Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠮᠣᠷᠳᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣ᠊ᠦ᠋ᠫᠠᠳᠢ ᠮᠦᠷᠮᠦ᠋ ᠪᠣᠯᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠢᠢᠨ ᠤᠷᠢᠯᠭ᠎ᠠ ᠪᠠᠷ 2025 ᠣᠨ ᠤ 10 ᠳ᠋ᠤᠭᠠᠷ ᠰᠠᠷ᠎ᠠ ᠢᠢᠨ 13-16 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠡᠬᠡ ᠣᠷᠤᠨ ᠠᠴᠠ ᠪᠠᠨ ᠮᠣᠷᠳᠠᠯ᠎ᠠ᠃

ᠡᠨᠡ ᠠᠢᠢᠯᠴᠢᠯᠠᠯ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃

ᠠᠢᠢᠯᠴᠢᠯᠠᠯ ᠤᠨ ᠦᠶ᠎ᠡ ᠪᠡᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣ᠊ᠦ᠋ᠫᠠᠳᠢ ᠮᠦᠷᠮᠦ᠋ ᠲᠠᠢ ᠠᠭᠤᠯᠵᠠᠵᠤ᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠲᠠᠶ ᠠᠯᠪᠠᠨ ᠶᠣᠰᠤᠨ ᠤ ᠬᠡᠯᠡᠯᠴᠡᠭᠡ ᠬᠢᠨ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠨ᠎ᠡ᠃

ᠮᠥᠨ «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠡᠬᠢᠵᠢᠭᠦᠯᠬᠦ ᠲᠤᠬᠠᠶ ᠬᠠᠮᠲᠤᠷᠠᠭᠰᠠᠨ ᠮᠡᠳᠡᠭᠳᠡᠯ» ᠭᠠᠷᠭᠠᠵᠤ᠂ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠬᠦ ᠲᠡᠢ ᠬᠣᠯᠪᠤᠭ᠎ᠠ ᠲᠠᠢ 10 ᠣᠷᠴᠢᠮ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠲᠤᠰ ᠤᠯᠤᠰ ᠤᠨ ᠳᠡᠳ᠋ ᠶᠡᠷᠦᠩᠬᠡᠢᠢᠯᠡᠭᠴᠢ ᠪᠥᠭᠡᠳ ᠫᠠᠷᠯᠠᠮᠧᠨ᠋ᠲ ᠤᠨ ᠳᠡᠭᠡᠳᠦ ᠲᠠᠩᠬᠢᠮ ᠤᠨ ᠳᠠᠷᠤᠭ᠎ᠠ ᠴ᠊·ᠫ᠊·ᠷᠠᠳ᠋ᠾᠠᠻᠷᠢᠱᠨᠠᠩ᠂ ᠫᠠᠷᠯᠠᠮᠧᠨ᠋ᠲ ᠤᠨ ᠳᠣᠣᠷᠠᠳᠤ ᠲᠠᠩᠬᠢᠮ ᠯᠣᠻ ᠰᠠᠪᠾᠠ ᠢᠢᠨ ᠳᠠᠷᠤᠭ᠎ᠠ ᠣᠮ ᠪᠢᠷᠯᠠ᠂ ᠭᠠᠳᠠᠭᠠᠳᠤ ᠬᠡᠷᠡᠭ ᠦᠨ ᠰᠠᠢᠢᠳ ᠳ᠋ᠷ᠊᠂ ᠰᠦᠪᠷᠠᠾᠮᠠᠨ᠋ᠶᠠᠮ᠂ ᠪᠠᠲᠤᠯᠠᠨ ᠬᠠᠮᠠᠭᠠᠯᠠᠬᠤ ᠢᠢᠨ ᠰᠠᠢᠢᠳ ᠷᠠᠵᠨᠠᠲ᠋ ᠰᠢᠩᠾ ᠨᠠᠷ ᠢ ᠬᠦᠯᠢᠶᠡᠨ ᠠᠪᠴᠤ ᠠᠭᠤᠯᠵᠠᠨ᠂ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃

ᠠᠢᠢᠯᠴᠢᠯᠠᠯ ᠤᠨ ᠦᠶ᠎ᠡ ᠪᠡᠷ ᠶᠡᠷᠦᠩᠬᠡᠢᠢᠯᠡᠭᠴᠢ ᠤ·ᠬᠦᠷᠡᠯᠰᠦ᠋ᠬᠡ ᠮᠠᠾᠠᠲ᠋ᠮᠠ ᠭᠠᠨᠳᠢ ᠢᠢᠨ ᠳᠤᠷᠠᠰᠬᠠᠯ ᠤᠨ «ᠷᠠᠵᠭᠠᠲ᠋» ᠴᠣᠭᠴᠠᠯᠠᠪᠤᠷᠢ ᠳᠤ ᠴᠡᠴᠡᠭ ᠡᠷᠭᠦᠨ᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠲᠠᠶ ᠳᠤᠷᠠᠰᠬᠠᠯ ᠤᠨ ᠮᠣᠳᠤ ᠲᠠᠷᠢᠵᠤ᠂ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠳᠤ ᠵᠣᠷᠢᠭᠤᠯᠤᠨ ᠭᠠᠷᠭᠠᠭᠰᠠᠨ ᠰᠢᠦᠳᠠᠨ ᠤᠨ ᠮᠠᠷᠻ ᠤᠨ ᠨᠡᠭᠡᠭᠡᠯᠲᠡ ᠳᠥ ᠣᠷᠤᠯᠴᠠᠨ᠎ᠠ᠃

ᠠᠢᠢᠯᠴᠢᠯᠠᠯ ᠤᠨ ᠬᠦᠷᠢᠶᠡᠨ ᠳᠥ ᠮᠣᠩ᠋ᠭᠤᠯ᠂ ᠡᠨᠡᠳᠬᠡᠭ᠌ ᠦᠨ ᠪᠢᠽᠢᠨᠧᠰ ᠹᠣᠷᠦᠢᠮ ᠪᠣᠯᠤᠨ «ᠮᠣᠩ᠋ᠭᠤᠯ ᠤᠨ ᠰᠠᠢᠢᠬᠠᠨ ᠣᠷᠤᠨ» ᠰᠡᠳᠦᠪᠲᠥ ᠲᠣᠭᠯᠠᠯᠲᠠ᠂ ᠭᠡᠷᠡᠯ ᠵᠢᠷᠤᠭ ᠤᠨ ᠪᠣᠯᠤᠨ ᠮᠣᠷᠢᠨ ᠬᠤᠭᠤᠷ ᠤᠨ ᠦᠵᠡᠰᠬᠦᠯᠡᠩ ᠵᠣᠬᠢᠶᠠᠨ ᠪᠠᠢᠢᠭᠤᠯᠤᠨ᠎ᠠ᠃

ᠬᠣᠶᠠᠷ ᠤᠯᠤᠰ 1955 ᠣᠨ ᠤ 12 ᠳ᠋ᠤᠭᠠᠷ ᠰᠠᠷ᠎ᠠ ᠢᠢᠨ 24 ᠳᠥ ᠳ᠋ᠢᠫᠯᠣᠮᠠᠲ ᠬᠠᠷᠢᠯᠴᠠᠭ᠎ᠠ ᠲᠣᠭᠲᠠᠭᠠᠵᠤ᠂ 1956 ᠣᠨ ᠳᠤ ᠡᠯᠴᠢᠨ ᠰᠠᠢᠢᠳ ᠨᠠᠷ ᠢᠶᠠᠨ ᠬᠠᠷᠢᠯᠴᠠᠨ ᠲᠣᠮᠢᠯᠠᠭᠰᠠᠨ ᠲᠡᠦᠬᠡ ᠲᠡᠢ᠃ ᠮᠠᠨ ᠤ ᠤᠯᠤᠰ 1956 ᠣᠨ ᠳᠤ ᠰᠢᠨ᠎ᠡ ᠳ᠋ᠧᠯᠢ ᠳᠤ᠂ ᠡᠨᠡᠳᠬᠡᠭ᠌ ᠤᠯᠤᠰ 1971 ᠣᠨ ᠳᠤ ᠡᠯᠴᠢᠨ ᠰᠠᠢᠢᠳ ᠤᠨ ᠶᠠᠮᠤᠨ ᠢᠶᠠᠨ ᠤᠯᠠᠭᠠᠨᠪᠠᠭᠠᠲᠤᠷ ᠬᠣᠲᠠᠨ᠎ᠠ ᠨᠡᠭᠡᠭᠡᠭ᠍ᠰᠡᠨ᠃

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠨᠢ ᠮᠠᠨ ᠤ ᠤᠯᠤᠰ ᠢ ᠬᠦᠯᠢᠶᠡᠨ ᠵᠥᠪᠰᠢᠶᠡᠷᠡᠭᠰᠡᠨ ᠰᠣᠼᠢᠠᠯᠢᠰᠲ᠋ ᠪᠤᠰᠤ ᠠᠩᠬᠠᠨ ᠤ ᠣᠷᠤᠨ ᠶᠤᠮ᠃

1973 ᠣᠨ ᠳᠤ ᠮᠣᠩ᠋ᠭᠤᠯ᠂ ᠡᠨᠡᠳᠬᠡᠭ᠌ ᠦᠨ ᠬᠠᠮᠲᠤᠷᠠᠭᠰᠠᠨ ᠲᠤᠩᠬᠠᠭᠯᠠᠯ᠂

1989᠂ 2001᠂ 2015᠂ 2019 ᠣᠨ ᠳᠤ ᠬᠠᠮᠲᠤᠷᠠᠭᠰᠠᠨ ᠮᠡᠳᠡᠭᠳᠡᠯ᠂

1994 ᠣᠨ ᠳᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠮᠡᠳᠡᠭᠳᠡᠯ ᠭᠠᠷᠭᠠᠵᠤ᠂

2009 ᠣᠨ ᠳᠤ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠵᠤ᠂

2015 ᠣᠨ ᠳᠤ «ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠵᠠᠶ᠃

ᠮᠣᠩ᠋ᠭᠤᠯ᠂ ᠡᠨᠡᠳᠬᠡᠭ᠌ ᠦᠨ ᠬᠣᠭᠤᠷᠤᠨᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠠᠢ ᠬᠣᠯᠪᠤᠭ᠎ᠠ ᠲᠠᠢ 60 ᠣᠷᠴᠢᠮ ᠪᠠᠷᠢᠮᠲᠠ ᠪᠢᠴᠢᠭ᠌ ᠪᠠᠢᠢᠭᠤᠯᠤᠭᠰᠠᠨ᠃ ᠲᠤᠬᠠᠢᠢᠯᠠᠪᠠᠯ:

«ᠣᠷᠤᠯᠭ᠎ᠠ ᠪᠠ ᠬᠥᠷᠦᠩ᠋ᠭᠡ ᠢᠢᠨ ᠲᠠᠲᠠᠪᠤᠷᠢ ᠢᠢ ᠳᠠᠪᠬᠤᠷᠳᠠᠭᠤᠯᠤᠨ ᠨᠣᠭᠳᠠᠭᠤᠯᠬᠤ ᠦᠭᠡᠢ ᠪᠠᠢᠢᠬᠤ᠂ ᠲᠠᠲᠠᠪᠤᠷᠢ ᠲᠥᠯᠬᠦ ᠡᠴᠡ ᠵᠠᠢᠢᠯᠠᠰᠬᠢᠬᠦ ᠶᠠᠪᠤᠳᠠᠯ ᠠᠴᠠ ᠤᠷᠢᠳᠴᠢᠯᠠᠨ ᠰᠡᠷᠭᠡᠢᠢᠯᠡᠬᠦ ᠲᠤᠬᠠᠶ ᠬᠡᠯᠡᠯᠴᠡᠭᠡᠷ» (1994 ᠣᠨ᠂ ᠳ᠋ᠧᠯᠢ)᠂

«ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠬᠡᠯᠡᠯᠴᠡᠭᠡᠷ» (1994 ᠣᠨ᠂ ᠤᠯᠠᠭᠠᠨᠪᠠᠭᠠᠲᠤᠷ)᠂

«ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠬᠡᠯᠡᠯᠴᠡᠭᠡᠷ» (1994 ᠣᠨ᠂ ᠳ᠋ᠧᠯᠢ)᠂

«ᠳ᠋ᠢᠫᠯᠣᠮᠠᠲ ᠠᠯᠪᠠᠨ ᠫᠠᠰᠫᠣᠷᠲ ᠲᠠᠢ ᠢᠷᠭᠡᠳ ᠬᠠᠷᠢᠯᠴᠠᠨ ᠸᠢᠰᠠ ᠦᠭᠡᠢ ᠵᠣᠷᠴᠢᠬᠤ ᠲᠤᠬᠠᠶ ᠬᠡᠯᠡᠯᠴᠡᠭᠡᠷ» (2005 ᠣᠨ᠂ ᠳ᠋ᠧᠯᠢ)᠂

«ᠮᠣᠩ᠋ᠭᠤᠯ᠂ ᠡᠨᠡᠳᠬᠡᠭ᠌ ᠦᠨ ᠰᠲ᠋ᠷᠠᠲ᠋ᠧᠭᠢ ᠢᠢᠨ ᠲᠦᠩᠰᠢᠯᠡᠯ ᠦᠨ ᠲᠤᠬᠠᠶ ᠬᠠᠮᠲᠤᠷᠠᠭᠰᠠᠨ ᠮᠡᠳᠡᠭᠳᠡᠯ» (2015 ᠣᠨ᠂ ᠤᠯᠠᠭᠠᠨᠪᠠᠭᠠᠲᠤᠷ)᠂

«ᠠᠭᠠᠷ ᠤᠨ ᠬᠠᠷᠢᠯᠴᠠᠭᠠᠨ ᠤ ᠲᠤᠬᠠᠶ ᠬᠡᠯᠡᠯᠴᠡᠭᠡᠷ» (2015 ᠣᠨ᠂ ᠤᠯᠠᠭᠠᠨᠪᠠᠭᠠᠲᠤᠷ)᠂

ᠮᠠᠯ ᠤᠨ ᠡᠷᠡᠭᠦᠯ ᠮᠡᠨᠳᠦ᠂ ᠰᠦᠨ ᠪᠦᠲᠦᠭᠡᠭ᠍ᠳᠡᠬᠦᠨ ᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ» (2015 ᠣᠨ᠂ ᠤᠯᠠᠭᠠᠨᠪᠠᠭᠠᠲᠤᠷ)᠂

«ᠶᠠᠯᠠᠲᠠᠨ ᠰᠢᠯᠵᠢᠭᠦᠯᠬᠦ ᠲᠤᠬᠠᠶ ᠭᠡᠷ᠎ᠡ» (2015 ᠣᠨ᠂ ᠤᠯᠠᠭᠠᠨᠪᠠᠭᠠᠲᠤᠷ) ᠵᠡᠷᠭᠡ ᠢᠢ ᠳᠤᠷᠠᠳᠴᠤ ᠪᠣᠯᠤᠨ᠎ᠠ᠃