ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠲᠤᠰ ᠤᠯᠤᠰ ᠤᠨ ᠳᠡᠳ᠋ ᠶᠡᠷᠦᠩᠬᠡᠢᠢᠯᠡᠭᠴᠢ ᠪᠥᠭᠡᠳ ᠫᠠᠷᠯᠠᠮᠧᠨ᠋ᠲ ᠤᠨ ᠳᠡᠭᠡᠳᠦ ᠲᠠᠩᠬᠢᠮ ᠤᠨ ᠳᠠᠷᠤᠭ᠎ᠠ ᠴ᠊·ᠫ᠊·ᠷᠠᠳ᠋ᠾᠠᠻᠷᠢᠱᠨᠠᠩ ᠪᠠᠷᠠᠭᠠᠯᠬᠠᠪᠠ᠃
ᠠᠭᠤᠯᠵᠠᠯᠲᠠ ᠢᠢᠨ ᠦᠶ᠎ᠡ ᠪᠡᠷ ᠶᠡᠷᠦᠩᠬᠡᠢᠢᠯᠡᠭᠴᠢ ᠤ·ᠬᠦᠷᠡᠯᠰᠦ᠋ᠬᠡ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠲᠤᠰ ᠤᠯᠤᠰ ᠤᠨ ᠬᠥᠭ᠍ᠵᠢᠯ ᠳᠡᠪᠰᠢᠯ᠂ ᠠᠷᠠᠳ ᠲᠦᠮᠡᠨ ᠦ ᠠᠬᠤᠶ ᠠᠮᠢᠳᠤᠷᠠᠯ ᠲᠠᠢ ᠣᠢᠢᠷ᠎ᠠ ᠳᠣᠲᠤᠨᠤ ᠲᠠᠨᠢᠯᠴᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠭ᠎ᠠ ᠪᠠᠨ ᠬᠡᠯᠡᠭᠡᠳ᠂ ᠡᠨᠡᠳᠬᠡᠭ᠌ ᠦᠨ ᠲᠥᠷᠦ᠂ ᠵᠠᠰᠠᠭ᠂ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃
ᠥᠩ᠋ᠭᠡᠷᠡᠭᠰᠡᠨ 70 ᠵᠢᠯ ᠦᠨ ᠬᠤᠭᠤᠴᠠᠭᠠᠨ ᠳᠤ ᠬᠣᠶᠠᠷ ᠤᠯᠤᠰ ᠤᠨ «ᠰᠲ᠋ᠷᠠᠲ᠋ᠧᠭᠢ ᠢᠢᠨ ᠲᠦᠩᠰᠢᠯᠡᠯ» ᠊ᠢ ᠪᠡᠬᠢᠵᠢᠭᠦᠯᠬᠦ ᠳᠥ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠴᠢᠬᠤᠯᠠ ᠡᠭᠦᠷᠭᠡ ᠭᠦᠢᠴᠡᠳᠬᠡᠭ᠍ᠰᠡᠨ ᠢ ᠣᠨᠴᠠᠯᠠᠯ᠎ᠠ᠃
ᠠᠢᠢᠯᠴᠢᠯᠠᠯ ᠤᠨ ᠬᠦᠷᠢᠶᠡᠨ ᠳᠥ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠡᠷᠬᠡ ᠵᠦᠢ ᠢᠢᠨ ᠣᠷᠴᠢᠨ ᠢ ᠪᠡᠬᠢᠵᠢᠭᠦᠯᠬᠦ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠭᠰᠠᠨ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠳᠡᠳ᠋ ᠶᠡᠷᠦᠩᠬᠡᠢᠢᠯᠡᠭᠴᠢ ᠪᠥᠭᠡᠳ ᠫᠠᠷᠯᠠᠮᠧᠨ᠋ᠲ ᠤᠨ ᠳᠡᠭᠡᠳᠦ ᠲᠠᠩᠬᠢᠮ ᠤᠨ ᠳᠠᠷᠤᠭ᠎ᠠ ᠴ᠊·ᠫ᠊·ᠷᠠᠳ᠋ᠾᠠᠻᠷᠢᠱᠨᠠᠩ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠬᠢᠵᠦ ᠪᠤᠢ ᠲᠥᠷᠦ ᠢᠢᠨ ᠠᠢᠢᠯᠴᠢᠯᠠᠯ ᠳᠤ ᠥᠨᠳᠦᠷ ᠠᠴᠢ ᠬᠣᠯᠪᠤᠭᠳᠠᠯ ᠥᠭᠴᠦ ᠪᠤᠢ ᠪᠠᠨ ᠲᠡᠮᠳᠡᠭᠯᠡᠯ᠎ᠡ᠃

ᠠᠢᠢᠯᠴᠢᠯᠠᠯ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠵᠤ ᠪᠠᠢᠢᠭ᠎ᠠ ᠢᠢ ᠣᠨᠴᠠᠯᠠᠯ᠎ᠠ᠃
ᠲᠡᠷᠡ ᠪᠡᠷ ᠫᠠᠷᠯᠠᠮᠧᠨ᠋ᠲ᠂ ᠪᠠᠢᠢᠩ᠋ᠭᠤ ᠢᠢᠨ ᠬᠣᠷᠢᠶᠠᠳ᠂ ᠫᠠᠷᠯᠠᠮᠧᠨ᠋ᠲ ᠤᠨ ᠲᠠᠮᠠᠭ᠎ᠠ ᠢᠢᠨ ᠭᠠᠵᠠᠷ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ᠂ ᠬᠠᠤᠯᠢ ᠲᠣᠭᠲᠠᠭᠠᠭᠴᠢᠳ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠲᠣᠭᠲᠠᠮᠠᠯᠵᠢᠭᠤᠯᠬᠤ᠂ ᠬᠣᠶᠠᠷ ᠤᠯᠤᠰ ᠤᠨ ᠢᠷᠡᠭᠡᠳᠦᠶ ᠢᠢᠨ ᠨᠠᠢᠢᠷᠠᠮᠳᠠᠯ᠂ ᠨᠥᠬᠦᠷᠯᠡᠯ ᠢ ᠭᠦᠨᠵᠡᠭᠡᠢᠢᠷᠡᠭᠦᠯᠬᠦ ᠳᠥ ᠣᠨᠴᠤᠭᠤᠶ ᠠᠩᠬᠠᠷᠴᠤ ᠠᠵᠢᠯᠯᠠᠬᠤ ᠪᠠᠨ ᠢᠯᠡᠷᠬᠡᠢᠢᠯᠡᠯ᠎ᠡ᠃
ᠳᠡᠳ᠋ ᠶᠡᠷᠦᠩᠬᠡᠢᠢᠯᠡᠭᠴᠢ ᠪᠥᠭᠡᠳ ᠫᠠᠷᠯᠠᠮᠧᠨ᠋ᠲ ᠤᠨ ᠳᠡᠭᠡᠳᠦ ᠲᠠᠩᠬᠢᠮ ᠤᠨ ᠳᠠᠷᠤᠭ᠎ᠠ ᠴ᠊·ᠫ᠊·ᠷᠠᠳ᠋ᠾᠠᠻᠷᠢᠱᠨᠠᠩ ᠶᠢᠰᠦ᠊ᠳ᠋ᠦᠭᠡᠷ ᠰᠠᠷ᠎ᠠ ᠳᠤ ᠪᠣᠯᠤᠭᠰᠠᠨ ᠰᠣᠩ᠋ᠭᠤᠭᠤᠯᠢ ᠳᠤ ᠢᠯᠠᠯᠲᠠ ᠪᠠᠢᠢᠭᠤᠯᠤᠨ᠂ ᠲᠠᠩ᠋ᠭᠠᠷᠢᠭ ᠡᠷᠭᠦᠵᠦ ᠡᠭᠦᠷᠭᠡᠲᠦ ᠠᠵᠢᠯ ᠳᠤ ᠪᠠᠨ ᠣᠷᠤᠭᠰᠠᠨ ᠪᠠᠢᠢᠨ᠎ᠠ᠃
ᠡᠨᠡᠳᠬᠡᠭ᠌ ᠤᠯᠤᠰ ᠤᠨ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠪᠣᠯᠬᠤ ᠫᠠᠷᠯᠠᠮᠧᠨ᠋ᠲ ᠨᠢ ᠬᠣᠶᠠᠷ ᠲᠠᠩᠬᠢᠮ ᠲᠠᠢ᠂ 788 ᠭᠡᠰᠢᠭᠦᠨ ᠲᠡᠢ ᠶᠤᠮ᠃
