ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋ ᠪᠣᠯᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠢᠢᠨ ᠤᠷᠢᠯᠭ᠎ᠠ ᠪᠠᠷ 2025 ᠣᠨ ᠤ 10 ᠳ᠋ᠤᠭᠠᠷ ᠰᠠᠷ᠎ᠠ ᠢᠢᠨ 13-16 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ᠃
ᠶᠡᠷᠦᠩᠬᠡᠢᠢᠯᠡᠭᠴᠢ ᠤ·ᠬᠦᠷᠡᠯᠰᠦ᠋ᠬᠡ ᠢᠢ ᠰᠢᠨ᠎ᠡ ᠳ᠋ᠧᠯᠢ ᠬᠣᠲᠠ ᠳ᠋ᠠᠬᠢ ᠡᠨᠡᠳᠬᠡᠭ᠌ ᠦᠨ ᠠᠭᠠᠷ ᠤᠨ ᠴᠡᠷᠢᠭ ᠦᠨ «ᠫᠠᠯᠠᠮ» ᠨᠢᠰᠬᠦ ᠣᠩ᠋ᠭᠤᠴᠠᠨ ᠤ ᠪᠠᠭᠤᠳᠠᠯ ᠳᠤ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠢᠷᠭᠡᠨ ᠦ ᠨᠢᠰᠬᠦ ᠪᠣᠯᠤᠨ ᠬᠠᠮᠲᠤ ᠢᠢᠨ ᠠᠵᠢᠯᠯᠠᠭᠠᠨ ᠤ ᠶᠠᠮᠤᠨ ᠤ ᠲᠥᠷᠦ ᠢᠢᠨ ᠰᠠᠢᠢᠳ ᠮᠦᠷᠯᠢᠳ᠋ᠾᠠᠷ ᠮᠣᠾᠣᠷ᠂ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠠ᠊·ᠭᠠᠩᠪᠣᠯᠤᠳ ᠨᠠᠷ ᠤᠭᠲᠤᠵᠤ ᠠᠪᠤᠯ᠎ᠠ᠃
ᠬᠥᠭ᠍ᠵᠢᠮ ᠳᠥ ᠬᠣᠶᠠᠷ ᠣᠷᠤᠨ ᠤ ᠲᠥᠷᠦ ᠢᠢᠨ ᠳᠠᠭᠤᠯᠠᠯ ᠡᠭᠡᠰᠢᠭᠯᠡᠵᠦ᠂ ᠬᠦᠨᠳᠦᠲᠦ ᠬᠠᠷᠠᠭᠤᠯ ᠤᠨ ᠳᠠᠷᠤᠭ᠎ᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠳᠥ ᠠᠢᠢᠯᠠᠳᠬᠠᠯ ᠡᠷᠭᠦᠯ᠎ᠡ᠃ ᠶᠡᠷᠦᠩᠬᠡᠢᠢᠯᠡᠭᠴᠢ ᠤ·ᠬᠦᠷᠡᠯᠰᠦ᠋ᠬᠡ ᠬᠦᠨᠳᠦᠲᠦ ᠬᠠᠷᠠᠭᠤᠯ ᠳᠤ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠤᠭᠲᠤᠬᠤ ᠶᠣᠰᠤᠯᠠᠯ ᠳᠤ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠪᠣᠯᠤᠨ ᠮᠣᠩ᠋ᠭᠤᠯ ᠤᠯᠤᠰ ᠤᠨ ᠠᠯᠪᠠᠨ ᠤ ᠲᠥᠯᠦᠭᠡᠯᠡᠭᠴᠢᠳ ᠲᠡᠢ ᠮᠡᠨᠳᠦᠴᠢᠯᠡᠯ᠎ᠡ᠃
ᠡᠨᠡ ᠤᠳᠠᠭ᠎ᠠ ᠢᠢᠨ ᠲᠥᠷᠦ ᠢᠢᠨ ᠠᠢᠢᠯᠴᠢᠯᠠᠯ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃


ᠠᠢᠢᠯᠴᠢᠯᠠᠯ ᠤᠨ ᠬᠦᠷᠢᠶᠡᠨ ᠳᠥ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋ ᠲᠠᠢ ᠠᠭᠤᠯᠵᠠᠵᠤ᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠲᠠᠶ ᠠᠯᠪᠠᠨ ᠶᠣᠰᠤᠨ ᠤ ᠬᠡᠯᠡᠯᠴᠡᠭᠡ ᠬᠢᠨ᠂ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃
ᠮᠣᠩ᠋ᠭᠤᠯ᠂ ᠡᠨᠡᠳᠬᠡᠭ᠌ ᠦᠨ ᠪᠢᠽᠢᠨᠧᠰ ᠹᠣᠷᠦᠢᠮ ᠵᠣᠬᠢᠶᠠᠵᠤ᠂ «ᠮᠣᠩ᠋ᠭᠤᠯ ᠤᠨ ᠰᠠᠢᠢᠬᠠᠨ ᠣᠷᠤᠨ» ᠰᠡᠳᠦᠪᠲᠦ ᠤᠷᠠᠯᠢᠭ ᠤᠨ ᠲᠣᠭᠯᠠᠯᠲᠠ᠂ ᠭᠡᠷᠡᠯ ᠵᠢᠷᠤᠭ᠂ ᠮᠣᠷᠢᠨ ᠬᠤᠭᠤᠷ ᠤᠨ ᠦᠵᠡᠰᠬᠦᠯᠡᠩ ᠲᠣᠯᠢᠯᠠᠭᠤᠯᠤᠨ᠎ᠠ᠃
ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ 2015 ᠣᠨ ᠳᠤ ᠮᠣᠩ᠋ᠭᠤᠯ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠵᠦ᠂ ᠬᠠᠷᠢᠯᠴᠠᠭ᠎ᠠ ᠢᠢ «ᠰᠲ᠋ᠷᠠᠲ᠋ᠧᠭᠢ ᠢᠢᠨ ᠲᠦᠩᠰᠢᠯᠡᠯ» ᠊ᠦᠨ ᠲᠥᠪᠰᠢᠨ ᠳᠥ ᠬᠦᠷᠭᠡᠭ᠍ᠰᠡᠨ ᠶᠤᠮ᠃


ᠡᠨᠡᠳᠬᠡᠭ᠌ ᠨᠢ ᠬᠦᠮᠦᠨ ᠠᠮᠠ ᠢᠢᠨ ᠢᠶᠠᠨ ᠲᠣᠭ᠎ᠠ ᠪᠠᠷ ᠳᠡᠯᠡᠬᠡᠶ ᠳᠥ ᠨᠢᠭᠡ᠊ᠳ᠋ᠦᠭᠡᠷ ᠲᠥ᠂ ᠡᠳ᠋ ᠦᠨ ᠵᠠᠰᠠᠭ ᠢᠶᠠᠷ ᠲᠠᠪᠤᠳ᠋ᠤᠭᠠᠷ ᠲᠤ᠂ ᠭᠠᠵᠠᠷ ᠨᠤᠲᠤᠭ ᠤᠨ ᠬᠡᠮᠵᠢᠶ᠎ᠡ ᠪᠡᠷ ᠳᠣᠯᠤᠭᠠᠳ᠋ᠤᠭᠠᠷ ᠲᠤ ᠵᠢᠭ᠌ᠰᠠᠳᠠᠭ᠃ ᠢᠨ᠋ᠳᠦ᠋ᠰ ᠦᠨ ᠰᠣᠶᠤᠯ ᠢᠷᠭᠡᠨᠰᠢᠯ ᠪᠣᠯᠤᠨ ᠪᠤᠰᠤᠳ ᠡᠷᠲᠡᠨ ᠦ ᠰᠣᠶᠤᠯ ᠢᠷᠭᠡᠨᠰᠢᠯ ᠡᠭᠦᠰᠦᠭᠰᠡᠨ ᠥᠯᠦᠭᠡᠶ ᠨᠤᠲᠤᠭ ᠪᠥᠭᠡᠳ ᠲᠡᠦᠬᠡ ᠢᠢᠨ ᠢᠶᠡᠨ ᠶᠡᠬᠡᠩᠬᠢ ᠦᠶ᠎ᠡ ᠳᠥ ᠬᠤᠳᠠᠯᠳᠤᠭᠠᠨ ᠤ ᠵᠠᠮ ᠤᠨ ᠵᠠᠩ᠋ᠭᠢᠯᠠᠭ᠎ᠠ ᠪᠠᠢᠢᠭᠰᠠᠨ ᠲᠡᠦᠬᠡ ᠲᠡᠢ᠃
2014 ᠣᠨ ᠳᠤ ᠶᠡᠷᠦᠩᠬᠡᠶ ᠰᠠᠢᠢᠳ ᠢᠶᠠᠷ ᠲᠣᠮᠢᠯᠠᠭᠳᠠᠭᠰᠠᠨ ᠨᠠ᠊·ᠮᠣᠳᠢ ᠢᠢᠨ ᠵᠠᠰᠠᠭ ᠤᠨ ᠭᠠᠵᠠᠷ ᠶᠠᠳᠠᠭᠤᠷᠠᠯ ᠢ ᠪᠠᠭᠤᠷᠠᠭᠤᠯᠬᠤ᠂ ᠪᠣᠯᠪᠠᠰᠤᠷᠠᠯ ᠤᠨ ᠰᠠᠯᠪᠤᠷᠢ ᠢᠢ ᠬᠥᠭ᠍ᠵᠢᠭᠦᠯᠬᠦ ᠳᠥ ᠠᠩᠬᠠᠷᠴᠤ ᠣᠯᠠᠨ ᠲᠥᠰᠦᠯ᠂ ᠬᠥᠲᠦᠯᠪᠦᠷᠢ ᠬᠡᠷᠡᠭᠵᠢᠭᠦᠯᠵᠦ ᠪᠠᠢᠢᠭ᠎ᠠ ᠨᠢ ᠡᠨᠡᠳᠬᠡᠭ᠌ ᠦᠨ ᠬᠥᠭ᠍ᠵᠢᠯ ᠳᠥ ᠲᠣᠮᠣᠬᠠᠨ ᠬᠤᠪᠢ ᠨᠡᠮᠡᠷᠢ ᠣᠷᠤᠭᠤᠯᠵᠤ ᠪᠠᠢᠢᠨ᠎ᠠ᠃
ᠡᠨᠡᠳᠬᠡᠭ᠌ ᠦᠨ ᠳᠣᠲᠤᠭᠠᠳᠤ ᠢᠢᠨ ᠨᠡᠢᠢᠲᠡ ᠪᠦᠲᠦᠭᠡᠭ᠍ᠳᠡᠬᠦᠨ 4.3 ᠶᠡᠬᠡ ᠨᠠᠶᠤᠳ ᠠᠮ᠊·ᠳ᠋ᠣᠯᠯᠠᠷ᠃ ᠡᠻᠰᠫᠣᠷᠲ 603 ᠲᠡᠷᠪᠤᠮ᠂ ᠢᠮᠫᠣᠷᠲ 682 ᠲᠡᠷᠪᠤᠮ ᠠᠮ᠊·ᠳ᠋ᠣᠯᠯᠠᠷ᠃
ᠨᠧᠹᠲ᠋ᠢ ᠢᠢᠨ ᠪᠦᠲᠦᠭᠡᠭ᠍ᠳᠡᠬᠦᠨ᠂ ᠦᠨᠡᠲᠦ ᠴᠢᠯᠠᠭᠤ᠂ ᠡᠮ᠂ ᠡᠮ ᠦᠨ ᠪᠦᠲᠦᠭᠡᠭ᠍ᠳᠡᠬᠦᠨ ᠭᠣᠣᠯᠯᠠᠨ ᠨᠡᠢᠢᠯᠡᠭᠦᠯᠵᠦ᠂ ᠭᠠᠳᠠᠭᠠᠳᠤ ᠠᠴᠠ ᠲᠡᠭᠦᠬᠡᠶ ᠭᠠᠵᠠᠷ ᠤᠨ ᠲᠣᠰᠤ᠂ ᠠᠯᠲᠠ᠂ ᠮᠥᠩ᠋ᠭᠦ ᠵᠡᠷᠭᠡ ᠦᠨᠡᠲᠦ ᠮᠧᠲ᠋ᠠᠯ᠂ ᠴᠠᠬᠢᠯᠭᠠᠨ ᠪᠠᠷᠠᠭ᠎ᠠ ᠠᠪᠳᠠᠭ᠃
ᠬᠥᠳᠡᠭᠡ ᠠᠵᠤ ᠠᠬᠤᠶ᠂ ᠠᠵᠤ ᠦᠢᠯᠡᠳᠪᠦᠷᠢ᠂ ᠦᠢᠯᠡᠴᠢᠯᠡᠭᠡ᠂ ᠰᠠᠩᠬᠦᠦ᠂ ᠦᠯᠦ ᠬᠥᠳᠡᠯᠬᠦ ᠬᠥᠷᠦᠩ᠋ᠭᠡ ᠢᠢᠨ ᠰᠠᠯᠪᠤᠷᠢ ᠭᠣᠣᠯᠯᠠᠬᠤ ᠰᠠᠯᠪᠤᠷᠢ ᠳᠤ ᠲᠣᠭᠠᠴᠠᠭᠳᠠᠳᠠᠭ᠃
ᠡᠨᠡᠳᠬᠡᠭ᠌ ᠲᠥ ᠮᠠᠨ ᠤ 420᠂ ᠮᠣᠩ᠋ᠭᠤᠯ ᠤᠯᠤᠰ ᠲᠤ 1.700 ᠣᠷᠴᠢᠮ ᠡᠨᠡᠳᠬᠡᠭ᠌ ᠢᠷᠭᠡᠨ ᠣᠷᠤᠰᠢᠨ ᠰᠠᠭᠤᠳᠠᠭ᠃ ᠲᠤᠰ ᠤᠯᠤᠰ ᠲᠤ 70 ᠣᠷᠴᠢᠮ ᠮᠣᠩ᠋ᠭᠤᠯ ᠣᠶᠤᠲᠠᠨ᠂ 400 ᠣᠷᠴᠢᠮ ᠯᠠᠮᠠ᠂ ᠬᠤᠸᠠᠷᠠᠭ ᠱᠠᠪᠢᠯᠠᠨ ᠰᠤᠷᠤᠯᠴᠠᠳᠠᠭ ᠪᠣᠯ ᠮᠠᠨ ᠤ ᠤᠯᠤᠰ ᠲᠤ ᠳᠥᠷᠪᠡᠨ ᠡᠨᠡᠳᠬᠡᠭ᠌ ᠣᠶᠤᠲᠠᠨ ᠰᠤᠷᠴᠤ ᠪᠠᠢᠢᠨ᠎ᠠ᠃

