Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠭᠠᠳᠠᠭᠠᠳᠤ ᠬᠡᠷᠡᠭ ᠦᠨ ᠰᠠᠢᠢᠳ ᠪᠠᠷᠠᠭᠠᠯᠬᠠᠪᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ 2025 ᠣᠨ ᠤ 10 ᠳ᠋ᠤᠭᠠᠷ ᠰᠠᠷ᠎ᠠ ᠢᠢᠨ 13 ᠤ ᠡᠳᠦᠷ ᠲᠤᠰ ᠤᠯᠤᠰ ᠤᠨ ᠭᠠᠳᠠᠭᠠᠳᠤ ᠬᠡᠷᠡᠭ ᠦᠨ ᠰᠠᠢᠢᠳ ᠳ᠋ᠷ᠂ ᠰᠦᠪᠷᠠᠾᠮᠠᠨ᠋ᠶᠠᠮ ᠵᠠᠢᠢᠱᠠᠨ᠋ᠻᠠᠷ ᠪᠠᠷᠠᠭᠠᠯᠬᠠᠯ᠎ᠠ᠃

ᠰᠦ᠊·ᠵᠠᠢᠢᠱᠠᠨ᠋ᠻᠠᠷ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠲᠥᠷᠦ ᠢᠢᠨ ᠠᠢᠢᠯᠴᠢᠯᠠᠯ ᠬᠢᠵᠦ ᠪᠤᠢ ᠳᠤ ᠪᠠᠶᠠᠷ ᠬᠦᠷᠭᠡᠵᠦ᠂ ᠡᠭᠦᠨ ᠳᠥ ᠡᠨᠡᠳᠬᠡᠭ᠌ ᠦᠨ ᠲᠥᠷᠦ᠂ ᠵᠠᠰᠠᠭ᠂ ᠠᠷᠠᠳ ᠲᠦᠮᠡᠨ ᠥᠨᠳᠦᠷ ᠠᠴᠢ ᠬᠣᠯᠪᠤᠭᠳᠠᠯ ᠥᠭᠴᠦ᠂ ᠨᠠᠢᠢᠷᠰᠠᠭ ᠢᠶᠠᠷ ᠬᠦᠯᠢᠶᠡᠨ ᠠᠪᠴᠤ ᠪᠤᠢ ᠢᠢ ᠲᠡᠮᠳᠡᠭᠯᠡᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠡᠨᠡᠳᠬᠡᠭ᠌ ᠤᠯᠤᠰ ᠢ ᠮᠠᠨ ᠤ «ᠭᠤᠷᠪᠠᠳᠠᠭᠴᠢ ᠬᠥᠷᠰᠢ»᠂ ᠡᠨᠡᠳᠬᠡᠭ᠌᠂ ᠨᠣᠮᠤᠬᠠᠨ ᠳᠠᠯᠠᠢ ᠢᠢᠨ ᠪᠦᠰᠡ ᠨᠤᠲᠤᠭ ᠳ᠋ᠠᠬᠢ ᠣᠶᠤᠨ ᠰᠠᠨᠠᠭᠠᠨ ᠤ ᠢᠲᠡᠭᠡᠯᠲᠦ ᠲᠦᠩᠰᠢ ᠬᠡᠮᠡᠨ ᠦᠵᠡᠳᠡᠭ ᠪᠥᠭᠡᠳ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭᠠᠨ ᠤ ᠴᠠᠷ᠎ ᠬᠦᠷᠢᠶ᠎ᠡ ᠢᠢ ᠤᠯᠠᠮ ᠥᠷᠭᠡᠵᠢᠭᠦᠯᠦᠨ ᠣᠯᠠᠨ ᠤᠯᠤᠰ᠂ ᠪᠦᠰᠡ ᠨᠤᠲᠤᠭ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠬᠡᠯᠡᠯ᠎ᠡ᠃

ᠲᠡᠭᠦᠨᠴᠢᠯᠡᠨ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠦᠢᠯᠡ ᠠᠵᠢᠯᠯᠠᠭ᠎ᠠ ᠢᠢ ᠡᠷᠴᠢᠮᠵᠢᠭᠦᠯᠬᠦ ᠢᠢᠨ ᠴᠢᠬᠤᠯᠠ ᠢᠢ ᠣᠨᠴᠠᠯᠠᠵᠤ᠂ ᠰᠠᠢᠢᠳ ᠰᠦ᠊·ᠵᠠᠢᠢᠱᠠᠨ᠋ᠻᠠᠷ ᠢ ᠻᠣᠮᠢᠰᠰ ᠤᠨ ᠡᠨᠡᠳᠬᠡᠭ᠌ ᠦᠨ ᠬᠡᠰᠡᠭ ᠦᠨ ᠳᠠᠷᠤᠭ᠎ᠠ ᠢᠢᠨ ᠬᠤᠪᠢ ᠪᠠᠷ ᠮᠣᠩ᠋ᠭᠤᠯ ᠤᠯᠤᠰ ᠲᠠᠢ ᠬᠡᠷᠡᠭᠵᠢᠭᠦᠯᠵᠦ ᠪᠤᠢ ᠲᠣᠮᠣᠬᠠᠨ ᠲᠥᠰᠦᠯ᠂ ᠬᠥᠲᠦᠯᠪᠦᠷᠢ ᠢᠢ ᠬᠡᠷᠡᠭᠵᠢᠭᠦᠯᠬᠦ ᠢᠢᠨ ᠲᠥᠯᠦᠭᠡ ᠨᠢᠭ᠌ᠲᠠ ᠬᠠᠮᠲᠤᠷᠠᠨ ᠠᠵᠢᠯᠯᠠᠵᠤ ᠢᠷᠡᠭᠰᠡᠨ ᠳᠥ ᠲᠠᠯᠠᠷᠬᠠᠯ ᠲᠠᠢ ᠪᠤᠢ ᠪᠠᠨ ᠲᠡᠮᠳᠡᠭᠯᠡᠪᠡ᠃

ᠰᠠᠢᠢᠳ ᠰᠦ᠊·ᠵᠠᠢᠢᠱᠠᠨ᠋ᠻᠠᠷ ᠬᠣᠶᠠᠷ ᠣᠷᠤᠨ ᠤ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠬᠡᠷᠡᠭᠵᠢᠵᠦ ᠪᠠᠢᠢᠭ᠎ᠠ ᠪᠣᠯᠤᠨ ᠴᠢᠨᠠᠭᠰᠢᠳᠠ ᠬᠡᠷᠡᠭᠵᠢᠭᠦᠯᠬᠦ ᠪᠡᠷ ᠲᠥᠯᠦᠪᠯᠡᠭᠰᠡᠨ ᠲᠥᠰᠦᠯ᠂ ᠬᠥᠲᠦᠯᠪᠦᠷᠢ ᠨᠤᠭᠦᠳ ᠦᠨ ᠲᠠᠯ᠎ᠠ ᠪᠠᠷ ᠶᠡᠷᠦᠩᠬᠡᠢᠢᠯᠡᠭᠴᠢ ᠳᠥ ᠲᠠᠨᠢᠯᠴᠠᠭᠤᠯᠤᠯ᠎ᠠ᠃

ᠰᠦ᠊·ᠵᠠᠢᠢᠱᠠᠨ᠋ᠻᠠᠷ ᠨᠢ ᠰᠢᠨ᠎ᠡ ᠳ᠋ᠧᠯᠢ ᠢᠢᠨ ᠶᠡᠬᠡ ᠰᠤᠷᠭᠠᠭᠤᠯᠢ ᠢᠢ ᠪᠠᠻᠠᠯᠠᠸᠷ᠂ ᠵᠠᠸᠠᠾᠠᠷᠯᠠᠯ ᠨᠧᠾᠷᠦ᠋ ᠢᠢᠨ ᠶᠡᠬᠡ ᠰᠤᠷᠭᠠᠭᠤᠯᠢ ᠢᠢ ᠣᠯᠠᠨ ᠤᠯᠤᠰ ᠤᠨ ᠬᠠᠷᠢᠯᠴᠠᠭᠠᠨ ᠤ ᠮᠠᠭᠢᠰᠲ᠋ᠷ᠂ ᠳ᠋ᠣᠻᠲ᠋ᠤᠷ ᠤᠨ ᠵᠡᠷᠭᠡ ᠲᠡᠢ ᠲᠡᠭᠦᠰᠦᠭᠰᠡᠨ᠃

ᠮᠣᠰᠻᠸᠠ᠂ ᠸᠠᠰᠢᠩᠲ᠋ᠣᠨ᠂ ᠻᠣᠯᠣᠮᠪᠣ᠂ ᠪᠦᠳᠠᠫᠧᠰᠲ᠋᠂ ᠲ᠋ᠣᠻᠢᠣ᠋ ᠳ᠋ᠠᠬᠢ ᠡᠯᠴᠢᠨ ᠰᠠᠢᠢᠳ ᠤᠨ ᠶᠠᠮᠤᠨ ᠳᠤ I᠂ II᠂ III ᠨᠠᠷᠢᠨ ᠪᠢᠴᠢᠭ᠌ ᠦᠨ ᠳᠠᠷᠤᠭ᠎ᠠ᠂ ᠵᠥᠪᠯᠡᠬᠦ᠂ ᠳᠡᠳ᠋ ᠲᠡᠷᠢᠭᠦᠨ᠂ ᠴᠧᠬᠣ᠋᠂ ᠰᠢᠩᠭ᠋ᠠᠫᠤᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠠᠮᠧᠷᠢᠻᠠ ᠢᠢᠨ ᠨᠢᠭᠡᠳᠦᠭᠰᠡᠨ ᠤᠯᠤᠰ ᠲᠤ ᠡᠯᠴᠢᠨ ᠰᠠᠢᠢᠳ ᠤᠨ ᠠᠯᠪᠠ ᠬᠠᠰᠢᠵᠤ ᠪᠠᠢᠢᠭᠰᠠᠨ᠃

2015-2018 ᠣᠨ ᠳᠤ ᠭᠠᠳᠠᠭᠠᠳᠤ ᠬᠡᠷᠡᠭ ᠦᠨ ᠶᠠᠮᠤᠨ ᠤ ᠲᠥᠷᠦ ᠢᠢᠨ ᠨᠠᠷᠢᠨ ᠪᠢᠴᠢᠭ᠌ ᠦᠨ ᠳᠠᠷᠤᠭ᠎ᠠ ᠪᠠᠷ ᠠᠵᠢᠯᠯᠠᠵᠤ ᠪᠠᠢᠢᠭᠠᠳ 2019 ᠣᠨ ᠳᠤ ᠰᠠᠢᠢᠳ ᠢᠶᠠᠷ ᠲᠣᠮᠢᠯᠠᠭᠳᠠᠭᠰᠠᠨ᠃ ᠫᠠᠷᠯᠠᠮᠧᠨ᠋ᠲ ᠤᠨ ᠳᠡᠭᠡᠳᠦ ᠲᠠᠩᠬᠢᠮ ᠷᠠᠵᠶᠠ ᠰᠠᠪᠾᠠ ᠢᠢᠨ ᠭᠡᠰᠢᠭᠦᠨ ᠶᠤᠮ᠃