ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣ᠊ᠦ᠋ᠫᠠᠳᠢ ᠮᠦᠷᠮᠦ᠋ ᠪᠣᠯᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠢᠢᠨ ᠤᠷᠢᠯᠭ᠎ᠠ ᠪᠠᠷ 2025 ᠣᠨ ᠤ 10 ᠳ᠋ᠤᠭᠠᠷ ᠰᠠᠷ᠎ᠠ ᠢᠢᠨ 13-16 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠡᠨᠡ ᠠᠢᠢᠯᠴᠢᠯᠠᠯ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣ᠊ᠦ᠋ᠫᠠᠳᠢ ᠮᠦᠷᠮᠦ᠋ ᠲᠠᠶ ᠠᠭᠤᠯᠵᠠᠵᠤ᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠲᠠᠶ ᠠᠯᠪᠠᠨ ᠶᠣᠰᠤᠨ ᠤ ᠬᠡᠯᠡᠯᠴᠡᠭᠡ ᠬᠢᠨ ᠬᠣᠶᠠᠷ ᠤᠯᠤᠰ ᠤᠨ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠬᠤ ᠪᠠᠷ ᠲᠥᠯᠦᠪᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ᠂ ᠡᠨᠡᠳᠬᠡᠭ᠌ ᠦᠨ ᠪᠢᠽᠢᠨᠧᠰ ᠹᠣᠷᠦᠢᠮ ᠪᠣᠯᠤᠨ «ᠮᠣᠩ᠋ᠭᠤᠯ ᠤᠨ ᠰᠠᠢᠢᠬᠠᠨ ᠡᠬᠡ ᠣᠷᠤᠨ» ᠲᠣᠭᠯᠠᠯᠲᠠ᠂ ᠤᠷᠠᠨ ᠵᠢᠷᠤᠭ᠂ ᠮᠣᠷᠢᠨ ᠬᠤᠭᠤᠷ ᠤᠨ ᠦᠵᠡᠰᠬᠦᠯᠡᠩ ᠵᠡᠷᠭᠡ ᠠᠷᠭ᠎ᠠ ᠬᠡᠮᠵᠢᠶ᠎ᠡ ᠵᠣᠬᠢᠶᠠᠨ ᠪᠠᠢᠢᠭᠤᠯᠤᠨ᠎ᠠ᠃ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ 2015 ᠣᠨ ᠳᠤ ᠮᠣᠩ᠋ᠭᠤᠯ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠵᠦ᠂ ᠬᠠᠷᠢᠯᠴᠠᠭ᠎ᠠ ᠢᠢ «ᠰᠲ᠋ᠷᠠᠲ᠋ᠧᠭᠢ ᠢᠢᠨ ᠲᠦᠩᠰᠢᠯᠡᠯ» ᠊ᠦᠨ ᠲᠥᠪᠰᠢᠨ ᠳᠥ ᠬᠦᠷᠭᠡᠭ᠍ᠰᠡᠨ ᠶᠤᠮ᠃