ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠰ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋ ᠲᠠᠶ ᠶᠡᠷᠦᠩᠬᠡᠢᠢᠯᠡᠭᠴᠢ ᠢᠢᠨ ᠣᠷᠳᠤᠨ ᠳᠤ ᠠᠭᠤᠯᠵᠠᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠰᠦᠷᠯᠢᠭ ᠾᠢᠮᠠᠯᠠᠶ ᠢᠢᠨ ᠠᠭᠤᠯᠠᠰ᠂ ᠥᠩ᠋ᠭᠡ ᠠᠯᠠᠭᠯᠠᠭᠰᠠᠨ ᠥᠪ ᠰᠣᠶᠤᠯ᠂ ᠡᠷᠲᠡᠨ ᠦ ᠭᠦᠨ ᠤᠬᠠᠭᠠᠨ ᠪᠣᠯᠤᠨ ᠣᠷᠴᠢᠨ ᠴᠠᠭ ᠤᠨ ᠬᠥᠭ᠍ᠵᠢᠯ ᠳᠡᠪᠰᠢᠯ ᠢ ᠬᠤᠤᠰᠯᠠᠭᠤᠯᠤᠭᠰᠠᠨ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠳᠤ ᠪᠠᠨ ᠪᠠᠶᠠᠷ ᠲᠠᠢ ᠪᠤᠢ ᠪᠠᠨ ᠢᠯᠡᠷᠬᠡᠢᠢᠯᠡᠯ᠎ᠡ᠃

ᠮᠣᠩ᠋ᠭᠤᠯ ᠤᠨ ᠲᠠᠯ᠎ᠠ ᠢᠢᠨ ᠲᠥᠯᠦᠭᠡᠯᠡᠭᠴᠢᠳ ᠢ ᠡᠯᠢᠭᠡᠰᠡᠭ ᠳᠣᠲᠤᠨᠤ᠂ ᠬᠠᠯᠠᠭᠤᠨ ᠰᠡᠳᠬᠢᠯ ᠢᠶᠡᠷ ᠬᠦᠯᠢᠶᠡᠨ ᠠᠪᠴᠤ ᠪᠤᠢ ᠶᠡᠷᠦᠩᠬᠡᠢᠢᠯᠡᠭᠴᠢ ᠪᠣᠯᠤᠨ ᠡᠨᠡᠳᠬᠡᠭ᠌ ᠦᠨ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃
ᠶᠡᠷᠦᠩᠬᠡᠢᠢᠯᠡᠭᠴᠢ ᠳ᠋ᠷᠣ᠊·ᠮᠦᠷᠮᠦ᠋᠂ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠡᠨᠡ ᠬᠦ ᠲᠥᠷᠦ ᠢᠢᠨ ᠠᠢᠢᠯᠴᠢᠯᠠᠯ ᠬᠣᠶᠠᠷ ᠣᠷᠤᠨ ᠤ ᠠᠷᠠᠳ ᠲᠦᠮᠡᠨ ᠦ ᠨᠠᠢᠢᠷᠠᠮᠳᠠᠯ ᠨᠥᠬᠦᠷᠯᠡᠯ᠂ ᠬᠠᠷᠢᠯᠴᠠᠨ ᠢᠲᠡᠭᠡᠯᠴᠡᠯ᠂ ᠬᠦᠨᠳᠦᠯᠡᠯ᠂ ᠣᠶᠤᠨ ᠰᠠᠨᠠᠭᠠᠨ ᠤ ᠬᠥᠷᠰᠢ ᠢᠢᠨ ᠨᠠᠨᠳᠢᠨ ᠬᠣᠯᠪᠤᠭ᠎ᠠ ᠢᠢ ᠪᠡᠬᠢᠵᠢᠭᠦᠯᠵᠦ᠂ ᠢᠷᠡᠭᠡᠳᠦᠶ ᠢᠢᠨ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠦᠪ ᠢ ᠲᠣᠳᠤᠷᠬᠠᠢᠢᠯᠠᠬᠤ ᠳᠤ ᠴᠢᠬᠤᠯᠠ ᠠᠴᠢ ᠬᠣᠯᠪᠤᠭᠳᠠᠯ ᠲᠠᠢ᠂ ᠲᠡᠦᠬᠡᠨ ᠠᠢᠢᠯᠴᠢᠯᠠᠯ ᠪᠣᠯᠵᠤ ᠪᠤᠢ ᠢᠢ ᠣᠨᠴᠠᠯᠠᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠡᠨᠡᠳᠬᠡᠭ᠌ ᠦᠨ ᠬᠥᠩ᠋ᠭᠡᠯᠡᠯᠲᠡᠲᠡᠢ ᠵᠢᠭᠡᠯᠡ᠂ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠵᠦ ᠪᠤᠢ ᠲᠥᠰᠦᠯ ᠦᠳ᠂ ᠲᠡᠭᠦᠨ ᠦ ᠳᠣᠲᠤᠷ᠎ᠠ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ ᠭᠠᠵᠠᠷ ᠤᠨ ᠲᠣᠰᠤ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠬᠤ ᠲᠥᠰᠦᠯ ᠢ ᠲᠥᠯᠦᠪᠯᠡᠭᠰᠡᠨ ᠬᠤᠭᠤᠴᠠᠭᠠᠨ ᠳᠤ ᠨᠢ ᠬᠡᠷᠡᠭᠵᠢᠭᠦᠯᠬᠦ ᠳᠥ ᠪᠦᠬᠦ ᠲᠠᠯ᠎ᠠ ᠪᠠᠷ ᠳᠡᠮᠵᠢᠨ᠂ ᠬᠠᠮᠲᠤᠷᠠᠨ ᠠᠵᠢᠯᠯᠠᠵᠤ ᠪᠤᠢ ᠡᠨᠡᠳᠬᠡᠭ᠌ ᠦᠨ ᠲᠥᠷᠦ᠂ ᠵᠠᠰᠠᠭ ᠲᠤ ᠲᠠᠯᠠᠷᠬᠠᠯ ᠢᠯᠡᠷᠬᠡᠢᠢᠯᠡᠯ᠎ᠡ᠃
ᠲᠡᠭᠦᠨᠴᠢᠯᠡᠨ ᠡᠨᠡᠳᠬᠡᠭ᠌ ᠤᠯᠤᠰ ᠰᠡᠷᠭᠦᠭᠡᠭ᠍ᠳᠦᠬᠦ ᠡᠷᠴᠢᠮ ᠬᠦᠴᠦ᠂ ᠴᠥᠮ ᠦᠨ ᠪᠣᠯᠤᠨ ᠤᠯᠠᠮᠵᠢᠯᠠᠯᠲᠤ ᠡᠷᠴᠢᠮ ᠬᠦᠴᠦᠨ ᠦ ᠰᠠᠯᠪᠤᠷᠢ ᠳᠤ ᠳᠡᠯᠡᠬᠡᠶ ᠳᠥ ᠲᠡᠷᠢᠭᠦᠯᠡᠭᠴᠢ ᠢᠢᠨ ᠪᠠᠢᠢᠷᠢ ᠰᠠᠭᠤᠷᠢ ᠪᠠᠨ ᠪᠠᠲᠤᠳᠬᠠᠵᠤ᠂ «ᠣᠯᠠᠨ ᠤᠯᠤᠰ ᠤᠨ ᠨᠠᠷᠠᠨ ᠤ ᠡᠷᠴᠢᠮ ᠬᠦᠴᠦᠨ ᠦ ᠬᠣᠯᠪᠤᠭ᠎ᠠ» ᠊ᠢᠢ ᠰᠠᠨᠠᠭᠠᠴᠢᠯᠠᠨ᠂ ᠳᠡᠯᠡᠬᠡᠶ ᠢᠢᠨ ᠡᠷᠴᠢᠮ ᠬᠦᠴᠦᠨ ᠦ ᠰᠢᠯᠵᠢᠯᠲᠡ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠪᠤᠢ ᠢᠢ ᠥᠨᠳᠦᠷ ᠢᠶᠡᠷ ᠦᠨᠡᠯᠡᠵᠦ᠂ ᠲᠠᠯᠠᠷᠬᠠᠨ ᠳᠡᠮᠵᠢᠵᠦ ᠪᠤᠢ ᠢᠢ ᠲᠡᠮᠳᠡᠭᠯᠡᠪᠡ᠃

ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠬᠡᠯᠡᠯᠴᠡᠵᠦ᠂ ᠲᠣᠬᠢᠷᠠᠭᠰᠠᠨ ᠠᠵᠢᠯ ᠤᠳ ᠬᠣᠶᠠᠷ ᠤᠯᠤᠰ ᠤᠨ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠮᠣᠩ᠋ᠭᠤᠯ᠂ ᠡᠨᠡᠳᠬᠡᠭ᠌ ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠬᠥᠭ᠍ᠵᠢᠨ᠎ᠡ ᠭᠡᠳᠡᠭ ᠲᠥ ᠲᠥᠷᠦ ᠢᠢᠨ ᠲᠡᠷᠢᠭᠦᠨ ᠨᠠᠷ ᠢᠲᠡᠭᠡᠯ ᠲᠡᠢ ᠪᠤᠢ ᠪᠠᠨ ᠢᠯᠡᠷᠬᠡᠢᠢᠯᠡᠯ᠎ᠡ᠃
ᠲᠡᠭᠦᠨᠴᠢᠯᠡᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠭᠡᠳᠡᠭ ᠢᠶᠡᠨ ᠨᠤᠲᠠᠯᠠᠯ᠎ᠠ᠃

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋ ᠪᠾᠦ᠋ᠪᠠᠨᠧᠰᠸᠠᠷ ᠬᠣᠲᠠ ᠢᠢᠨ ᠷᠠᠮᠠᠳᠧᠸᠢ ᠡᠮᠡᠭᠲᠡᠢᠢᠴᠦᠳ ᠦᠨ ᠻᠣᠯᠯᠧᠵᠢ ᠲᠡᠭᠦᠰᠦᠭᠰᠡᠨ ᠪᠥᠭᠡᠳ ᠲᠣᠰᠬᠤᠨ ᠠᠴᠠ ᠪᠠᠨ ᠻᠣᠯᠯᠧᠵᠢ ᠢᠢᠨ ᠪᠣᠯᠪᠠᠰᠤᠷᠠᠯ ᠡᠵᠡᠮᠰᠢᠭᠰᠡᠨ ᠠᠩᠬᠠᠨ ᠤ ᠡᠮᠡᠭᠲᠡᠶ ᠶᠤᠮ᠃ ᠮᠥᠨ 2015-2021 ᠣᠨ ᠳᠤ ᠵᠾᠠᠷᠬᠠᠨ᠋ᠳ᠋ ᠮᠤᠵᠢ ᠢᠢᠨ ᠠᠮᠪᠠᠨ ᠵᠠᠬᠢᠷᠤᠭᠴᠢ ᠪᠠᠷ ᠠᠵᠢᠯᠯᠠᠭᠰᠠᠨ ᠠᠩᠬᠠᠨ ᠤ ᠡᠮᠡᠭᠲᠡᠶ ᠪᠣᠯᠵᠤ ᠪᠠᠢᠢᠵᠠᠶ᠃
ᠲᠡᠷᠡ ᠪᠡᠷ 2022 ᠣᠨ ᠳᠤ ᠦᠨᠳᠦᠰᠦᠨ ᠦ ᠠᠷᠠᠳᠴᠢᠯᠠᠭᠰᠠᠨ ᠡᠪᠰᠡᠯ ᠡᠴᠡ ᠶᠡᠷᠦᠩᠬᠡᠢᠢᠯᠡᠭᠴᠢ ᠢᠢᠨ ᠰᠣᠩ᠋ᠭᠤᠭᠤᠯᠢ ᠳᠤ ᠨᠡᠷ᠎ᠡ ᠳᠡᠪᠰᠢᠵᠦ ᠢᠯᠠᠯᠲᠠ ᠪᠠᠢᠢᠭᠤᠯᠤᠭᠰᠠᠨ᠃ ᠮᠥᠨ ᠣᠨ ᠤ ᠳᠣᠯᠤᠭᠠᠳ᠋ᠤᠭᠠᠷ ᠰᠠᠷ᠎ᠠ ᠠᠴᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ 15 ᠳ᠋ᠠᠬᠢ ᠶᠡᠷᠦᠩᠬᠡᠢᠢᠯᠡᠭᠴᠢ ᠪᠡᠷ ᠠᠵᠢᠯᠯᠠᠵᠤ ᠪᠠᠢᠢᠨ᠎ᠠ᠃