Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠶ ᠰᠠᠢᠢᠳ ᠨᠠᠷᠧᠨ᠌ᠳ᠋ᠷᠠ ᠮᠣᠳᠢ ᠤᠭᠲᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠨᠠᠷ ᠤᠨ ᠤᠷᠢᠯᠭ᠎ᠠ ᠪᠠᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢ «ᠾᠠᠢᠢᠳᠠᠷᠠᠪᠠᠳ᠋» ᠣᠷᠳᠤᠨ ᠳᠤ ᠬᠦᠷᠦᠯᠴᠡᠨ ᠢᠷᠡᠬᠦ ᠳᠥ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠤᠭᠲᠤᠨ ᠠᠪᠴᠤ ᠳᠤᠷᠠᠰᠬᠠᠯ ᠤᠨ ᠵᠢᠷᠤᠭ ᠠᠪᠬᠤᠭᠤᠯᠤᠯ᠎ᠠ᠃

ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠨᠠᠷ «ᠾᠠᠢᠢᠳᠠᠷᠠᠪᠠᠳ᠋» ᠣᠷᠳᠤᠨ ᠤ ᠴᠡᠴᠡᠷᠯᠢᠭᠲᠦ ᠬᠦᠷᠢᠶᠡᠯᠡᠩ ᠳᠥ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠯᠭᠡᠳᠡᠨ ᠳᠤᠷᠠᠰᠬᠠᠯ ᠤᠨ ᠮᠣᠳᠤ ᠲᠠᠷᠢᠯ᠎ᠠ᠃

ᠨᠢᠭᠡ ᠮᠣᠳᠤ ᠲᠠᠷᠢᠬᠤ ᠳᠤ ᠲᠡᠭᠦᠨ ᠢ ᠳᠠᠭᠤᠨ ᠤᠷᠭᠤᠬᠤ ᠪᠤᠲᠠ᠂ ᠰᠥᠭᠡᠭ᠌᠂ ᠡᠪᠡᠰᠦ᠂ ᠤᠷᠭᠤᠮᠠᠯ ᠬᠦᠯᠡᠮᠵᠢ ᠢᠢᠨ ᠬᠢ ᠢᠢ ᠰᠢᠩ᠋ᠭᠡᠭᠡᠵᠦ᠂ ᠬᠥᠷᠦᠰᠦᠨ ᠦ ᠴᠢᠭᠢᠭ᠌ ᠢ ᠬᠠᠮᠠᠭᠠᠯᠠᠨ᠂ ᠭᠠᠵᠠᠷ ᠤᠨ ᠳᠣᠷᠤᠢᠢᠲᠠᠯ᠂ ᠴᠥᠯᠵᠢᠯᠲᠡ ᠡᠴᠡ ᠰᠡᠷᠭᠡᠢᠢᠯᠡᠬᠦ ᠳᠥ ᠬᠤᠪᠢ ᠨᠡᠮᠡᠷᠢ ᠪᠡᠨ ᠣᠷᠤᠭᠤᠯᠳᠠᠭ ᠪᠣᠯ 100 ᠮᠢᠩ᠋ᠭ᠎ᠠ ᠪᠠᠷ ᠲᠣᠭᠠᠯᠠᠭᠳᠤᠬᠤ ᠮᠣᠳᠤ ᠲᠠᠷᠢᠬᠤ ᠳᠤ ᠲᠤᠬᠠᠶ ᠢᠢᠨ ᠭᠠᠵᠠᠷ ᠨᠤᠲᠤᠭ ᠢ᠂ ᠬᠠᠷᠢᠨ ᠰᠠᠶ᠎ᠠ᠂ ᠲᠡᠷᠪᠤᠮ ᠮᠣᠳᠤ ᠲᠠᠷᠢᠬᠤ ᠳᠤ ᠪᠦᠰᠡ ᠨᠤᠲᠤᠭ ᠢ ᠡᠷᠡᠭᠦᠯᠵᠢᠭᠦᠯᠬᠦ ᠠᠴᠢ ᠲᠤᠰᠠ ᠲᠠᠢ ᠭᠡᠳᠡᠭ ᠢ ᠡᠷᠳᠡᠮᠲᠡᠳ ᠰᠤᠳᠤᠯᠤᠨ ᠲᠣᠭᠲᠠᠭᠠᠭᠰᠠᠨ ᠪᠠᠢᠢᠳᠠᠭ᠃

ᠮᠣᠩ᠋ᠭᠤᠯ ᠤᠯᠤᠰ ᠤᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ ᠡᠨᠡᠳᠬᠡᠭ᠌ ᠤᠯᠤᠰ ᠤᠨ «ᠡᠵᠢ ᠢᠢᠨ ᠲᠥᠯᠦᠭᠡ ᠨᠢᠭᠡ ᠮᠣᠳᠤ» ᠰᠠᠨᠠᠭᠠᠴᠢᠯᠠᠭ᠎ᠠ ᠢᠢ ᠤᠶᠠᠯᠳᠤᠭᠤᠯᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠶᠡᠷᠦᠩᠬᠡᠶ ᠰᠠᠢᠢᠳ ᠨᠠ᠊·ᠮᠣᠳᠢ ᠨᠠᠷ ᠤᠨ ᠲᠠᠷᠢᠭᠰᠠᠨ ᠮᠣᠳᠤ ᠡᠬᠡ ᠳᠡᠯᠡᠬᠡᠶ ᠢᠢᠨ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠣᠷᠴᠢᠨ ᠢ ᠬᠠᠮᠠᠭᠠᠯᠠᠬᠤ ᠳᠤ ᠴᠢᠭᠯᠡᠭᠰᠡᠨ ᠬᠠᠮᠲᠤ ᠢᠢᠨ ᠬᠦᠴᠦᠨ ᠴᠢᠷᠮᠠᠢᠢᠯᠲᠠ ᠢᠢᠨ ᠢᠯᠡᠷᠬᠡᠢᠢᠯᠡᠯ ᠭᠡᠵᠦ ᠲᠠᠯ᠎ᠠ ᠨᠤᠭᠤᠳ ᠦᠵᠡᠵᠦ ᠪᠠᠢᠢᠨ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ᠂ ᠶᠡᠷᠦᠩᠬᠡᠶ ᠰᠠᠢᠢᠳ ᠨᠠ᠊·ᠮᠣᠳᠢ ᠨᠠᠷ ᠳᠤᠷᠠᠰᠬᠠᠯ ᠤᠨ ᠮᠣᠳᠤ ᠲᠠᠷᠢᠭᠰᠠᠨ ᠤ ᠳᠠᠷᠠᠭ᠎ᠠ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ ᠪᠠᠢᠢᠨ᠎ᠠ᠃