ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠳᠡᠯᠡᠬᠡᠶ ᠢᠢᠨ ᠡᠩᠬᠡ ᠲᠠᠢᠢᠪᠤᠩ᠂ ᠰᠢᠳᠤᠷᠭᠤ ᠶᠣᠰᠤᠨ ᠤ ᠪᠡᠯᠭᠡ ᠲᠡᠮᠳᠡᠭ ᠪᠣᠯᠤᠭᠰᠠᠨ ᠠᠤᠭ᠎ᠠ ᠰᠤᠤᠲᠤ ᠬᠦᠮᠦᠨ ᠮᠠᠾᠠᠲ᠋ᠮᠠ ᠭᠠᠨᠳᠢ ᠢᠢᠨ ᠳᠤᠷᠠᠰᠬᠠᠯ ᠤᠨ ᠴᠣᠭᠴᠠᠯᠠᠪᠤᠷᠢ ᠳᠤ ᠬᠦᠨᠳᠦᠳᠬᠡᠯ ᠦᠵᠡᠭᠦᠯᠵᠦ᠂ ᠴᠡᠴᠡᠭ ᠡᠷᠭᠦᠯ᠎ᠡ᠃
ᠲᠡᠷᠡ ᠪᠡᠷ ᠴᠣᠭᠴᠠᠯᠠᠪᠤᠷᠢ ᠢᠢᠨ ᠬᠦᠨᠳᠦᠲᠦ ᠵᠣᠴᠢᠨ ᠤ ᠳᠡᠪᠲᠡᠷ ᠲᠥ «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠮᠢᠩ᠋ᠭ᠎ᠠ ᠮᠢᠩ᠋ᠭᠠᠨ ᠢᠶᠠᠷ ᠬᠡᠮᠵᠢᠭᠳᠦᠬᠦ ᠠᠭᠤᠤ ᠰᠣᠶᠤᠯ ᠢᠷᠭᠡᠨᠰᠢᠯ ᠦᠨ ᠥᠯᠦᠭᠡᠶ ᠨᠤᠲᠤᠭ᠂ ᠦᠵᠡᠰᠬᠦᠯᠡᠩᠲᠦ ᠪᠾᠠᠷᠠᠲ᠋ ᠣᠷᠤᠨ ᠢᠶᠠᠨ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃
ᠡᠨᠡᠳᠬᠡᠭ᠌ ᠦᠨ ᠨᠠᠢᠢᠷᠰᠠᠭ ᠠᠷᠠᠳ ᠲᠦᠮᠡᠨ ᠳᠥ ᠠᠮᠵᠢᠯᠲᠠ ᠪᠦᠲᠦᠭᠡᠯ᠂ ᠰᠠᠢᠢᠨ ᠰᠠᠢᠢᠬᠠᠨ ᠪᠦᠬᠦᠨ ᠢ ᠮᠣᠩ᠋ᠭᠤᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠬᠦᠰᠡᠨ ᠢᠷᠦᠭᠡᠶ ᠡ» ᠬᠡᠮᠡᠨ ᠪᠢᠴᠢᠵᠦ ᠦᠯᠡᠳᠡᠭᠡᠯ᠎ᠡ᠃

ᠰᠢᠨ᠎ᠡ ᠳ᠋ᠧᠯᠢ ᠬᠣᠲᠠ ᠢᠢᠨ ᠶᠠᠮᠦ᠋ᠨᠠ ᠮᠥᠷᠡᠨ ᠦ ᠡᠷᠭᠢ ᠳᠥ ᠪᠠᠢᠢᠷᠢᠯᠠᠳᠠᠭ ᠡᠨᠡ ᠴᠣᠭᠴᠠᠯᠠᠪᠤᠷᠢ ᠨᠢ ᠮᠠᠾᠠᠲ᠋ᠮᠠ ᠭᠠᠨᠳᠢ ᠢᠢ ᠣᠷᠤᠰᠢᠭᠤᠯᠤᠭᠰᠠᠨ ᠠᠷᠢᠭᠤᠨ ᠭᠠᠵᠠᠷ ᠶᠤᠮ᠃
ᠴᠣᠭᠴᠠᠯᠠᠪᠤᠷᠢ ᠢᠢᠨ ᠭᠣᠣᠯ ᠳᠤ ᠳᠥᠷᠪᠡᠯᠵᠢᠨ ᠬᠡᠯᠪᠡᠷᠢ ᠲᠡᠢ ᠬᠠᠷ᠎ᠠ ᠭᠠᠨᠲᠢᠭ ᠴᠢᠯᠠᠭᠤ ᠪᠠᠷ ᠬᠢᠭ᠍ᠰᠡᠨ ᠪᠤᠩᠬᠤᠨ ᠪᠤᠢ᠃ ᠳᠤᠷᠠᠰᠬᠠᠯ ᠤᠨ ᠰᠠᠮᠪᠠᠷ᠎ᠠ ᠳᠤ ᠭᠠᠨᠳᠢ ᠢᠢᠨ «ᠾᠧᠶ ᠷᠠᠮ» ᠪᠤᠶᠤ «ᠦ ᠪᠤᠷᠬᠠᠨ ᠮᠢᠨᠢ» ᠬᠡᠮᠡᠨ ᠬᠡᠯᠡᠭᠰᠡᠨ ᠰᠡᠭᠦᠯᠴᠢ ᠢᠢᠨ ᠦᠭᠡ ᠢᠢ ᠨᠢ ᠰᠡᠢᠢᠯᠵᠡᠶ᠃
ᠡᠨᠡᠳᠬᠡᠭ᠌ ᠦᠨ ᠠᠷᠠᠳ ᠲᠦᠮᠡᠨ ᠦ ᠬᠤᠪᠢ ᠳᠤ ᠡᠩᠬᠡ ᠲᠠᠢᠢᠪᠤᠩ᠂ ᠡᠪ ᠨᠢᠭᠡᠳᠦᠯ᠂ ᠰᠢᠳᠤᠷᠭᠤ ᠶᠣᠰᠤᠨ ᠤ ᠠᠷᠢᠭᠤᠨ ᠪᠡᠯᠭᠡ ᠲᠡᠮᠳᠡᠭ ᠪᠣᠯᠤᠭᠰᠠᠨ ᠡᠨᠡ ᠭᠠᠵᠠᠷ ᠲᠤ ᠳᠡᠯᠡᠬᠡᠶ ᠢᠢᠨ ᠥᠨᠴᠦᠭ ᠪᠤᠯᠤᠩ ᠪᠦᠷᠢ ᠡᠴᠡ ᠬᠦᠷᠦᠯᠴᠡᠨ ᠢᠷᠡᠭᠰᠡᠨ ᠭᠠᠳᠠᠭᠠᠳᠤ ᠢᠢᠨ ᠤᠯᠤᠰ ᠣᠷᠤᠨ ᠤ ᠲᠥᠷᠦ᠂ ᠵᠠᠰᠠᠭ ᠤᠨ ᠲᠡᠷᠢᠭᠦᠨ᠂ ᠵᠣᠴᠢᠳ᠂ ᠲᠥᠯᠦᠭᠡᠯᠡᠭᠴᠢᠳ ᠬᠦᠨᠳᠦᠳᠬᠡᠯ ᠦᠵᠡᠭᠦᠯᠳᠡᠭ᠃
ᠴᠣᠭᠴᠠᠯᠠᠪᠤᠷᠢ ᠨᠢ ᠨᠣᠭᠤᠭᠠᠨ ᠪᠠᠢᠢᠭᠤᠯᠤᠮᠵᠢ᠂ ᠤᠷᠠᠯᠢᠭ᠂ ᠠᠷᠬᠢᠲ᠋ᠧᠻᠲ᠋ᠦ᠋ᠷ ᠤᠨ ᠬᠤᠪᠢ ᠳᠤ ᠡᠩ ᠦᠨ ᠮᠡᠲᠦ ᠪᠣᠯᠪᠠᠴᠤ ᠡᠨᠡᠳᠬᠡᠭ᠌ ᠦᠨ ᠦᠨᠡᠲᠦ ᠤᠯᠠᠮᠵᠢᠯᠠᠯ᠂ ᠭᠠᠨᠳᠢ ᠢᠢᠨ ᠠᠮᠢᠳᠤᠷᠠᠯ ᠤᠨ ᠹᠢᠯᠣᠰᠣᠹᠢ ᠢᠢ ᠰᠢᠩ᠋ᠭᠡᠭᠡᠭ᠍ᠰᠡᠨ ᠭᠦᠨ ᠤᠳᠬ᠎ᠠ᠂ ᠠᠭᠤᠯᠭ᠎ᠠ ᠪᠦᠬᠦᠢ ᠭᠠᠵᠠᠷ ᠭᠡᠳᠡᠭ ᠢᠶᠡᠷ ᠢᠶᠡᠨ ᠣᠨᠴᠠᠯᠢᠭ ᠲᠠᠢ ᠶᠤᠮ᠃
