠡᠯ ᠰᠢᠭᠦᠬᠦ ᠡᠷᠬᠡ ᠮᠡᠳᠡᠯ ᠦᠨ ᠬᠥᠭ᠍ᠵᠢᠯ ᠦᠨ ᠪᠣᠳᠤᠯᠭ᠎ᠠ ᠶᠢ ᠪᠠᠲᠤᠯᠠᠭᠤᠯᠬᠤ᠂ ᠡᠷᠬᠡ ᠵᠦᠢ ᠶᠢᠨ ᠣᠷᠴᠢᠨ ᠢ ᠪᠦᠷᠢᠳᠦᠭᠦᠯᠬᠦ᠂ ᠰᠢᠭᠦᠬᠦ ᠶᠢᠨ ᠡᠳ᠋ ᠦᠨ ᠵᠠᠰᠠᠭ ᠤᠨ ᠪᠠᠲᠤᠯᠠᠭ᠎ᠠ ᠶᠢ ᠰᠠᠶᠢᠵᠢᠷᠠᠭᠤᠯᠬᠤ᠂ ᠴᠠᠬᠢᠮ ᠰᠢᠯᠵᠢᠯᠲᠡ ᠶᠢ ᠭᠦᠨᠵᠡᠭᠡᠶᠢᠷᠡᠭᠦᠯᠬᠦ᠂ ᠭᠠᠳᠠᠭᠠᠳᠤ᠂ ᠳᠣᠲᠤᠭᠠᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠳᠥ ᠪᠠᠭ᠎ᠠ ᠦᠭᠡᠢ ᠦᠷ᠎ᠡ ᠳ᠋ᠦᠩ ᠳᠥ ᠬᠦᠷᠴᠦ᠂ ᠰᠢᠭᠦᠬᠦ ᠶᠢᠨ ᠰᠢᠨᠡᠳᠬᠡᠯ ᠢ ᠵᠣᠬᠢᠬᠤ ᠲᠥᠪᠰᠢᠨ ᠳᠥ ᠤᠷᠤᠭᠰᠢᠯᠠᠭᠤᠯᠵᠤ ᠠᠵᠢᠯᠯᠠᠭᠰᠠᠨ ᠭᠡᠵᠦ ᠦᠵᠡᠵᠦ ᠪᠠᠶᠢᠨ᠎ᠠ᠃

ᠡᠨᠡ ᠳᠠᠰᠢᠷᠠᠮ ᠳᠤ ᠰᠢᠭᠦᠬᠦ ᠶᠢᠨ ᠶᠡᠷᠦᠩᠬᠡᠶ ᠵᠥᠪᠯᠡᠯ ᠦᠨ ᠰᠢᠭᠦᠭ᠍ᠴᠢ ᠭᠡᠰᠢᠭᠦᠨ ᠢᠶᠡᠷ ᠰᠣᠩ᠋ᠭᠤᠭᠳᠠᠨ ᠠᠵᠢᠯᠯᠠᠭᠰᠠᠨ ᠰᠢᠭᠦᠭᠴᠢᠳ ᠲᠠ ᠪᠦᠬᠦᠨ ᠳᠥ ᠲᠠᠯᠠᠷᠬᠠᠯ ᠢᠯᠡᠷᠬᠡᠶᠢᠯᠡᠵᠦ᠂ ᠴᠢᠨᠠᠭᠰᠢᠳᠠ ᠶᠢᠨ ᠠᠵᠢᠯ ᠳᠤ ᠨᠢ ᠥᠨᠳᠦᠷ ᠠᠮᠵᠢᠯᠲᠠ ᠬᠦᠰᠡᠶ ᠡ᠃

ᠡᠷᠬᠢᠮ ᠬᠦᠨᠳᠦᠲᠦ ᠰᠢᠭᠦᠭᠴᠢᠳ ᠡ᠂

ᠮᠣᠩ᠋ᠭᠤᠯ ᠤᠯᠤᠰ ᠤᠨ ᠦᠨᠳᠦᠰᠦᠨ ᠬᠠᠤᠯᠢ ᠳᠤ ᠰᠢᠭᠦᠬᠦ ᠦᠢᠯᠡ ᠠᠵᠢᠯᠯᠠᠭ᠎ᠠ ᠪᠠᠨ ᠶᠠᠪᠤᠭᠤᠯᠬᠤ ᠡᠳ᠋ ᠦᠨ ᠵᠠᠰᠠᠭ ᠤᠨ ᠪᠠᠲᠤᠯᠠᠭ᠎ᠠ ᠶᠢ ᠲᠥᠷᠦ ᠬᠠᠩ᠋ᠭᠠᠨ᠎ᠠ ᠬᠡᠮᠡᠨ ᠵᠢᠭᠠᠭᠰᠠᠨ᠃

ᠰᠢᠭᠦᠬᠦ ᠡᠷᠬᠡ ᠮᠡᠳᠡᠯ ᠦᠨ ᠰᠢᠨᠡᠳᠬᠡᠯ ᠦᠨ ᠪᠣᠳᠤᠯᠭ᠎ᠠ ᠶᠢᠨ ᠬᠦᠷᠢᠶᠡᠨ ᠳᠥ ᠥᠩ᠋ᠭᠡᠷᠡᠭᠰᠡᠨ ᠳᠥᠷᠪᠡᠨ ᠵᠢᠯ ᠳᠥ ᠰᠢᠭᠦᠭ᠍ᠴᠢ ᠶᠢᠨ ᠠᠵᠢᠯᠯᠠᠬᠤ ᠨᠥᠬᠦᠴᠡᠯ᠂ ᠨᠡᠶᠢᠭᠡᠮ ᠦᠨ ᠪᠠᠲᠤᠯᠠᠭ᠎ᠠ ᠶᠢ ᠰᠠᠶᠢᠵᠢᠷᠠᠭᠤᠯᠬᠤ᠂ ᠰᠢᠭᠦᠭ᠍ᠴᠢ ᠶᠢᠨ ᠴᠠᠯᠢᠩ ᠬᠥᠯᠦᠰᠦ ᠶᠢ ᠣᠯᠠᠨ ᠤᠯᠤᠰ ᠤᠨ ᠵᠢᠱᠢᠭ ᠲᠥ ᠬᠦᠷᠭᠡᠬᠦ ᠴᠢᠭᠯᠡᠯ ᠳᠥ ᠪᠣᠳᠠᠲᠠᠢ ᠠᠵᠢᠯ ᠤᠳ ᠬᠢᠭ᠍ᠳᠡᠭᠰᠡᠨ᠃

ᠮᠥᠨ ᠰᠢᠭᠦᠨ ᠲᠠᠰᠤᠯᠬᠤ ᠠᠵᠢᠯᠯᠠᠭᠠᠨ ᠤ ᠴᠢᠨᠠᠷ᠂ ᠬᠦᠷᠲᠡᠭᠡᠮᠵᠢ ᠶᠢ ᠰᠠᠶᠢᠵᠢᠷᠠᠭᠤᠯᠬᠤ ᠬᠦᠷᠢᠶᠡᠨ ᠳᠥ ᠰᠢᠭᠦᠬᠦ ᠶᠢᠨ ᠪᠠᠶᠢᠷᠢ ᠶᠢ ᠦᠶ᠎ᠡ ᠱᠠᠲᠤ ᠲᠠᠢ ᠰᠶᠢᠳᠬᠦ ᠠᠵᠢᠯ ᠢ ᠡᠷᠴᠢᠮᠵᠢᠭᠦᠯᠵᠦ᠂ ᠰᠡᠭᠦᠯ ᠦᠨ 10 ᠵᠢᠯ ᠴᠠᠷᠴᠠᠭᠠᠳ ᠪᠠᠶᠢᠭᠰᠠᠨ ᠬᠠᠨ-ᠠᠭᠤᠯᠠ ᠳᠡᠭᠦᠷᠭᠡ ᠶᠢᠨ ᠰᠢᠭᠦᠬᠦ ᠶᠢᠨ ᠴᠣᠭᠴᠠᠯᠠᠪᠤᠷᠢ ᠪᠠᠷᠢᠯᠭ᠎ᠠ ᠶᠢᠨ ᠠᠵᠢᠯ ᠢ ᠦᠷᠭᠦᠯᠵᠢᠯᠡᠭᠦᠯᠵᠦ᠂ ᠮᠥᠨ ᠲᠠᠪᠤᠨ ᠠᠶᠢᠮᠠᠭ ᠪᠣᠯᠤᠨ ᠳᠡᠭᠦᠷᠭᠡ ᠳᠥ ᠰᠢᠭᠦᠬᠦ ᠶᠢᠨ ᠵᠣᠷᠢᠭᠤᠯᠤᠯᠲᠠ ᠶᠢᠨ ᠪᠠᠶᠢᠷᠢ ᠪᠠᠷᠢᠭᠳᠠᠵᠤ ᠡᠬᠢᠯᠡᠭᠡᠳ ᠪᠠᠶᠢᠨ᠎ᠠ᠃

ᠲᠡᠭᠦᠨᠴᠢᠯᠡᠨ ᠨᠡᠶᠢᠲᠡ ᠰᠢᠭᠦᠭ᠍ᠴᠢ ᠶᠢᠨ ᠠᠩᠬᠠᠳᠤᠭᠠᠷ ᠴᠢᠭᠤᠯᠭᠠᠨ ᠳᠤ ᠣᠷᠤᠯᠴᠠᠬᠤ ᠦᠶ᠎ᠡ ᠪᠡᠷ ᠢᠶᠡᠨ ᠲᠥᠷᠦ ᠶᠢᠨ ᠲᠡᠷᠢᠭᠦᠨ ᠦ ᠳᠡᠪᠰᠢᠭᠦᠯᠵᠦ ᠪᠠᠶᠢᠭᠰᠠᠨ ᠰᠠᠨᠠᠭᠠᠴᠢᠯᠠᠭ᠎ᠠ ᠪᠡᠶᠡᠯᠡᠯ ᠢᠶᠡᠨ ᠣᠯᠵᠤ᠂ ᠰᠢᠭᠦᠬᠦ ᠶᠢᠨ ᠳᠡᠭᠡᠳᠦ ᠪᠠᠶᠢᠭᠤᠯᠤᠯᠭ᠎ᠠ ᠪᠣᠯᠬᠤ ᠤᠯᠤᠰ ᠤᠨ ᠳᠡᠭᠡᠳᠦ ᠰᠢᠭᠦᠬᠦ ᠰᠢᠨ᠎ᠡ ᠪᠠᠶᠢᠷᠢᠨ ᠳᠤ ᠪᠠᠨ ᠦᠢᠯᠡ ᠠᠵᠢᠯᠯᠠᠭ᠎ᠠ ᠪᠠᠨ ᠶᠠᠪᠤᠭᠤᠯᠵᠤ ᠡᠬᠢᠯᠡᠭᠡᠳ ᠪᠠᠶᠢᠨ᠎ᠠ᠃

ᠡᠨᠡ ᠨᠢ ᠮᠠᠨ ᠤ ᠤᠯᠤᠰ ᠤᠨ ᠰᠢᠭᠦᠬᠦ ᠶᠢᠨ ᠪᠠᠶᠢᠭᠤᠯᠤᠯᠭ᠎ᠠ ᠶᠢᠨ ᠲᠡᠦᠬᠡᠨ ᠳᠥ ᠠᠩᠬ᠎ᠠ ᠤᠳᠠᠭ᠎ᠠ ᠲᠣᠬᠢᠶᠠᠵᠤ ᠪᠤᠢ ᠲᠡᠦᠬᠡᠨ ᠦᠢᠯᠡ ᠶᠠᠪᠤᠳᠠᠯ ᠶᠤᠮ᠃

ᠰᠢᠭᠦᠬᠦ ᠶᠢ ᠵᠣᠷᠢᠭᠤᠯᠤᠯᠲᠠ ᠶᠢᠨ ᠪᠠᠶᠢᠷᠢ ᠲᠠᠢ ᠪᠣᠯᠭᠠᠬᠤ ᠠᠰᠠᠭᠤᠳᠠᠯ ᠪᠣᠯ ᠦᠨᠳᠦᠰᠦᠨ ᠬᠠᠤᠯᠢ ᠳᠤ ᠵᠢᠭᠠᠭᠰᠠᠨ ᠢᠷᠭᠡᠨ ᠦ ᠰᠢᠳᠤᠷᠭᠤ ᠰᠢᠭᠦᠬᠦ ᠪᠡᠷ ᠰᠢᠭᠦᠯᠭᠡᠬᠦ ᠡᠷᠬᠡ ᠶᠢᠨ ᠪᠠᠲᠤᠯᠠᠭ᠎ᠠ ᠶᠢ ᠬᠠᠩ᠋ᠭᠠᠬᠤ ᠨᠢᠭᠡᠨ ᠴᠢᠬᠤᠯᠠ ᠠᠯᠬᠤᠮ ᠶᠤᠮ᠃

ᠴᠢᠨᠠᠭᠰᠢᠳᠠ ᠴᠦ ᠰᠢᠭᠦᠬᠦ ᠡᠷᠬᠡ ᠮᠡᠳᠡᠯ ᠦᠨ ᠪᠠᠶᠢᠭᠤᠯᠤᠯᠭ᠎ᠠ ᠶᠢ ᠪᠡᠬᠢᠵᠢᠭᠦᠯᠬᠦ᠂ ᠲᠡᠭᠦᠨ ᠦ ᠬᠥᠷᠦᠩ᠋ᠭᠡ ᠣᠷᠤᠭᠤᠯᠤᠯᠲᠠ ᠶᠢ ᠨᠡᠮᠡᠭᠳᠡᠭᠦᠯᠬᠦ ᠳᠥ ᠲᠥᠷᠦ ᠶᠢᠨ ᠲᠡᠷᠢᠭᠦᠨ ᠪᠦᠬᠦ ᠲᠠᠯ᠎ᠠ ᠶᠢᠨ ᠳᠡᠮᠵᠢᠯᠭᠡ ᠦᠵᠡᠭᠦᠯᠦᠨ ᠠᠵᠢᠯᠯᠠᠬᠤ ᠪᠣᠯᠤᠨ᠎ᠠ᠃

ᠮᠥᠨ ᠬᠠᠤᠯᠢ ᠵᠦᠢ ᠶᠢᠨ ᠰᠠᠯᠪᠤᠷᠢ ᠳ᠋ᠠᠬᠢ ᠴᠠᠬᠢᠮ ᠰᠢᠯᠵᠢᠯᠲᠡ ᠶᠢ ᠡᠷᠴᠢᠮᠵᠢᠭᠦᠯᠬᠦ ᠴᠢᠭᠯᠡᠯ ᠳᠥ ᠰᠢᠭᠦᠬᠦ ᠡᠷᠬᠡ ᠮᠡᠳᠡᠯ ᠦᠨ ᠪᠦᠬᠦᠢ ᠯᠠ ᠪᠠᠶᠢᠭᠤᠯᠤᠯᠭ᠎ᠠ ᠨᠤᠭᠤᠳ ᠨᠢᠭᠡᠳᠦᠮᠡᠯ ᠪᠣᠳᠤᠯᠭ᠎ᠠ ᠪᠠᠷ ᠬᠠᠷᠢᠯᠴᠠᠨ ᠤᠶᠠᠯᠳᠤᠭ᠎ᠠ ᠲᠠᠢ ᠬᠠᠮᠲᠤᠷᠠᠨ ᠠᠵᠢᠯᠯᠠᠬᠤ ᠱᠠᠭᠠᠷᠳᠠᠯᠭ᠎ᠠ ᠲᠠᠢ ᠪᠠᠶᠢᠨ᠎ᠠ᠃

ᠰᠢᠭᠦᠬᠦ ᠶᠢᠨ ᠰᠢᠨᠡᠳᠬᠡᠯ ᠦᠨ ᠪᠠᠰᠠ ᠨᠢᠭᠡ ᠴᠢᠬᠤᠯᠠ ᠠᠵᠢᠯ ᠪᠣᠯ ᠰᠢᠭᠦᠨ ᠲᠠᠰᠤᠯᠬᠤ ᠠᠵᠢᠯ ᠤᠨ ᠲᠥᠷᠦᠯ ᠢᠶᠡᠷ ᠳᠠᠩᠨᠠᠭᠰᠠᠨ ᠰᠢᠭᠦᠬᠦ ᠪᠠᠶᠢᠭᠤᠯᠬᠤ ᠪᠣᠯᠤᠨ ᠲᠣᠭᠤᠷᠢᠭ ᠤᠨ ᠵᠠᠷᠴᠢᠮ ᠢᠶᠠᠷ ᠠᠵᠢᠯᠯᠠᠬᠤ ᠰᠢᠭᠦᠬᠦ ᠶᠢ ᠰᠢᠨ᠎ᠡ ᠪᠡᠷ ᠪᠠᠶᠢᠭᠤᠯᠬᠤ ᠶᠠᠪᠤᠳᠠᠯ ᠪᠠᠶᠢᠭᠰᠠᠨ ᠪᠢᠯᠡ᠃

ᠲᠡᠭᠡᠪᠡᠯ ᠡᠨᠡ ᠬᠦᠷᠢᠶᠡᠨ ᠳᠥ ᠭᠡᠷ ᠪᠦᠯᠦ᠂ ᠬᠡᠦᠬᠡᠳ ᠦᠨ ᠬᠡᠷᠡᠭ ᠢᠶᠡᠷ ᠳᠠᠩᠨᠠᠭᠰᠠᠨ ᠰᠢᠭᠦᠬᠦ ᠪᠠᠶᠢᠭᠤᠯᠬᠤ ᠪᠠᠷ ᠰᠢᠢᠳᠪᠦᠷᠢᠯᠡᠭᠰᠡᠨ ᠨᠢ ᠤᠯᠤᠰ ᠤᠨ ᠦᠨᠳᠦᠰᠦ ᠪᠣᠯᠤᠭᠰᠠᠨ ᠠᠶᠢᠯ ᠡᠷᠦᠬᠡ᠂ ᠮᠣᠩ᠋ᠭᠤᠯ ᠬᠦᠮᠦᠨ ᠦ ᠬᠥᠭ᠍ᠵᠢᠯ ᠦᠨ ᠠᠰᠠᠭᠤᠳᠠᠯ ᠳᠤ ᠲᠥᠷᠦ ᠣᠨᠴᠤᠭᠤᠶ ᠠᠩᠬᠠᠷᠴᠤ ᠪᠠᠶᠢᠭ᠎ᠠ ᠶᠢᠨ ᠢᠯᠡᠷᠬᠡᠶᠢᠯᠡᠯ ᠶᠤᠮ᠃

ᠬᠠᠷᠢᠨ ᠡᠨᠡ ᠬᠦ ᠳᠠᠩᠨᠠᠭᠰᠠᠨ ᠰᠢᠭᠦᠬᠦ ᠶᠢ ᠪᠠᠶᠢᠭᠤᠯᠬᠤ ᠳᠤ ᠴᠠᠭ ᠬᠤᠭᠤᠴᠠᠭᠠᠨ ᠳᠤ ᠰᠢᠬᠠᠭᠳᠠᠨ ᠶᠠᠭᠠᠷᠠᠬᠤ ᠪᠤᠰᠤ ᠤᠯᠠ ᠰᠠᠭᠤᠷᠢ ᠲᠠᠢ ᠰᠤᠳᠤᠯᠭ᠎ᠠ ᠬᠢᠵᠦ᠂ ᠪᠡᠯᠡᠳᠬᠡᠯ ᠢᠶᠡᠨ ᠰᠠᠶᠢᠲᠤᠷ ᠬᠠᠩ᠋ᠭᠠᠵᠤ᠂ ᠡᠷᠬᠡ ᠵᠦᠢ ᠶᠢᠨ ᠣᠷᠴᠢᠨ ᠢ ᠪᠦᠷᠢᠳᠦᠭᠦᠯᠵᠦ᠂ ᠲᠤᠷᠰᠢᠯᠭ᠎ᠠ ᠲᠠᠢ ᠰᠢᠭᠦᠭ᠍ᠴᠢ ᠨᠠᠷ ᠤᠨ ᠳᠤᠮᠳᠠ ᠠᠴᠠ ᠰᠢᠭᠦᠭ᠍ᠴᠢ ᠶᠢ ᠰᠢᠯᠢᠵᠦ ᠣᠯᠬᠤ ᠵᠠᠮ ᠢᠶᠠᠷ ᠰᠢᠭᠦᠬᠦ ᠪᠦᠷᠢᠯᠳᠦᠬᠦᠨ ᠢ ᠪᠦᠷᠢᠳᠦᠭᠦᠯᠬᠦ ᠨᠢ ᠨᠡᠩ ᠴᠢᠬᠤᠯᠠ ᠶᠤᠮ᠃

ᠮᠥᠨ ᠰᠢᠭᠦᠬᠦ ᠪᠠᠶᠢᠭᠤᠯᠬᠤ ᠲᠤᠬᠠᠶ ᠬᠠᠤᠯᠢ ᠶᠢᠨ ᠳᠠᠭᠠᠭᠤ ᠰᠢᠭᠦᠬᠦ ᠶᠢᠨ ᠵᠣᠬᠢᠶᠠᠨ ᠪᠠᠶᠢᠭᠤᠯᠤᠯᠲᠠ ᠥᠭᠡᠷᠡᠴᠢᠯᠡᠭᠳᠡᠵᠦ᠂ ᠡᠷᠡᠭᠦᠦ᠂ ᠢᠷᠭᠡᠨ ᠦ ᠬᠡᠷᠡᠭ ᠦᠨ ᠬᠢᠯᠪᠠᠷ ᠠᠵᠢᠯᠯᠠᠭᠠᠨ ᠤ ᠳᠠᠩᠨᠠᠭᠰᠠᠨ ᠰᠢᠭᠦᠬᠦ ᠪᠠᠶᠢᠭᠤᠯᠤᠭᠳᠠᠭᠰᠠᠨ ᠢᠶᠠᠷ ᠢᠷᠭᠡᠳ ᠮᠡᠷᠭᠡᠰᠢᠭᠰᠡᠨ ᠰᠢᠭᠦᠬᠦ ᠶᠢᠨ ᠦᠢᠯᠡᠴᠢᠯᠡᠭᠡ ᠶᠢ ᠢᠯᠡᠭᠦᠦ ᠣᠶᠢᠷ᠎ᠠ ᠠᠴᠠ᠂ ᠰᠢᠭᠤᠷᠬᠠᠶ ᠠᠪᠬᠤ ᠪᠣᠯᠤᠮᠵᠢ ᠨᠡᠮᠡᠭᠳᠡᠭᠰᠡᠨ᠃

ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ ᠤᠯᠤᠰ ᠤᠨ ᠳᠡᠭᠡᠳᠦ ᠰᠢᠭᠦᠬᠦ ᠡᠴᠡ ᠬᠡᠷᠡᠭ ᠢ ᠬᠢᠨᠠᠯᠲᠠ ᠶᠢᠨ ᠵᠢᠷᠤᠮ ᠢᠶᠠᠷ ᠰᠢᠢᠳᠪᠦᠷᠢᠯᠡᠬᠦ ᠳᠥ ᠪᠡᠨ ᠭᠠᠭᠴᠠ ᠬᠦ ᠬᠠᠤᠯᠢ ᠳᠤ ᠵᠢᠭᠠᠭᠰᠠᠨ ᠦᠨᠳᠦᠰᠦᠯᠡᠯ ᠪᠦᠬᠦᠢ ᠭᠣᠮᠤᠳᠠᠯ ᠢ ᠬᠦᠯᠢᠶᠡᠨ ᠠᠪᠳᠠᠭ ᠪᠣᠯᠤᠭᠰᠠᠨ ᠢᠶᠠᠷ ᠠᠩᠬᠠᠨ ᠪᠣᠯᠤᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠶᠢᠨ ᠡᠷᠬᠡ ᠬᠡᠮᠵᠢᠶ᠎ᠡ᠂ ᠠᠴᠢ ᠬᠣᠯᠪᠤᠭᠳᠠᠯ ᠦᠯᠡᠮᠵᠢ ᠨᠡᠮᠡᠭᠳᠡᠭᠰᠡᠨ ᠬᠡᠮᠡᠨ ᠡᠷᠳᠡᠮᠲᠡᠨ᠂ ᠰᠤᠳᠤᠯᠤᠭᠠᠴᠢᠳ ᠳ᠋ᠦᠩᠨᠡᠵᠦ ᠪᠠᠶᠢᠨ᠎ᠠ᠃

ᠴᠢᠨᠠᠭᠰᠢᠳᠠ ᠰᠢᠭᠦᠭ᠍ᠴᠢ ᠲᠠ ᠪᠦᠬᠦᠨ ᠬᠠᠤᠯᠢ ᠬᠡᠷᠡᠭᠯᠡᠭᠡᠨ ᠦ ᠨᠢᠭᠡᠳᠦᠮᠡᠯ ᠪᠠᠶᠢᠳᠠᠯ ᠢ ᠬᠠᠩ᠋ᠭᠠᠬᠤ ᠮᠧᠬᠠᠨᠢᠰᠮ ᠤᠨ ᠦᠷ᠎ᠡ ᠨᠥᠯᠦᠭᠡ ᠶᠢ ᠳᠡᠭᠡᠭ᠍ᠰᠢᠯᠠᠭᠦᠯᠬᠦ᠂ ᠬᠠᠤᠯᠢ ᠵᠦᠢ ᠶᠢᠨ ᠫᠷᠣᠼᠧᠰᠰ ᠤᠨ ᠰᠢᠨᠡᠴᠢᠯᠡᠯ ᠳᠥ ᠣᠨᠴᠠᠭᠠᠶᠢᠯᠠᠨ ᠠᠩᠬᠠᠷᠬᠤ ᠱᠠᠭᠠᠷᠳᠠᠯᠭ᠎ᠠ ᠲᠠᠢ ᠪᠠᠶᠢᠨ᠎ᠠ᠃

ᠮᠥᠨ ᠰᠢᠭᠦᠭ᠍ᠴᠢ ᠶᠢᠨ ᠠᠵᠢᠯ ᠤᠨ ᠠᠴᠢᠶᠠᠯᠠᠯ ᠨᠢ ᠰᠢᠭᠦᠬᠦ ᠶᠢᠨ ᠰᠶᠢᠳᠪᠦᠷᠢ ᠶᠢᠨ ᠴᠢᠨᠠᠷ᠂ ᠰᠢᠭᠦᠭ᠍ᠴᠢ ᠶᠢᠨ ᠠᠵᠢᠯ᠂ ᠠᠮᠢᠳᠤᠷᠠᠯ ᠤᠨ ᠲᠡᠩᠴᠡᠪᠦᠷᠢᠲᠦ ᠪᠠᠶᠢᠳᠠᠯ᠂ ᠡᠷᠡᠭᠦᠯ ᠮᠡᠨᠳᠦ᠂ ᠰᠡᠳᠬᠢᠯ ᠵᠦᠢ ᠵᠡᠷᠭᠡ ᠳᠥ ᠰᠥᠷᠭᠦ ᠪᠡᠷ ᠨᠥᠯᠦᠭᠡᠯᠡᠳᠡᠭ ᠪᠣᠯᠬᠤ ᠶᠢ ᠣᠯᠠᠨ ᠤᠯᠤᠰ ᠤᠨ ᠪᠣᠯᠤᠨ ᠮᠠᠨ ᠤ ᠡᠷᠳᠡᠮᠲᠡᠨ ᠰᠤᠳᠤᠯᠤᠭᠠᠴᠢᠳ ᠤᠨ ᠰᠤᠳᠤᠯᠭ᠎ᠠ ᠨᠤᠭᠤᠳ ᠬᠠᠷᠠᠭᠤᠯᠳᠠᠭ᠃

ᠲᠡᠶᠢᠮᠦ ᠡᠴᠡ ᠬᠡᠷᠡᠭ ᠮᠠᠷᠭᠤᠭᠠᠨ ᠤ ᠲᠣᠭ᠎ᠠ ᠢᠢᠨ ᠦᠵᠡᠭᠦᠯᠦᠯᠲᠡ᠂ ᠬᠡᠷᠡᠭ ᠦᠨ ᠲᠥᠷᠦᠯ᠂ ᠰᠢᠨᠵᠢ ᠪᠠᠶᠢᠳᠠᠯ ᠲᠠᠢ ᠤᠶᠠᠯᠳᠤᠭᠤᠯᠤᠨ ᠰᠢᠭᠦᠭ᠍ᠴᠢ ᠶᠢᠨ ᠣᠷᠤᠨ ᠲᠣᠭ᠎ᠠ ᠶᠢ ᠤᠶᠠᠨ ᠬᠠᠲᠤᠨ ᠵᠣᠬᠢᠴᠠᠭᠤᠯᠬᠤ ᠠᠰᠠᠭᠤᠳᠠᠯ ᠢ ᠡᠷᠬᠡ ᠵᠦᠢ ᠶᠢᠨ ᠪᠣᠯᠤᠨ ᠵᠣᠬᠢᠶᠠᠨ ᠪᠠᠶᠢᠭᠤᠯᠤᠯᠲᠠ ᠶᠢᠨ ᠬᠦᠷᠢᠶᠡᠨ ᠳᠥ ᠰᠢᠢᠳᠪᠦᠷᠢᠯᠡᠵᠦ᠂ ᠰᠢᠭᠦᠭ᠍ᠴᠢ ᠶᠢᠨ ᠠᠵᠢᠯ ᠤᠨ ᠠᠴᠢᠶᠠᠯᠠᠯ ᠢ ᠲᠡᠩᠴᠡᠪᠦᠷᠢᠵᠢᠭᠦᠯᠬᠦ᠂ ᠡᠷᠡᠭᠦᠯ ᠮᠡᠨᠳᠦ ᠶᠢ ᠨᠢ ᠬᠠᠮᠠᠭᠠᠯᠠᠬᠤ ᠠᠰᠠᠭᠤᠳᠠᠯ ᠢ ᠰᠤᠳᠤᠯᠤᠨ ᠦᠵᠡᠵᠦ᠂ ᠱᠠᠭᠠᠷᠳᠠᠯᠭ᠎ᠠ ᠲᠠᠢ ᠬᠠᠤᠯᠢ ᠲᠣᠭᠲᠠᠭᠠᠮᠵᠢ ᠳᠤ ᠨᠡᠮᠡᠯᠲᠡ᠂ ᠥᠭᠡᠷᠡᠴᠢᠯᠡᠯᠲᠡ ᠣᠷᠤᠭᠤᠯᠬᠤ ᠨᠢ ᠵᠦᠢ ᠲᠡᠢ᠃

ᠳᠡᠭᠡᠷᠡᠬᠢ ᠰᠢᠭᠦᠬᠦ ᠶᠢᠨ ᠰᠢᠨᠡᠳᠬᠡᠯ ᠢ ᠤᠯᠠᠮ ᠪᠦᠷᠢ ᠭᠦᠨᠵᠡᠭᠡᠶᠢᠷᠡᠭᠦᠯᠬᠦ ᠳᠥ ᠳᠡᠭᠡᠳᠦ ᠰᠢᠭᠦᠬᠦ᠂ ᠰᠢᠭᠦᠬᠦ ᠶᠢᠨ ᠶᠡᠷᠦᠩᠬᠡᠶ ᠵᠥᠪᠯᠡᠯ᠂ ᠰᠢᠭᠦᠬᠦ ᠶᠢᠨ ᠰᠠᠬᠢᠯᠭ᠎ᠠ ᠶᠢᠨ ᠬᠣᠷᠢᠶᠠᠨ ᠤ ᠬᠠᠮᠲᠤ ᠶᠢᠨ ᠠᠵᠢᠯᠯᠠᠭ᠎ᠠ᠂ ᠬᠠᠷᠢᠯᠴᠠᠨ ᠣᠶᠢᠯᠠᠭᠠᠯᠴᠠᠯ᠂ ᠨᠢᠭᠡᠳᠦᠮᠡᠯ ᠵᠣᠷᠢᠯᠭ᠎ᠠ ᠨᠡᠩ ᠴᠢᠬᠤᠯᠠ ᠶᠤᠮ᠃

ᠰᠢᠭᠦᠬᠦ ᠪᠣᠯᠤᠨ ᠰᠢᠭᠦᠬᠦ ᠶᠢᠨ ᠵᠠᠬᠢᠷᠭᠠᠨ ᠤ ᠪᠠᠶᠢᠭᠤᠯᠤᠯᠭ᠎ᠠ ᠨᠢ ᠰᠢᠭᠦᠬᠦ ᠡᠷᠬᠡ ᠮᠡᠳᠡᠯ ᠭᠡᠰᠡᠨ ᠨᠢᠭᠡᠨ ᠳᠡᠭᠡᠪᠦᠷ ᠳᠣᠣᠷ᠎ᠠ ᠬᠠᠮᠲᠤ ᠳᠤ ᠪᠠᠨ ᠵᠡᠷᠭᠡᠴᠡᠨ ᠣᠷᠤᠰᠢᠳᠠᠭ ᠤᠴᠢᠷ ᠠᠴᠠ ᠬᠠᠤᠯᠢ ᠳᠤ ᠵᠢᠭᠠᠭᠰᠠᠨ ᠬᠦᠷᠢᠶᠡᠨ ᠳᠥ ᠵᠥᠪ᠂ ᠵᠣᠬᠢᠰ ᠲᠠᠢ ᠬᠡᠯᠪᠡᠷᠢ ᠪᠡᠷ ᠬᠠᠮᠲᠤᠷᠠᠨ ᠠᠵᠢᠯᠯᠠᠵᠤ᠂ ᠰᠢᠭᠦᠬᠦ ᠪᠠᠶᠢᠭᠤᠯᠤᠯᠭ᠎ᠠ ᠶᠢ ᠪᠡᠬᠢᠵᠢᠭᠦᠯᠬᠦ ᠦᠢᠯᠡ ᠬᠡᠷᠡᠭ ᠲᠥ ᠨᠢᠭᠡᠨ ᠰᠡᠳᠬᠢᠯ ᠢᠶᠡᠷ ᠵᠢᠳᠬᠦᠬᠦ ᠶᠠᠪᠤᠳᠠᠯ ᠨᠡᠩ ᠴᠢᠬᠤᠯᠠ ᠭᠡᠳᠡᠭ ᠢ ᠣᠨᠴᠠᠯᠠᠨ ᠠᠩᠬᠠᠷᠤᠭᠤᠯᠵᠤ ᠪᠠᠶᠢᠨ᠎ᠠ᠃

ᠡᠷᠬᠢᠮ ᠬᠦᠨᠳᠦᠲᠦ ᠰᠢᠭᠦᠭᠴᠢᠳ ᠡ᠂

ᠰᠢᠭᠦᠭ᠍ᠴᠢ ᠲᠠ ᠪᠦᠬᠦᠨ ᠮᠣᠩ᠋ᠭᠤᠯ ᠤᠯᠤᠰ ᠤᠨ ᠨᠡᠷ᠎ᠡ ᠶᠢᠨ ᠡᠮᠦᠨ᠎ᠡ ᠡᠴᠡ ᠰᠶᠢᠳᠪᠦᠷᠢ ᠭᠠᠷᠭᠠᠳᠠᠭ ᠮᠣᠩ᠋ᠭᠤᠯ ᠲᠥᠷᠦ ᠶᠢᠨ ᠰᠢᠳᠤᠷᠭᠤ ᠶᠣᠰᠤᠨ ᠤ ᠭᠤᠶᠢᠪᠢᠰᠢ ᠦᠭᠡᠢ ᠭᠠᠩ ᠪᠠᠲᠤ ᠪᠠᠭᠠᠨ᠎ᠠ ᠪᠢᠯᠡ᠃

ᠢᠷᠭᠡᠳ᠂ ᠣᠯᠠᠨ ᠨᠡᠶᠢᠲᠡ ᠶᠢᠨ ᠵᠦᠭ ᠡᠴᠡ ᠰᠢᠭᠦᠬᠦ ᠡᠷᠬᠡ ᠮᠡᠳᠡᠯ ᠡᠴᠡ ᠢᠮᠠᠭᠲᠠ ᠬᠦᠰᠡᠨ ᠬᠦᠯᠢᠶᠡᠵᠦ᠂ ᠱᠠᠭᠠᠷᠳᠠᠳᠠᠭ ᠵᠦᠢᠯ ᠪᠣᠯ ᠰᠢᠳᠤᠷᠭᠤ ᠶᠣᠰᠤ᠂ ᠶᠣᠰᠤ ᠵᠦᠢ᠂ ᠰᠠᠬᠢᠯᠭ᠎ᠠ᠂ ᠬᠠᠷᠢᠭᠤᠴᠠᠯᠭ᠎ᠠ ᠶᠤᠮ᠃

ᠬᠠᠤᠯᠢ ᠵᠦᠢ ᠶᠢᠨ ᠬᠠᠷᠢᠭᠤᠴᠠᠯᠭ᠎ᠠ ᠳᠤ ᠬᠥᠭᠡᠭᠡᠨ ᠬᠡᠯᠡᠯᠴᠡᠬᠦ ᠬᠤᠭᠤᠴᠠᠭ᠎ᠠ ᠦᠢᠯᠡᠴᠢᠯᠡᠳᠡᠭ ᠪᠣᠯ ᠬᠠᠷᠢᠨ ᠶᠣᠰᠤ ᠵᠦᠢ ᠶᠢᠨ ᠬᠠᠷᠢᠭᠤᠴᠠᠯᠭ᠎ᠠ ᠳᠤ ᠬᠥᠭᠡᠭᠡᠨ ᠬᠡᠯᠡᠯᠴᠡᠬᠦ ᠬᠤᠭᠤᠴᠠᠭ᠎ᠠ ᠦᠢᠯᠡᠴᠢᠯᠡᠳᠡᠭ ᠦᠭᠡᠢ ᠭᠡᠳᠡᠭ ᠢ ᠰᠢᠭᠦᠭ᠍ᠴᠢ ᠲᠠ ᠪᠦᠬᠦᠨ ᠢᠮᠠᠭᠲᠠ ᠤᠬᠠᠮᠰᠠᠷᠯᠠᠵᠤ᠂ ᠦᠢᠯᠡ ᠬᠡᠷᠡᠭ ᠲᠥ ᠪᠡᠨ ᠴᠢᠩᠳᠠ ᠮᠥᠷᠳᠡᠵᠦ ᠠᠵᠢᠯᠯᠠᠬᠤ ᠤᠴᠢᠷ ᠲᠠᠢ᠃

ᠰᠢᠭᠦᠬᠦ ᠡᠷᠬᠡ ᠮᠡᠳᠡᠯ ᠪᠣᠯ ᠶᠠᠳᠠᠷᠠᠭᠰᠠᠨ ᠢᠷᠭᠡᠨ ᠦ ᠨᠠᠶᠢᠳᠠᠬᠤ ᠰᠡᠭᠦᠯᠴᠢ ᠶᠢᠨ ᠵᠣᠭᠰᠤᠭᠠᠯ᠂ ᠵᠠᠳᠠᠷᠠᠭᠰᠠᠨ ᠢ ᠨᠢ ᠵᠠᠰᠠᠭᠯᠠᠬᠤ ᠲᠥᠷᠦ ᠶᠢᠨ ᠬᠠᠤᠯᠢ ᠴᠠᠭᠠᠵᠠ ᠶᠢᠨ ᠲᠠᠰᠢᠭᠤᠷ ᠶᠤᠮ᠃

ᠲᠡᠶᠢᠮᠦ ᠡᠴᠡ ᠮᠣᠩ᠋ᠭᠤᠯ ᠲᠥᠷᠦ ᠶᠢᠨ ᠰᠢᠭᠦᠭ᠍ᠴᠢ ᠲᠠ ᠥᠩ᠋ᠭᠡᠨ ᠦ ᠰᠦᠷ᠂ ᠮᠥᠩ᠋ᠭᠦᠨ ᠦ ᠰᠡᠭᠦᠳᠡᠷ ᠲᠥ ᠪᠥᠬᠦᠶᠢᠬᠦ ᠶᠣᠰᠤ ᠦᠭᠡᠢ᠃ ᠮᠣᠩ᠋ᠭᠤᠯ ᠲᠥᠷᠦ ᠶᠢᠨ ᠰᠢᠭᠦᠭ᠍ᠴᠢ ᠲᠠ ᠤᠯᠤᠰ ᠲᠥᠷᠦ᠂ ᠪᠢᠽᠢᠨᠧᠰ ᠦᠨ ᠢᠪᠴᠤᠤ ᠠᠰᠢᠭ ᠰᠣᠨᠢᠷᠬᠠᠯ ᠳᠤ ᠦᠢᠯᠡᠴᠢᠯᠡᠨ᠂ ᠤᠯᠤᠰ ᠣᠷᠤᠨ ᠤ ᠪᠠᠨ ᠢᠵᠠᠭᠤᠷ ᠡᠷᠬᠡ ᠠᠰᠢᠭ ᠠᠴᠠ ᠬᠡᠵᠢᠶ᠎ᠡ ᠴᠦ ᠤᠷᠪᠠᠵᠤ ᠪᠣᠯᠬᠤ ᠦᠭᠡᠢ᠃

ᠮᠣᠩ᠋ᠭᠤᠯ ᠤᠯᠤᠰ ᠤᠨ ᠢᠵᠠᠭᠤᠷ ᠡᠷᠬᠡ᠂ ᠠᠰᠢᠭ ᠰᠣᠨᠢᠷᠬᠠᠯ ᠭᠡᠵᠦ ᠪᠠᠶᠢᠬᠤ ᠠᠴᠠ ᠪᠠᠶᠢᠭᠤᠯᠤᠯᠭ᠎ᠠ ᠶᠢᠨ ᠠᠰᠢᠭ ᠰᠣᠨᠢᠷᠬᠠᠯ ᠭᠡᠵᠦ ᠬᠡᠷᠬᠢᠪᠡᠴᠦ ᠪᠠᠶᠢᠬᠤ ᠤᠴᠢᠷ ᠦᠭᠡᠢ᠃

ᠰᠢᠭᠦᠭ᠍ᠴᠢ ᠲᠠ ᠪᠦᠬᠦᠨ ᠬᠡᠨ ᠨᠢᠭᠡᠨ ᠦ ᠳᠠᠷᠤᠮᠲᠠ ᠰᠢᠬᠠᠯᠲᠠ ᠪᠠᠷ᠂ ᠭᠡᠮ᠎ᠡ ᠦᠭᠡᠢ ᠨᠢᠭᠡᠨ ᠢ ᠬᠡᠯᠮᠡᠭᠳᠡᠭᠦᠯᠵᠦ ᠪᠣᠯᠬᠤ ᠦᠭᠡᠢ᠂ ᠭᠡᠮᠲᠦ ᠡᠲᠡᠭᠡᠳ ᠢ ᠶᠠᠯ᠎ᠠ ᠵᠠᠪᠰᠢᠭᠤᠯᠵᠤ ᠪᠣᠯᠬᠤ ᠦᠭᠡᠢ ᠭᠡᠳᠡᠭ ᠢ ᠢᠮᠠᠭᠲᠠ ᠰᠠᠨᠠᠵᠤ ᠶᠠᠪᠤᠬᠤ ᠶᠢ ᠳᠠᠬᠢᠨ ᠰᠠᠨᠠᠭᠤᠯᠤᠨ ᠬᠡᠯᠡᠶ ᠡ᠃

ᠥᠨᠳᠦᠷ ᠶᠣᠰᠤ ᠵᠦᠢ ᠲᠡᠢ᠂ ᠮᠡᠷᠭᠡᠵᠢᠯ ᠦᠨ ᠤᠷ᠎ᠠ ᠴᠢᠳᠠᠪᠤᠷᠢ ᠲᠠᠢ᠂ ᠠᠰᠢᠭ ᠰᠣᠨᠢᠷᠬᠠᠯ ᠤᠨ ᠵᠥᠷᠢᠴᠡᠯ ᠡᠴᠡ ᠠᠩ᠋ᠭᠢᠳᠠ ᠰᠢᠭᠦᠭ᠍ᠴᠢ ᠯᠠ ᠬᠦᠮᠦᠨ ᠦ ᠡᠷᠬᠡ᠂ ᠡᠷᠬᠡ ᠴᠢᠯᠦᠭᠡ᠂ ᠰᠢᠳᠤᠷᠭᠤ ᠶᠣᠰᠤ᠂ ᠬᠠᠤᠯᠢ ᠶᠢ ᠳᠡᠭᠡᠳᠦᠯᠡᠨ ᠬᠠᠮᠠᠭᠠᠯᠠᠵᠤ᠂ ᠬᠡᠷᠡᠭ᠂ ᠮᠠᠷᠭᠤᠭᠠᠨ ᠢ ᠬᠡᠨ ᠡᠴᠡ ᠴᠦ ᠬᠠᠷᠠᠭᠠᠲᠤ ᠪᠤᠰᠤ ᠪᠠᠷ ᠰᠢᠢᠳᠪᠦᠷᠢᠯᠡᠵᠦ ᠴᠢᠳᠠᠨ᠎ᠠ᠃

ᠮᠣᠩ᠋ᠭᠤᠯ ᠤᠯᠤᠰ ᠤᠨ ᠦᠨᠳᠦᠰᠦᠨ ᠬᠠᠤᠯᠢ᠂ ᠰᠢᠭᠦᠬᠦ ᠶᠢᠨ ᠲᠤᠬᠠᠶ ᠬᠠᠤᠯᠢ ᠰᠢᠭᠦᠬᠦ ᠶᠢᠨ ᠰᠠᠬᠢᠯᠭ᠎ᠠ ᠶᠢᠨ ᠬᠣᠷᠢᠶᠠᠨ ᠤ ᠴᠢᠭ᠌ ᠡᠭᠦᠷᠭᠡ ᠶᠢ ᠲᠣᠳᠤᠷᠬᠠᠶᠢᠯᠠᠵᠤ᠂ ᠰᠢᠭᠦᠭ᠍ᠴᠢᠳ ᠰᠠᠬᠢᠯᠭ᠎ᠠ᠂ ᠬᠠᠷᠢᠭᠤᠴᠠᠯᠭ᠎ᠠ ᠶᠢ ᠪᠡᠶ᠎ᠡ ᠳᠠᠭᠠᠭᠠᠨ ᠲᠣᠭᠠᠴᠠᠵᠤ ᠴᠢᠳᠠᠳᠠᠭ ᠪᠣᠯᠤᠭᠰᠠᠨ ᠨᠢ ᠰᠢᠭᠦᠬᠦ ᠶᠢᠨ ᠰᠢᠨᠡᠳᠬᠡᠯ ᠦᠨ ᠰᠠᠯᠤᠰᠢ ᠦᠭᠡᠢ ᠨᠢᠭᠡ ᠬᠡᠰᠡᠭ ᠶᠤᠮ᠃

ᠬᠡᠳᠦᠢ ᠪᠡᠷ ᠡᠨᠡ ᠢᠨ᠋ᠰᠲ᠋ᠢᠲ᠋ᠦ᠋ᠼ ᠰᠢᠭᠦᠬᠦ ᠡᠷᠬᠡ ᠮᠡᠳᠡᠯ ᠦᠨ ᠲᠣᠭᠲᠠᠯᠴᠠᠭᠠᠨ ᠤ ᠬᠤᠪᠢ ᠳᠤ ᠴᠣ᠋ ᠰᠢᠨ᠎ᠡ ᠪᠢᠰᠢ ᠪᠣᠯᠪᠠᠴᠤ ᠦᠨᠳᠦᠰᠦᠨ ᠬᠠᠤᠯᠢ ᠳᠤ ᠲᠤᠰᠬᠠᠶᠢᠯᠠᠨ ᠵᠢᠭᠠᠵᠤ᠂ ᠦᠨᠳᠦᠰᠦᠨ ᠬᠠᠤᠯᠢ ᠶᠢᠨ ᠪᠠᠶᠢᠭᠤᠯᠤᠯᠭ᠎ᠠ ᠪᠣᠯᠭᠤᠭᠰᠠᠨ ᠨᠢ ᠰᠢᠭᠦᠭ᠍ᠴᠢ ᠶᠢᠨ ᠶᠣᠰᠤ ᠵᠦᠢ᠂ ᠰᠠᠬᠢᠯᠭ᠎ᠠ᠂ ᠬᠠᠷᠢᠭᠤᠴᠠᠯᠭ᠎ᠠ ᠳᠤ ᠲᠠᠯᠪᠢᠵᠤ ᠪᠤᠢ ᠨᠡᠶᠢᠭᠡᠮ ᠦᠨ ᠬᠦᠰᠡᠮᠵᠢᠯᠠᠯ ᠪᠠᠶᠢᠭᠰᠠᠨ᠃

ᠰᠢᠭᠦᠭ᠍ᠴᠢᠳ ᠬᠠᠷᠢᠭᠤᠴᠠᠯᠭ᠎ᠠ ᠲᠣᠭᠠᠴᠠᠳᠠᠭ ᠮᠧᠬᠠᠨᠢᠰᠮ ᠬᠠᠤᠯᠢ ᠶᠢᠨ ᠬᠦᠷᠢᠶᠡᠨ ᠳᠥ᠂ ᠦᠷ᠎ᠡ ᠳ᠋ᠦᠩ ᠲᠡᠢ ᠠᠵᠢᠯᠯᠠᠵᠤ ᠪᠠᠶᠢᠵᠤ ᠰᠠᠶᠢ ᠰᠢᠭᠦᠬᠦ ᠵᠠᠰᠠᠭᠯᠠᠯ ᠥᠪᠡᠷ ᠢᠶᠡᠨ ᠥᠪᠡᠷ ᠢ ᠪᠡᠨ ᠴᠡᠪᠡᠷᠰᠢᠭᠦᠯᠵᠦ᠂ ᠶᠣᠰᠤ ᠵᠦᠢ ᠦᠭᠡᠢ᠂ ᠭᠡᠮᠲᠦ ᠬᠡᠷᠡᠭ ᠦᠢᠯᠡᠳᠦᠭᠰᠡᠨ ᠨᠢᠭᠡᠨ ᠡᠴᠡ ᠪᠡᠨ ᠰᠠᠯᠵᠤ ᠴᠢᠳᠠᠨ᠎ᠠ᠃

ᠰᠢᠭᠦᠬᠦ ᠶᠢᠨ ᠰᠠᠬᠢᠯᠭ᠎ᠠ ᠶᠢᠨ ᠬᠣᠷᠢᠶ᠎ᠠ ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ 1.500 ᠭᠠᠷᠤᠶ ᠡᠷᠭᠦᠳᠡᠯ᠂ ᠮᠡᠳᠡᠭᠡᠯᠡᠯ ᠬᠦᠯᠢᠶᠡᠨ ᠠᠪᠴᠤ ᠬᠢᠨᠠᠨ 51 ᠲᠣᠬᠢᠶᠠᠯᠳᠤᠯ ᠳᠤ ᠰᠠᠬᠢᠯᠭ᠎ᠠ ᠶᠢᠨ ᠰᠢᠳᠬᠡᠯ ᠣᠨᠤᠭᠳᠠᠭᠤᠯᠤᠭᠰᠠᠨ ᠪᠠᠶᠢᠬᠤ ᠪᠥᠭᠡᠳ ᠡᠳᠡᠭᠡᠷ ᠡᠴᠡ ᠳᠥᠷᠪᠡᠨ ᠰᠢᠭᠦᠭ᠍ᠴᠢ ᠶᠢ ᠣᠭᠴᠤᠷᠤᠭᠤᠯᠤᠭᠰᠠᠨ ᠪᠠᠶᠢᠨ᠎ᠠ᠃

ᠰᠠᠬᠢᠯᠭ᠎ᠠ ᠶᠢᠨ ᠬᠣᠷᠢᠶ᠎ᠠ ᠬᠡᠷᠬᠢᠨ ᠰᠢᠳᠤᠷᠭᠤ ᠠᠵᠢᠯᠯᠠᠬᠤ ᠠᠴᠠ ᠰᠢᠭᠦᠬᠦ ᠶᠢᠨ ᠨᠡᠷ᠎ᠡ ᠬᠦᠨᠳᠦ᠂ ᠰᠢᠭᠦᠬᠦ ᠳᠥ ᠢᠲᠡᠭᠡᠬᠦ ᠢᠷᠭᠡᠳ ᠦᠨ ᠢᠲᠡᠭᠡᠯ ᠬᠠᠮᠢᠶᠠᠷᠬᠤ ᠪᠥᠭᠡᠳ ᠦᠨᠡᠨ ᠮᠥᠨ ᠢ ᠳᠡᠩᠰᠡᠯᠡᠳᠡᠭ᠂ ᠰᠢᠳᠤᠷᠭᠤ ᠶᠣᠰᠤ ᠶᠢ ᠲᠣᠭᠲᠠᠭᠠᠳᠠᠭ ᠰᠢᠭᠦᠬᠦ ᠡᠷᠬᠡ ᠮᠡᠳᠡᠯ ᠦᠨ ᠪᠠᠰᠠ ᠨᠢᠭᠡᠨ ᠳᠠᠷᠬᠠᠯᠠᠭ᠎ᠠ ᠰᠠᠬᠢᠯᠭ᠎ᠠ ᠶᠢᠨ ᠬᠣᠷᠢᠶ᠎ᠠ ᠪᠣᠯᠵᠤ ᠪᠤᠢ ᠭᠡᠳᠡᠭ ᠢ ᠰᠢᠭᠦᠭ᠍ᠴᠢ ᠲᠠ ᠪᠦᠬᠦᠨ ᠴᠦ ᠪᠠᠰᠠ ᠣᠶᠢᠯᠠᠭᠠᠵᠤ ᠪᠤᠢ ᠪᠢᠵᠡ ᠡ᠃

ᠲᠡᠭᠦᠨᠴᠢᠯᠡᠨ ᠰᠢᠭᠦᠬᠦ ᠶᠢᠨ ᠦᠢᠯᠡ ᠠᠵᠢᠯᠯᠠᠭ᠎ᠠ ᠣᠯᠠᠨ ᠨᠡᠶᠢᠲᠡ ᠳᠥ ᠨᠡᠭᠡᠭᠡᠯᠲᠡ ᠲᠡᠢ ᠪᠠᠶᠢᠬᠤ ᠨᠢ ᠰᠢᠭᠦᠬᠦ ᠳᠥ ᠢᠲᠡᠭᠡᠬᠦ ᠢᠷᠭᠡᠳ ᠦᠨ ᠢᠲᠡᠭᠡᠯ ᠳᠥ ᠴᠢᠬᠤᠯᠠ ᠦᠷ᠎ᠡ ᠨᠥᠯᠦᠭᠡ ᠲᠡᠢ ᠪᠥᠭᠡᠳ ᠲᠠ ᠪᠦᠬᠦᠨ ᠦ ᠠᠩᠬᠠᠷᠬᠤ ᠪᠠᠰᠠ ᠨᠢᠭᠡ ᠴᠢᠬᠤᠯᠠ ᠵᠦᠢᠯ ᠪᠣᠯ ᠰᠢᠭᠦᠬᠦ ᠶᠢᠨ ᠨᠡᠭᠡᠭᠡᠯᠲᠡ ᠲᠡᠢ᠂ ᠢᠯᠡ ᠲᠣᠳᠤ᠂ ᠲᠦᠷᠭᠡᠨ ᠰᠢᠭᠤᠷᠬᠠᠶ ᠪᠠᠶᠢᠳᠠᠯ ᠶᠤᠮ᠃

ᠢᠯᠠᠩ᠋ᠭᠤᠶ᠎ᠠ ᠣᠯᠠᠨ ᠤ ᠠᠩᠬᠠᠷᠤᠯ ᠲᠠᠲᠠᠭᠰᠠᠨ᠂ ᠨᠡᠶᠢᠭᠡᠮ ᠢ ᠴᠣᠴᠢᠷᠠᠭᠠᠭᠰᠠᠨ ᠬᠡᠷᠡᠭ ᠦᠨ ᠲᠠᠯ᠎ᠠ ᠪᠠᠷ ᠪᠣᠳᠠᠲᠤ ᠮᠡᠳᠡᠭᠡᠯᠡᠯ ᠢ ᠬᠠᠤᠯᠢ ᠶᠢᠨ ᠬᠦᠷᠢᠶᠡᠨ ᠳᠥ ᠰᠢᠭᠤᠷᠬᠠᠶ ᠥᠭᠴᠦ᠂ ᠢᠷᠭᠡᠳ ᠦᠨ ᠡᠷᠡᠭᠡᠯᠵᠡᠭᠡ ᠶᠢ ᠪᠣᠭᠤᠨᠢ ᠬᠤᠭᠤᠴᠠᠭᠠᠨ ᠳᠤ ᠲᠠᠶᠢᠯᠵᠤ ᠪᠠᠶᠢᠬᠤ ᠬᠡᠷᠡᠭ ᠲᠡᠢ᠃

ᠰᠢᠭᠦᠬᠦ ᠬᠠᠪᠲᠠᠰᠤᠲᠤ ᠬᠡᠷᠡᠭ ᠲᠡᠢ ᠪᠢᠰᠢ᠂ ᠬᠦᠮᠦᠨ ᠲᠡᠢ ᠠᠵᠢᠯᠯᠠᠳᠠᠭ ᠭᠡᠳᠡᠭ ᠢ ᠰᠠᠨᠠᠵᠤ᠂ ᠰᠢᠭᠦᠬᠦ ᠡᠷᠬᠡ ᠮᠡᠳᠡᠯ ᠦᠨ ᠠᠵᠢᠯ ᠤᠨ ᠦᠷ᠎ᠡ ᠳ᠋ᠦᠩ ᠢ ᠬᠡᠮᠵᠢᠬᠦ ᠭᠣᠣᠯ ᠬᠡᠮᠵᠢᠭᠦᠷ ᠪᠣᠯ ᠰᠢᠭᠦᠬᠦ ᠶᠢᠨ ᠰᠶᠢᠳᠪᠦᠷᠢ ᠶᠢᠨ ᠦᠨᠳᠦᠰᠦᠯᠡᠯ᠂ ᠲᠡᠭᠦᠨ ᠢ ᠵᠥᠪ ᠲᠠᠶᠢᠯᠪᠤᠷᠢᠯᠠᠨ ᠬᠦᠷᠭᠡᠬᠦ ᠶᠤᠮ ᠭᠡᠳᠡᠭ ᠢ ᠢᠮᠠᠭᠲᠠ ᠰᠠᠨᠠᠵᠤ ᠠᠵᠢᠯᠯᠠᠬᠤ ᠤᠴᠢᠷ ᠲᠠᠢ᠃

ᠢᠷᠭᠡᠳ ᠰᠢᠳᠤᠷᠭᠤ ᠰᠢᠭᠦᠬᠦ ᠪᠡᠷ ᠰᠢᠭᠦᠯᠭᠡᠬᠦ᠂ ᠬᠠᠤᠯᠢ᠂ ᠰᠢᠭᠦᠬᠦ ᠶᠢᠨ ᠡᠮᠦᠨ᠎ᠡ ᠡᠷᠬᠡ ᠲᠡᠭᠰᠢ ᠪᠠᠶᠢᠬᠤ ᠦᠨᠳᠦᠰᠦᠨ ᠬᠠᠤᠯᠢ ᠶᠢᠨ ᠵᠢᠭᠠᠯᠲᠠ ᠶᠢᠨ ᠬᠡᠷᠡᠭᠵᠢᠯᠲᠡ᠂ ᠬᠠᠤᠯᠢ ᠬᠡᠷᠡᠭᠯᠡᠭᠡᠨ ᠦ ᠨᠢᠭᠡᠳᠦᠮᠡᠯ ᠪᠠᠶᠢᠳᠠᠯ ᠴᠦ ᠡᠭᠦᠨ ᠡᠴᠡ ᠰᠢᠭᠤᠳ ᠬᠠᠮᠢᠶᠠᠷᠤᠨ᠎ᠠ᠃

ᠮᠥᠨ ᠰᠢᠭᠦᠭ᠍ᠴᠢ ᠬᠦᠮᠦᠨ ᠥᠪᠡᠷ ᠦᠨ ᠮᠡᠳᠡᠯᠭᠡ᠂ ᠤᠷ᠎ᠠ ᠴᠢᠳᠠᠪᠤᠷᠢ ᠶᠢ ᠢᠮᠠᠭᠲᠠ ᠳᠡᠭᠡᠭ᠍ᠰᠢᠯᠠᠭᠦᠯᠵᠦ᠂ ᠨᠡᠶᠢᠭᠡᠮ ᠳᠥ ᠰᠢᠨ᠎ᠡ ᠪᠡᠷ ᠡᠭᠦᠰᠴᠦ ᠪᠤᠢ ᠬᠠᠷᠢᠯᠴᠠᠭ᠎ᠠ ᠶᠢ ᠰᠣᠷᠭᠤᠭ ᠢᠶᠠᠷ ᠬᠦᠯᠢᠶᠡᠨ ᠠᠪᠴᠤ᠂ ᠬᠠᠤᠯᠢ ᠳᠡᠭᠡᠳᠦᠯᠡᠨ᠂ ᠬᠠᠤᠯᠢ ᠳᠤ ᠨᠡᠶᠢᠴᠡᠭᠦᠯᠦᠨ ᠰᠢᠢᠳᠪᠦᠷᠢᠯᠡᠳᠡᠭ ᠪᠠᠶᠢᠬᠤ ᠱᠠᠭᠠᠷᠳᠠᠯᠭ᠎ᠠ ᠲᠠᠢ᠃

ᠰᠡᠭᠦᠯ ᠦᠨ ᠵᠢᠯ ᠦᠳ ᠲᠥ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠤᠯᠠᠮ ᠪᠦᠷᠢ ᠥᠷᠭᠡᠵᠢᠨ ᠲᠡᠯᠡᠵᠦ᠂ ᠪᠦᠬᠦᠢ ᠯᠠ ᠰᠠᠯᠪᠤᠷᠢ ᠳᠤ ᠪᠣᠳᠠᠲᠤ ᠦᠷ᠎ᠡ ᠳ᠋ᠦᠩ ᠳᠥ ᠬᠦᠷᠴᠦ ᠪᠠᠶᠢᠨ᠎ᠠ᠃

ᠡᠭᠦᠨ ᠦ ᠨᠢᠭᠡᠨ ᠨᠣᠲᠠᠯᠠᠭ᠎ᠠ ᠨᠢ ᠰᠢᠭᠦᠭ᠍ᠴᠢᠳ ᠲᠠ ᠪᠦᠬᠦᠨ ᠦ ᠡᠩᠨᠡᠭᠡᠨ ᠡᠴᠡ ᠳᠡᠯᠡᠬᠡᠶ ᠶᠢᠨ ᠬᠡᠷᠡᠭ ᠶᠠᠪᠤᠳᠠᠯ ᠢ ᠳᠡᠩᠰᠡᠯᠬᠦ ᠠᠩᠬᠠᠨ ᠤ ᠰᠢᠭᠦᠭ᠍ᠴᠢ ᠲᠥᠷᠦᠨ ᠭᠠᠷᠤᠭᠰᠠᠨ ᠶᠠᠪᠤᠳᠠᠯ ᠶᠤᠮ᠃

ᠮᠣᠩ᠋ᠭᠤᠯ ᠤᠯᠤᠰ 2023 ᠣᠨ ᠳᠤ ᠣᠯᠠᠨ ᠤᠯᠤᠰ ᠤᠨ ᠡᠷᠡᠭᠦᠦ ᠶᠢᠨ ᠰᠢᠭᠦᠬᠦ ᠶᠢᠨ ᠰᠢᠭᠦᠭ᠍ᠴᠢᠳ ᠤᠯᠤᠰ ᠤᠨ ᠳᠡᠭᠡᠳᠦ ᠰᠢᠭᠦᠬᠦ ᠶᠢᠨ ᠰᠢᠭᠦᠭ᠍ᠴᠢ ᠳ᠊·ᠡᠷᠳᠡᠨᠢᠪᠠᠯᠰᠦ᠋ᠷᠦᠩ ᠢ ᠨᠡᠷ᠎ᠡ ᠳᠡᠪᠰᠢᠭᠦᠯᠵᠦ᠂ ᠤᠯᠠᠮ ᠢᠶᠠᠷ ᠣᠯᠠᠨ ᠤᠯᠤᠰ ᠤᠨ ᠡᠷᠡᠭᠦᠦ ᠶᠢᠨ ᠰᠢᠭᠦᠬᠦ ᠶᠢᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠶᠢᠨ ᠶᠡᠷᠦᠩᠬᠡᠶ ᠰᠢᠭᠦᠭ᠍ᠴᠢ ᠪᠡᠷ ᠡᠳᠦᠭᠡ ᠠᠵᠢᠯᠯᠠᠵᠤ ᠪᠠᠶᠢᠨ᠎ᠠ᠃

ᠡᠨᠡ ᠪᠣᠯ ᠮᠠᠨ ᠤ ᠰᠢᠭᠦᠭ᠍ᠴᠢᠳ ᠣᠯᠠᠨ ᠤᠯᠤᠰ ᠤᠨ ᠲᠥᠪᠰᠢᠨ ᠳᠥ ᠠᠵᠢᠯᠯᠠᠵᠤ ᠴᠢᠳᠠᠵᠤ ᠪᠤᠢ ᠲᠣᠳᠤ ᠢᠯᠡᠷᠬᠡᠶᠢᠯᠡᠯ ᠪᠥᠭᠡᠳ ᠲᠠ ᠪᠢᠳᠡᠨ ᠦ ᠬᠠᠮᠲᠤ ᠶᠢᠨ ᠠᠮᠵᠢᠯᠲᠠ ᠮᠥᠨ᠃

ᠡᠴᠦᠰ ᠲᠥ ᠨᠢ ᠬᠡᠯᠡᠬᠦ ᠳᠥ ᠲᠥᠷᠦ ᠶᠢᠨ ᠲᠡᠷᠢᠭᠦᠨ ᠬᠠᠤᠯᠢ ᠪᠠᠨ ᠳᠡᠭᠡᠳᠦᠯᠡᠵᠦ᠂ ᠰᠢᠳᠤᠷᠭᠤ ᠪᠠᠷ ᠠᠵᠢᠯᠯᠠᠵᠤ ᠪᠤᠢ ᠰᠢᠭᠦᠭ᠍ᠴᠢᠳ ᠢᠶᠡᠨ ᠬᠠᠤᠯᠢ ᠳᠤ ᠵᠢᠭᠠᠭᠰᠠᠨ ᠪᠦᠷᠢᠨ ᠡᠷᠬᠡ ᠶᠢᠨ ᠢᠶᠡᠨ ᠬᠦᠷᠢᠶᠡᠨ ᠳᠥ ᠪᠦᠬᠦ ᠲᠠᠯ᠎ᠠ ᠪᠠᠷ ᠥᠮᠥᠭᠡᠯᠡᠨ ᠬᠠᠮᠠᠭᠠᠯᠠᠵᠤ᠂ ᠢᠮᠠᠭᠲᠠ ᠳᠡᠮᠵᠢᠨ ᠠᠵᠢᠯᠯᠠᠬᠤ ᠪᠣᠯᠤᠨ᠎ᠠ ᠭᠡᠳᠡᠭ ᠢᠶᠡᠨ ᠳᠠᠬᠢᠨ ᠢᠯᠡᠷᠬᠡᠶᠢᠯᠡᠵᠦ ᠪᠠᠶᠢᠨ᠎ᠠ᠃

ᠲᠠ ᠪᠦᠬᠦᠨ ᠦ ᠡᠷᠬᠢᠮᠯᠡᠨ ᠳᠡᠭᠡᠳᠦᠯᠡᠬᠦ ᠦᠨᠡᠲᠦ ᠵᠦᠢᠯ ᠪᠣᠯ ᠭᠠᠭᠴᠠ ᠬᠦ ᠮᠣᠩ᠋ᠭᠤᠯ ᠤᠯᠤᠰ ᠤᠨ ᠲᠤᠰᠠᠭᠠᠷ ᠲᠣᠭᠲᠠᠨᠢᠯ᠂ ᠦᠨᠳᠦᠰᠦᠨ ᠦ ᠠᠶᠤᠯ ᠦᠭᠡᠢ ᠪᠠᠶᠢᠳᠠᠯ᠂ ᠬᠠᠤᠯᠢ ᠳᠡᠭᠡᠳᠦᠯᠡᠬᠦ ᠵᠠᠷᠴᠢᠮ᠂ ᠮᠣᠩ᠋ᠭᠤᠯ ᠤᠨ ᠠᠷᠠᠳ ᠲᠦᠮᠡᠨ ᠦ ᠢᠵᠠᠭᠤᠷ ᠡᠷᠬᠡ ᠠᠰᠢᠭ ᠭᠡᠳᠡᠭ ᠢ ᠦᠷᠭᠦᠯᠵᠢ ᠰᠠᠨᠠᠵᠤ ᠶᠠᠪᠤᠭᠠᠷᠠᠶ᠃

ᠮᠣᠩ᠋ᠭᠤᠯ ᠲᠥᠷᠦ ᠶᠢᠨ ᠨᠡᠷ᠎ᠡ ᠶᠢᠨ ᠡᠮᠦᠨ᠎ᠡ ᠡᠴᠡ ᠰᠢᠳᠤᠷᠭᠤ ᠶᠣᠰᠤ ᠶᠢ ᠲᠣᠭᠲᠠᠭᠠᠭᠴᠢ ᠡᠷᠬᠢᠮ ᠬᠦᠨᠳᠦᠲᠦ ᠰᠢᠭᠦᠭ᠍ᠴᠢ ᠲᠠ ᠪᠦᠬᠦᠨ ᠳᠥ ᠠᠵᠢᠯ ᠤᠨ ᠥᠨᠳᠦᠷ ᠠᠮᠵᠢᠯᠲᠠ᠂ ᠲᠠ ᠪᠦᠬᠦᠨ ᠦ ᠭᠡᠷ ᠪᠦᠯᠦ᠂ ᠦᠷ᠎ᠡ ᠬᠡᠦᠬᠡᠳ ᠲᠥ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠶ ᠡ᠃

ᠮᠥᠩᠬᠡ ᠲᠩᠷᠢ ᠶᠢᠨ ᠬᠦᠴᠦᠨ ᠳᠣᠣᠷ᠎ᠠ ᠮᠣᠩ᠋ᠭᠤᠯ ᠤᠯᠤᠰ ᠮᠠᠨᠳᠤᠨ ᠪᠠᠳᠠᠷᠠᠬᠤ ᠪᠣᠯᠲᠤᠭᠠᠶ»᠃

ᠡᠭᠡᠯᠵᠢᠲᠦ III ᠴᠢᠭᠤᠯᠭᠠᠨ ᠳᠤ ᠮᠣᠩ᠋ᠭᠤᠯ ᠤᠯᠤᠰ ᠤᠨ ᠪᠦᠬᠦ ᠰᠢᠭᠦᠭ᠍ᠴᠢ ᠪᠤᠶᠤ 518 ᠰᠢᠭᠦᠭ᠍ᠴᠢ ᠣᠷᠤᠯᠴᠠᠵᠤ ᠪᠠᠶᠢᠭ᠎ᠠ ᠪᠥᠭᠡᠳ ᠰᠢᠭᠦᠬᠦ ᠶᠢᠨ ᠶᠡᠷᠦᠩᠬᠡᠶ ᠵᠥᠪᠯᠡᠯ ᠦᠨ ᠰᠢᠭᠦᠭ᠍ᠴᠢ ᠭᠡᠰᠢᠭᠦᠳ ᠢ ᠰᠣᠩ᠋ᠭᠤᠨ᠎ᠠ᠃ ᠶᠡᠷᠦᠩᠬᠡᠶ ᠵᠥᠪᠯᠡᠯ ᠳᠥ ᠠᠩᠬᠠᠨ ᠱᠠᠲᠤᠨ ᠤ ᠰᠢᠭᠦᠬᠦ ᠡᠴᠡ ᠨᠠᠢᠮᠠ᠂ ᠳᠠᠪᠠᠵᠤ ᠵᠠᠭᠠᠯᠳᠤᠬᠤ ᠱᠠᠲᠤᠨ ᠤ ᠰᠢᠭᠦᠬᠦ ᠡᠴᠡ ᠵᠢᠷᠭᠤᠭ᠎ᠠ᠂ ᠬᠢᠨᠠᠯᠲᠠ ᠶᠢᠨ ᠱᠠᠲᠤᠨ ᠤ ᠰᠢᠭᠦᠬᠦ ᠡᠴᠡ ᠨᠢᠭᠡ᠂ ᠨᠡᠶᠢᠲᠡ 15 ᠰᠢᠭᠦᠭ᠍ᠴᠢ ᠨᠡᠷ᠎ᠡ ᠪᠡᠨ ᠳᠡᠪᠰᠢᠭᠦᠯᠵᠡᠶ᠃