ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋ ᠪᠣᠯᠤᠨ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠢᠢᠨ ᠤᠷᠢᠯᠭ᠎ᠠ ᠪᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠢ ᠬᠣᠯᠪᠤᠭ᠎ᠠ ᠲᠠᠢ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠬᠤ ᠶᠣᠰᠤᠯᠠᠯ ᠳᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠶ ᠰᠠᠢᠢᠳ ᠨᠠ᠊·ᠮᠣᠳᠢ ᠨᠠᠷ ᠣᠷᠤᠯᠴᠠᠯ᠎ᠠ᠃
• «ᠬᠣᠷᠰᠢᠶᠠᠯᠠᠯ ᠢ ᠳᠡᠮᠵᠢᠬᠦ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»
ᠬᠣᠷᠰᠢᠶᠠᠯᠠᠯ ᠤᠨ ᠰᠠᠯᠪᠤᠷᠢ ᠢᠢᠨ ᠬᠥᠷᠦᠩ᠋ᠭᠡ ᠣᠷᠤᠭᠤᠯᠤᠯᠲᠠ᠂ ᠬᠠᠮᠲᠤᠷᠠᠭᠰᠠᠨ ᠦᠢᠯᠡᠳᠪᠦᠷᠢ᠂ ᠲᠧᠭᠨᠣᠯᠤᠭᠢ ᠢᠢᠨ ᠬᠥᠭ᠍ᠵᠢᠯ ᠦᠨ ᠬᠠᠮᠲᠤᠷᠠᠭᠰᠠᠨ ᠰᠠᠨᠠᠭᠠᠴᠢᠯᠠᠭ᠎ᠠ᠂ ᠵᠠᠬ᠎ᠠ ᠵᠡᠭᠡᠯᠢ ᠢᠢ ᠳᠡᠮᠵᠢᠬᠦ ᠪᠣᠳᠤᠯᠭ᠎ᠠ ᠪᠠᠷ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠬᠣᠷᠰᠢᠶᠠᠳ ᠬᠣᠭᠤᠷᠤᠨᠳᠤ ᠢᠢᠨ ᠬᠤᠳᠠᠯᠳᠤᠭᠠᠨ ᠤ ᠲᠦᠩᠰᠢᠯᠡᠯ ᠪᠠᠢᠢᠭᠤᠯᠬᠤ ᠨᠥᠬᠦᠴᠡᠯ ᠪᠦᠷᠢᠳᠦᠨ᠎ᠡ᠃ ᠬᠣᠷᠰᠢᠶᠠᠳ ᠢ ᠲᠤᠬᠠᠶ ᠢᠢᠨ ᠤᠯᠤᠰ᠂ ᠣᠷᠤᠨ ᠨᠤᠲᠤᠭ ᠤᠨ ᠪᠣᠯᠤᠨ ᠣᠯᠠᠨ ᠤᠯᠤᠰ ᠤᠨ ᠵᠠᠬ᠎ᠠ ᠵᠡᠭᠡᠯᠢ ᠲᠡᠢ ᠬᠣᠯᠪᠤᠬᠤ ᠳᠤ ᠳᠡᠮᠵᠢᠯᠭᠡ ᠦᠵᠡᠭᠦᠯᠬᠦ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ᠂ ᠰᠠᠩᠬᠦᠵᠢᠯᠲᠡ ᠢᠢ ᠳᠡᠮᠵᠢᠬᠦ᠂ ᠬᠡᠷᠡᠭᠴᠡᠭᠡ ᠲᠡᠢ ᠴᠢᠭᠯᠡᠯ ᠢᠶᠡᠷ ᠮᠡᠷᠭᠡᠵᠢᠯᠲᠡᠨ ᠪᠡᠯᠡᠳᠬᠡᠬᠦ᠂ ᠢᠨ᠋᠊᠊ᠨᠣᠸᠠᠼ ᠤᠨ ᠴᠢᠭᠯᠡᠯ ᠳᠥ ᠲᠧᠭᠨᠢᠭ ᠦᠨ ᠲᠤᠰᠠᠯᠠᠯᠴᠠᠭ᠎ᠠ ᠦᠵᠡᠭᠦᠯᠬᠦ ᠵᠡᠷᠭᠡ ᠪᠡᠷ ᠬᠠᠮᠲᠤᠷᠠᠨ ᠠᠵᠢᠯᠯᠠᠨ᠎ᠠ᠃
ᠮᠣᠩ᠋ᠭᠤᠯ ᠤᠯᠤᠰ ᠤᠨ ᠵᠠᠰᠠᠭ ᠤᠨ ᠭᠠᠵᠠᠷ «ᠰᠢᠨ᠎ᠡ ᠬᠣᠷᠰᠢᠶ᠎ᠠ» ᠬᠥᠳᠡᠯᠭᠡᠭᠡᠨ ᠦ ᠰᠠᠯᠪᠤᠷᠢ ᠳᠤᠮᠳᠠ ᠢᠢᠨ ᠤᠶᠠᠯᠳᠤᠭ᠎ᠠ ᠢᠢ ᠬᠠᠩ᠋ᠭᠠᠬᠤ ᠦᠨᠳᠦᠰᠦᠨ ᠦ ᠬᠣᠷᠢᠶ᠎ᠠ ᠪᠠᠢᠢᠭᠤᠯᠤᠭᠰᠠᠨ᠃ ᠡᠨᠡ ᠬᠡᠯᠡᠯᠴᠡᠭᠡᠷ ᠨᠢ ᠬᠣᠷᠰᠢᠶᠠᠯᠠᠯ ᠤᠨ ᠰᠠᠯᠪᠤᠷᠢ ᠢᠢ ᠡᠳ᠋ ᠦᠨ ᠵᠠᠰᠠᠭ᠂ ᠪᠣᠯᠪᠠᠰᠤᠷᠠᠯ᠂ ᠰᠤᠷᠭᠠᠯᠲᠠ ᠰᠤᠳᠤᠯᠭ᠎ᠠ᠂ ᠡᠷᠳᠡᠮ ᠰᠢᠨᠵᠢᠯᠡᠭᠡ᠂ ᠣᠯᠠᠨ ᠨᠡᠢᠢᠲᠡ ᠢᠢᠨ ᠴᠢᠭᠯᠡᠯ ᠢᠶᠡᠷ ᠬᠥᠭ᠍ᠵᠢᠭᠦᠯᠦᠨ᠎ᠡ᠃
• «ᠬᠦᠮᠦᠨᠯᠢᠭ ᠦᠨ ᠲᠤᠰᠠᠯᠠᠮᠵᠢ᠂ ᠲᠤᠰᠠᠯᠠᠮᠵᠢ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»

ᠲᠤᠰ ᠲᠤᠰ ᠤᠨ ᠨᠤᠲᠤᠭ ᠳᠡᠪᠢᠰᠬᠡᠷ ᠲᠥ ᠲᠣᠬᠢᠶᠠᠯᠳᠤᠭᠰᠠᠨ ᠲᠣᠮᠣᠬᠠᠨ ᠬᠡᠮᠵᠢᠶᠡᠨ ᠦ ᠭᠠᠮᠰᠢᠭ ᠤᠨ ᠦᠶ᠎ᠡ ᠳᠥ ᠲᠤᠰᠠᠯᠠᠮᠵᠢ ᠦᠵᠡᠭᠦᠯᠬᠦ᠂ ᠬᠠᠷᠢᠭᠤ ᠠᠷᠭ᠎ᠠ ᠬᠡᠮᠵᠢᠶ᠎ᠡ ᠠᠪᠬᠤ᠂ ᠰᠡᠷᠭᠦᠭᠡᠨ ᠪᠣᠰᠬᠠᠬᠤ ᠴᠢᠭᠯᠡᠯ ᠢᠶᠡᠷ ᠬᠠᠷᠢᠯᠴᠠᠨ ᠳᠡᠮᠵᠢᠯᠭᠡ ᠦᠵᠡᠭᠦᠯᠬᠦ ᠪᠡᠷ ᠪᠣᠯᠤᠯ᠎ᠠ᠃ ᠲᠤᠰᠠᠯᠠᠮᠵᠢ ᠢᠢᠨ ᠬᠠᠩ᠋ᠭᠠᠮᠵᠢ ᠢᠢ ᠰᠢᠭᠤᠷᠬᠠᠶ ᠵᠣᠬᠢᠶᠠᠨ ᠪᠠᠢᠢᠭᠤᠯᠬᠤ᠂ ᠣᠷᠤᠨ ᠨᠤᠲᠤᠭ ᠤᠨ ᠴᠢᠳᠠᠪᠬᠢ ᠢᠢ ᠪᠡᠬᠢᠵᠢᠭᠦᠯᠬᠦ᠂ ᠭᠠᠮᠰᠢᠭ ᠤᠨ ᠪᠤᠰᠤᠳ ᠦᠶ᠎ᠡ ᠳᠥ ᠴᠦ ᠬᠦᠮᠦᠨᠯᠢᠭ ᠦᠨ ᠲᠤᠰᠠᠯᠠᠮᠵᠢ᠂ ᠲᠤᠰᠠᠯᠠᠯᠴᠠᠭ᠎ᠠ ᠦᠵᠡᠭᠦᠯᠬᠦ ᠲᠥᠰᠦᠯ᠂ ᠦᠢᠯᠡ ᠠᠵᠢᠯᠯᠠᠭ᠎ᠠ ᠬᠠᠮᠲᠤᠷᠠᠨ ᠵᠣᠬᠢᠶᠠᠨ ᠪᠠᠢᠢᠭᠤᠯᠬᠤ ᠪᠣᠯᠤᠮᠵᠢ ᠪᠦᠷᠢᠳᠦᠯ᠎ᠡ᠃
• «ᠵᠢᠵᠢᠭ᠂ ᠵᠠᠷᠤᠳᠠᠯ ᠪᠠᠭ᠎ᠠ ᠲᠠᠢ ᠲᠥᠰᠦᠯ ᠦᠳ ᠲᠥ ᠡᠨᠡᠳᠬᠡᠭ᠌ ᠦᠨ ᠪᠤᠴᠠᠯᠲᠠ ᠦᠭᠡᠢ ᠲᠤᠰᠠᠯᠠᠮᠵᠢ ᠢᠢ ᠴᠢᠭᠯᠡᠭᠦᠯᠬᠦ ᠳᠥ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»

ᠮᠣᠩ᠋ᠭᠤᠯ ᠤᠯᠤᠰ ᠤᠨ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ ᠳᠥ ᠬᠤᠪᠢ ᠨᠡᠮᠡᠷᠢ ᠣᠷᠤᠭᠤᠯᠬᠤ ᠵᠠᠮ᠂ ᠳᠡᠳ᠋ ᠪᠦᠲᠦᠴᠡ᠂ ᠰᠣᠶᠤᠯ᠂ ᠣᠯᠠᠨ ᠨᠡᠢᠢᠲᠡ ᠢᠢᠨ ᠪᠣᠯᠤᠨ ᠪᠣᠯᠪᠠᠰᠤᠷᠠᠯ᠂ ᠡᠷᠡᠭᠦᠯ ᠮᠡᠨᠳᠦ ᠢᠢᠨ ᠬᠥᠭ᠍ᠵᠢᠯ ᠦᠨ ᠲᠥᠪ ᠪᠠᠢᠢᠭᠤᠯᠬᠤ᠂ ᠲᠡᠳᠡᠭᠡᠷ ᠢ ᠰᠠᠢᠢᠵᠢᠷᠠᠭᠤᠯᠬᠤ᠂ ᠵᠠᠰᠠᠪᠤᠷᠢᠯᠠᠬᠤ ᠵᠡᠷᠭᠡ ᠵᠢᠵᠢᠭ ᠲᠥᠰᠦᠯ ᠦᠳ ᠢ ᠬᠠᠮᠲᠤᠷᠠᠨ ᠬᠡᠷᠡᠭᠵᠢᠭᠦᠯᠦᠨ᠎ᠡ᠃ ᠬᠡᠯᠡᠯᠴᠡᠭᠡᠷ ᠦᠨ ᠳᠠᠭᠠᠭᠤ ᠨᠢᠭᠡ ᠲᠥᠰᠦᠯ ᠳᠥ ᠣᠯᠭᠤᠬᠤ ᠰᠠᠩᠬᠦᠵᠢᠯᠲᠡ 50·0 ᠮᠢᠩ᠋ᠭᠠᠨ ᠠᠮ᠊·ᠳ᠋ᠣᠯᠯᠠᠷ ᠪᠥᠭᠡᠳ ᠬᠡᠷᠡᠭᠵᠢᠭᠦᠯᠬᠦ ᠲᠥᠰᠦᠯ᠂ ᠰᠠᠩᠬᠦᠵᠢᠯᠲᠡ ᠢᠢᠨ ᠡᠬᠢ ᠡᠭᠦᠰᠪᠦᠷᠢ ᠢᠢ ᠨᠡᠮᠡᠬᠦ ᠪᠣᠯᠤᠮᠵᠢ ᠲᠠᠢ᠃ ᠡᠨᠡ ᠬᠦᠷᠢᠶᠡᠨ ᠳᠥ ᠵᠢᠯ ᠳᠥ 2-5 ᠲᠥᠰᠦᠯ ᠬᠡᠷᠡᠭᠵᠢᠭᠦᠯᠬᠦ ᠪᠡᠷ ᠪᠣᠯᠤᠯ᠎ᠠ᠃
• «ᠪᠣᠭᠳᠠ ᠬᠠᠭᠠᠨ ᠤ ᠡᠪᠦᠯ ᠦᠨ ᠣᠷᠳᠤᠨ ᠢ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»
VIII ᠪᠣᠭᠳᠠ ᠵᠢᠪᠵᠤᠨᠳᠠᠮᠪᠠ ᠬᠠᠭᠠᠨ ᠤ ᠡᠪᠦᠯ ᠦᠨ ᠣᠷᠳᠤᠨ ᠢ ᠡᠨᠡᠳᠬᠡᠭ᠌ ᠦᠨ ᠲᠠᠯ᠎ᠠ ᠲᠠᠢ ᠬᠠᠮᠲᠤᠷᠠᠨ ᠰᠡᠷᠭᠦᠭᠡᠨ ᠵᠠᠰᠠᠪᠤᠷᠢᠯᠠᠵᠤ᠂ ᠲᠡᠦᠬᠡ᠂ ᠰᠣᠶᠤᠯ ᠤᠨ ᠦᠯᠦ ᠬᠥᠳᠡᠯᠬᠦ ᠳᠤᠷᠠᠰᠬᠠᠯ ᠤᠨ ᠡᠬᠢ ᠲᠥᠷᠬᠦ᠂ ᠪᠦᠷᠢᠨ ᠪᠠᠢᠢᠳᠠᠯ ᠢ ᠬᠠᠮᠠᠭᠠᠯᠠᠬᠤ᠂ ᠭᠠᠳᠠᠭᠠᠳᠤ᠂ ᠳᠣᠲᠤᠭᠠᠳᠤ ᠣᠷᠴᠢᠨ ᠢ ᠰᠠᠢᠢᠵᠢᠷᠠᠭᠤᠯᠬᠤ᠂ ᠦᠵᠡᠭᠦᠯᠦᠨ ᠳᠢᠭᠯᠡᠯᠲᠡ ᠢᠢᠨ ᠲᠥᠯᠦᠪᠯᠡᠭᠡ ᠢᠢ ᠰᠢᠨᠡᠴᠢᠯᠠᠬᠦ᠂ ᠦᠵᠡᠭᠴᠢᠳ ᠦᠨ ᠲᠠᠪᠠ ᠲᠤᠬ᠎ᠠ ᠢᠢ ᠬᠠᠩ᠋ᠭᠠᠬᠤ᠂ ᠰᠣᠶᠤᠯ ᠤᠨ ᠪᠡᠶᠡᠲᠦ ᠥᠪ ᠦᠨ ᠬᠠᠮᠠᠭᠠᠯᠠᠯᠲᠠ ᠢᠢ ᠰᠠᠢᠢᠵᠢᠷᠠᠭᠤᠯᠬᠤ ᠪᠣᠯᠤᠮᠵᠢ ᠪᠦᠷᠢᠳᠦᠯ᠎ᠡ᠃
• «ᠭᠧᠣᠯᠤᠭᠢ᠂ ᠠᠰᠢᠭᠲᠤ ᠮᠠᠯᠲᠠᠮᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠶᠠᠮᠤᠨ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠠᠭᠤᠯᠠ ᠠᠭᠤᠷᠬᠠᠶ ᠢᠢᠨ ᠶᠠᠮᠤᠨ ᠬᠣᠭᠤᠷᠤᠨᠳᠤ ᠢᠢᠨ ᠰᠠᠨᠠᠮᠵᠢ ᠪᠢᠴᠢᠭ᠌»

ᠬᠣᠶᠠᠷ ᠤᠯᠤᠰ ᠤᠨ ᠨᠡᠢᠢᠭᠡᠮ᠂ ᠡᠳ᠋ ᠦᠨ ᠵᠠᠰᠠᠭ᠂ ᠲᠧᠭᠨᠣᠯᠤᠭᠢ᠂ ᠪᠠᠢᠢᠭᠠᠯᠢ ᠣᠷᠴᠢᠨ ᠤ ᠬᠥᠭ᠍ᠵᠢᠯ ᠢ ᠳᠡᠮᠵᠢᠬᠦ ᠵᠣᠷᠢᠯᠭ᠎ᠠ ᠪᠦᠬᠦᠢ ᠬᠡᠯᠡᠯᠴᠡᠭᠡᠷ ᠦᠨ ᠬᠦᠷᠢᠶᠡᠨ ᠳᠥ ᠠᠰᠢᠭᠲᠤ ᠮᠠᠯᠲᠠᠮᠠᠯ ᠤᠨ ᠬᠡᠲᠦ ᠢᠢᠨ ᠲᠥᠯᠦᠪ ᠪᠦᠬᠦᠢ ᠪᠦᠰᠡ᠂ ᠲᠠᠯᠠᠪᠠᠢ ᠳᠤ ᠣᠷᠴᠢᠨ ᠦᠶ᠎ᠡ ᠢᠢᠨ ᠳᠡᠪᠰᠢᠯᠲᠡᠲᠦ ᠲᠧᠭᠨᠢᠭ᠂ ᠲᠧᠭᠨᠣᠯᠤᠭᠢ ᠠᠰᠢᠭᠯᠠᠨ ᠭᠧᠣᠯᠤᠭᠢ ᠢᠢᠨ ᠰᠤᠳᠤᠯᠭ᠎ᠠ᠂ ᠡᠷᠢᠯ ᠦᠨ ᠠᠵᠢᠯ ᠭᠦᠢᠴᠡᠳᠬᠡᠬᠦ᠂ ᠭᠸᠣ᠋ ᠰᠢᠨᠵᠢᠯᠡᠬᠦ ᠤᠬᠠᠭᠠᠨ ᠤ ᠴᠢᠭᠯᠡᠯ ᠢᠶᠡᠷ ᠬᠠᠮᠲᠤᠷᠠᠭᠰᠠᠨ ᠲᠥᠰᠦᠯ ᠪᠣᠯᠪᠠᠰᠤᠷᠠᠭᠤᠯᠬᠤ᠂ ᠬᠥᠷᠦᠩ᠋ᠭᠡ ᠣᠷᠤᠭᠤᠯᠤᠯᠲᠠ ᠲᠠᠲᠠᠬᠤ᠂ ᠡᠷᠦᠳᠡᠰᠦ ᠪᠠᠶᠠᠯᠢᠭ ᠪᠣᠯᠤᠨ ᠪᠠᠢᠢᠭᠠᠯᠢ ᠣᠷᠴᠢᠨ ᠤ ᠮᠧᠨᠧᠵᠮᠧᠨ᠋ᠲ ᠦᠨ ᠴᠢᠭᠯᠡᠯ ᠢᠶᠡᠷ ᠮᠡᠳᠡᠯᠭᠡ᠂ ᠲᠤᠷᠰᠢᠯᠭ᠎ᠠ ᠰᠣᠯᠢᠯᠴᠠᠬᠤ ᠵᠡᠷᠭᠡ ᠪᠡᠷ ᠬᠠᠮᠲᠤᠷᠠᠨ ᠠᠵᠢᠯᠯᠠᠨ᠎ᠠ᠃
• «ᠰᠣᠶᠤᠯ ᠤᠨ ᠰᠣᠯᠢᠯᠴᠠᠭᠠᠨ ᠤ ᠲᠤᠬᠠᠶ ᠮᠣᠩ᠋ᠭᠤᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠰᠣᠶᠤᠯ ᠤᠨ ᠶᠠᠮᠤᠨ ᠬᠣᠭᠤᠷᠤᠨᠳᠤ ᠢᠢᠨ 2025-2029 ᠣᠨ ᠤ ᠬᠥᠲᠦᠯᠪᠦᠷᠢ»
ᠬᠣᠶᠠᠷ ᠣᠷᠤᠨ ᠤ ᠰᠣᠩ᠋ᠭᠤᠳᠠᠭ ᠪᠣᠯᠤᠨ ᠠᠷᠠᠳ ᠤᠨ ᠤᠷᠠᠯᠢᠭ ᠤᠨ ᠲᠠᠯᠠᠭᠠᠷᠬᠢ ᠣᠢᠢᠯᠠᠭᠠᠯᠲᠠ ᠢᠢ ᠬᠠᠷᠢᠯᠴᠠᠨ ᠳᠡᠯᠭᠡᠷᠡᠭᠦᠯᠬᠦ᠂ ᠤᠷᠠᠯᠢᠭ᠂ ᠰᠣᠶᠤᠯ ᠤᠨ ᠥᠪ ᠢ ᠬᠠᠮᠠᠭᠠᠯᠠᠬᠤ᠂ ᠡᠷᠲᠡᠨ ᠦ ᠬᠥᠰᠢᠶ᠎ᠡ ᠳᠤᠷᠠᠰᠬᠠᠯ᠂ ᠬᠣᠲᠠ ᠰᠠᠭᠤᠷᠢᠨ᠂ ᠰᠦᠮ᠎ᠡ ᠬᠡᠢᠢᠳ ᠦᠨ ᠦᠯᠡᠳᠡᠭᠳᠡᠯ᠂ ᠠᠷᠬᠧᠣᠯᠤᠭᠢ ᠢᠢᠨ ᠣᠯᠳᠠᠪᠤᠷᠢ ᠢᠢ ᠰᠡᠷᠭᠦᠭᠡᠨ ᠵᠠᠰᠠᠪᠤᠷᠢᠯᠠᠬᠤ᠂ ᠠᠯᠳᠠᠷᠲᠠᠢ ᠵᠣᠬᠢᠶᠠᠯᠴᠢ᠂ ᠢᠷᠠᠭᠤ ᠨᠠᠢᠢᠷᠠᠭᠴᠢᠳ ᠤᠨ ᠪᠦᠲᠦᠭᠡᠯ ᠢ ᠣᠷᠴᠢᠭᠤᠯᠤᠨ ᠨᠡᠢᠢᠲᠡᠯᠡᠬᠦ᠂ ᠣᠯᠠᠨ ᠤᠯᠤᠰ ᠤᠨ ᠲᠥᠪᠰᠢᠨ ᠳᠥ ᠰᠣᠶᠤᠯ ᠤᠨ ᠰᠣᠯᠢᠯᠴᠠᠭ᠎ᠠ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠤᠯ᠎ᠠ᠃
• «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠠᠤᠯᠢ ᠵᠦᠢ᠂ ᠳᠣᠲᠤᠭᠠᠳᠤ ᠬᠡᠷᠡᠭ ᠦᠨ ᠶᠠᠮᠤᠨ ᠤ ᠬᠠᠷᠢᠶ᠎ᠠ ᠭᠠᠳᠠᠭᠠᠳᠤ ᠢᠢᠨ ᠢᠷᠭᠡᠨ᠂ ᠬᠠᠷᠢᠶᠠᠲᠤ ᠢᠢᠨ ᠭᠠᠵᠠᠷ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠳᠣᠲᠤᠭᠠᠳᠤ ᠬᠡᠷᠡᠭ ᠦᠨ ᠶᠠᠮᠤᠨ ᠤ ᠬᠠᠷᠢᠶ᠎ᠠ ᠴᠠᠭᠠᠴᠢᠯᠠᠯ ᠤᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»

ᠬᠣᠶᠠᠷ ᠤᠯᠤᠰ ᠤᠨ ᠴᠠᠭᠠᠴᠢᠯᠠᠯ ᠤᠨ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠦᠨᠳᠦᠰᠦ ᠢᠢ ᠲᠠᠯᠪᠢᠯ᠎ᠠ᠃ ᠢᠩ᠋ᠭᠢᠭ᠍ᠰᠡᠨ ᠢᠶᠡᠷ ᠲᠠᠯ᠎ᠠ ᠨᠤᠭᠤᠳ ᠠᠯᠪᠠᠨ ᠬᠠᠭᠠᠭᠴᠢᠳ ᠤᠨ ᠢᠶᠠᠨ ᠮᠡᠷᠭᠡᠵᠢᠯ ᠦᠨ ᠤᠷ᠎ᠠ ᠴᠢᠳᠠᠪᠤᠷᠢ ᠢᠢ ᠳᠡᠭᠡᠭ᠍ᠰᠢᠯᠠᠭᠦᠯᠬᠦ᠂ ᠰᠠᠢᠢᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ᠂ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ᠂ ᠵᠢᠭᠤᠯᠴᠢᠳ ᠤᠨ ᠵᠣᠷᠴᠢᠬᠤ ᠬᠥᠳᠡᠯᠭᠡᠭᠡᠨ ᠢ ᠬᠥᠩ᠋ᠭᠡᠪᠴᠢᠯᠡᠬᠦ ᠨᠥᠬᠦᠴᠡᠯ ᠪᠦᠷᠢᠳᠦᠨ᠎ᠡ᠃
• «ᠮᠣᠩ᠋ᠭᠤᠯ ᠤᠯᠤᠰ ᠤᠨ ᠠᠷᠤᠬᠠᠩ᠋ᠭᠠᠶ ᠠᠢᠢᠮᠠᠭ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠯᠧᠾ ᠬᠣᠲᠠ ᠳ᠋ᠠᠬᠢ ᠯᠠᠳᠠᠻ ᠤᠨ ᠠᠦ᠋᠋ᠲ᠋ᠣᠨᠤᠮᠢᠲ᠋ ᠪᠦᠰᠡ ᠢᠢᠨ ᠬᠥᠭ᠍ᠵᠢᠯ ᠦᠨ ᠵᠥᠪᠯᠡᠯ ᠬᠣᠭᠤᠷᠤᠨᠳᠤ ᠢᠢᠨ ᠬᠠᠮᠲᠤᠷᠠᠨ ᠠᠵᠢᠯᠯᠠᠬᠤ ᠲᠤᠬᠠᠶ ᠰᠠᠨᠠᠮᠵᠢ ᠪᠢᠴᠢᠭ᠌»

ᠣᠷᠤᠨ ᠨᠤᠲᠤᠭ ᠤᠨ ᠬᠡᠮᠵᠢᠶᠡᠨ ᠳᠥ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠦᠨ ᠭᠦᠨᠵᠡᠭᠡᠢᠢᠷᠡᠭᠦᠯᠬᠦ᠂ ᠨᠠᠢᠢᠷᠠᠮᠳᠠᠯᠲᠤ ᠬᠠᠷᠢᠯᠴᠠᠭ᠎ᠠ ᠢᠢ ᠪᠡᠬᠢᠵᠢᠭᠦᠯᠬᠦ ᠵᠣᠷᠢᠯᠭ᠎ᠠ ᠪᠠᠷ ᠦᠨᠳᠦᠰᠦᠨ ᠦ ᠤᠷᠠᠯᠢᠭ᠂ ᠰᠣᠶᠤᠯ᠂ ᠰᠫᠣᠷᠲ᠂ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠯ᠎ᠠ᠃
• «ᠴᠠᠬᠢᠮ ᠰᠢᠯᠵᠢᠯᠲᠡ ᠢᠢ ᠨᠡᠢᠢᠲᠡ ᠬᠦᠮᠦᠨ ᠠᠮᠠ ᠳᠤ ᠬᠦᠷᠲᠡᠭᠡᠮᠵᠢ ᠲᠡᠢ ᠬᠡᠷᠡᠭᠵᠢᠭᠦᠯᠬᠦ ᠳᠥ ᠴᠢᠭᠯᠡᠭᠰᠡᠨ ᠠᠮᠵᠢᠯᠲᠠᠲᠠᠢ ᠲᠤᠷᠰᠢᠯᠭ᠎ᠠ ᠨᠤᠭᠤᠳ ᠢ ᠬᠠᠷᠢᠯᠴᠠᠨ ᠬᠤᠪᠢᠶᠠᠯᠴᠠᠬᠤ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠴᠠᠬᠢᠮ ᠬᠥᠭ᠍ᠵᠢᠯ᠂ ᠢᠨ᠋᠊᠊ᠨᠣᠸᠠᠼ᠂ ᠬᠠᠷᠢᠯᠴᠠᠭ᠎ᠠ ᠬᠣᠯᠪᠤᠭᠠᠨ ᠤ ᠶᠠᠮᠤᠨ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠴᠠᠬᠢᠮ᠂ ᠮᠡᠳᠡᠭᠡᠯᠡᠯ ᠲᠧᠭᠨᠣᠯᠤᠭᠢ ᠢᠢᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌»
ᠴᠠᠬᠢᠮ ᠰᠢᠯᠵᠢᠯᠲᠡ ᠢᠢ ᠬᠡᠷᠡᠭᠵᠢᠭᠦᠯᠵᠦ ᠪᠤᠢ ᠠᠯᠪᠠᠨ ᠲᠤᠰᠢᠶᠠᠯᠲᠠᠨ ᠨᠤᠭᠤᠳ ᠤᠨ ᠴᠢᠳᠠᠪᠬᠢ ᠢᠢ ᠪᠡᠬᠢᠵᠢᠭᠦᠯᠬᠦ᠂ ᠰᠠᠢᠢᠨ ᠲᠤᠷᠰᠢᠯᠭ᠎ᠠ᠂ ᠬᠣᠯᠪᠤᠭᠳᠤᠬᠤ ᠮᠠᠲ᠋ᠧᠷᠢᠶᠠᠯ᠂ ᠮᠡᠳᠡᠭᠡᠯᠡᠯ ᠰᠣᠯᠢᠯᠴᠠᠬᠤ᠂ ᠲᠧᠭᠨᠢᠭ᠂ ᠡᠳ᠋ ᠦᠨ ᠵᠠᠰᠠᠭ ᠤᠨ ᠦᠨᠳᠦᠰᠦᠯᠡᠯ ᠪᠣᠯᠤᠨ ᠴᠠᠬᠢᠮ ᠪᠡᠯᠡᠨ ᠪᠠᠢᠢᠳᠠᠯ ᠤᠨ ᠦᠨᠡᠯᠡᠭᠡ ᠬᠢᠬᠦ᠂ ᠬᠣᠯᠪᠤᠭᠳᠤᠬᠤ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠵᠡᠷᠭᠡ ᠪᠡᠷ ᠬᠠᠮᠲᠤᠷᠠᠨ ᠠᠵᠢᠯᠯᠠᠨ᠎ᠠ᠃