Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠫᠠᠷᠯᠠᠮᠧᠨ᠌ᠲ ᠤᠨ ᠳᠣᠣᠷᠠᠳᠤ ᠲᠠᠩᠬᠢᠮ ᠤᠨ ᠳᠠᠷᠤᠭ᠎ᠠ ᠣᠮ ᠪᠢᠷᠯᠠ ᠪᠠᠷᠠᠭᠠᠯᠬᠠᠪᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠨᠠᠷ ᠤᠨ ᠤᠷᠢᠯᠭ᠎ᠠ ᠪᠠᠷ 2025 ᠣᠨ ᠤ 10 ᠳ᠋ᠤᠭᠠᠷ ᠰᠠᠷ᠎ᠠ ᠢᠢᠨ 13-16 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠲᠤᠰ ᠤᠯᠤᠰ ᠤᠨ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠪᠣᠯᠬᠤ ᠫᠠᠷᠯᠠᠮᠧᠨ᠋ᠲ ᠤᠨ ᠳᠣᠣᠷᠠᠳᠤ ᠲᠠᠩᠬᠢᠮ ᠯᠣᠻ ᠰᠠᠪᠾᠠ ᠢᠢᠨ ᠳᠠᠷᠤᠭ᠎ᠠ ᠣᠮ ᠪᠢᠷᠯᠠ ᠪᠠᠷᠠᠭᠠᠯᠬᠠᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠮᠣᠩ᠋ᠭᠤᠯ ᠤᠯᠤᠰ ᠡᠨᠡᠳᠬᠡᠭ᠌ ᠤᠯᠤᠰ ᠢ «ᠭᠤᠷᠪᠠᠳᠠᠭᠴᠢ ᠬᠥᠷᠰᠢ» ᠲᠡᠳᠦᠶ ᠦᠭᠡᠢ ᠪᠦᠰᠡ ᠨᠤᠲᠤᠭ ᠳ᠋ᠠᠬᠢ ᠢᠲᠡᠭᠡᠯᠲᠦ ᠲᠦᠩᠰᠢ ᠬᠡᠮᠡᠨ ᠦᠵᠡᠳᠡᠭ ᠪᠥᠭᠡᠳ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭ᠎ᠠ ᠢᠢ ᠤᠯᠠᠮ ᠪᠦᠷᠢ ᠭᠦᠨᠵᠡᠭᠡᠢᠢᠷᠡᠭᠦᠯᠵᠦ᠂ ᠬᠠᠮᠲᠤ ᠢᠢᠨ ᠠᠵᠢᠯᠯᠠᠭᠠᠨ ᠤ ᠴᠠᠷ ᠬᠦᠷᠢᠶ᠎ᠡ ᠢᠢ ᠥᠷᠭᠡᠵᠢᠭᠦᠯᠦᠨ ᠬᠥᠭ᠍ᠵᠢᠭᠦᠯᠬᠦ ᠨᠢ ᠮᠣᠩ᠋ᠭᠤᠯ ᠤᠯᠤᠰ ᠤᠨ ᠭᠠᠳᠠᠭᠠᠳᠤ ᠪᠣᠳᠤᠯᠭ᠎ᠠ ᠢᠢᠨ ᠲᠡᠷᠢᠭᠦᠨ ᠵᠣᠷᠢᠯᠲᠠ ᠨᠤᠭᠤᠳ ᠤᠨ ᠨᠢᠭᠡ ᠭᠡᠳᠡᠭ ᠢ ᠲᠡᠮᠳᠡᠭᠯᠡᠪᠡ᠃

ᠲᠡᠷᠡ ᠪᠡᠷ ᠫᠠᠷᠯᠠᠮᠧᠨ᠋ᠲ ᠤᠨ ᠳᠣᠣᠷᠠᠳᠤ ᠲᠠᠩᠬᠢᠮ ᠤᠨ ᠳᠠᠷᠤᠭ᠎ᠠ ᠣᠮ ᠪᠢᠷᠯᠠ ᠲᠠᠶ 2023 ᠣᠨ ᠳᠤ ᠮᠣᠩ᠋ᠭᠤᠯ ᠤᠯᠤᠰ ᠲᠤ ᠠᠭᠤᠯᠵᠠᠵᠤ ᠪᠠᠢᠢᠭᠰᠠᠨ ᠢᠶᠠᠨ ᠡᠷᠭᠢᠨ ᠳᠤᠷᠠᠰᠴᠤ᠂ ᠲᠡᠭᠦᠨ ᠦ ᠠᠢᠢᠯᠴᠢᠯᠠᠯ ᠨᠢ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠵᠦ᠂ ᠫᠠᠷᠯᠠᠮᠧᠨ᠋ᠲ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠨ᠂ ᠴᠢᠨᠠᠭᠰᠢᠳᠠ ᠢᠢᠨ ᠬᠠᠮᠲᠤ ᠢᠢᠨ ᠠᠵᠢᠯᠯᠠᠭᠠᠨ ᠤ ᠪᠠᠲᠤ ᠪᠡᠬᠢ ᠰᠠᠭᠤᠷᠢ ᠢᠢ ᠲᠠᠯᠪᠢᠭᠰᠠᠨ ᠭᠡᠳᠡᠭ ᠢ ᠣᠨᠴᠠᠯᠠᠯ᠎ᠠ᠃

ᠳᠠᠷᠤᠭ᠎ᠠ ᠣᠮ ᠪᠢᠷᠯᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠲᠡᠢ ᠡᠨᠡᠳᠬᠡᠭ᠌ ᠤᠯᠤᠰ ᠲᠤ ᠳᠠᠬᠢᠨ ᠠᠭᠤᠯᠵᠠᠵᠤ ᠪᠤᠢ ᠳᠤ ᠪᠠᠨ ᠪᠠᠶᠠᠷ ᠲᠠᠢ ᠪᠠᠢᠢᠭ᠎ᠠ ᠪᠠᠨ ᠢᠯᠡᠷᠬᠡᠢᠢᠯᠡᠭᠡᠳ᠂ ᠡᠨᠡ ᠲᠥᠷᠦ ᠢᠢᠨ ᠠᠢᠢᠯᠴᠢᠯᠠᠯ ᠨᠢ ᠬᠣᠶᠠᠷ ᠤᠯᠤᠰ ᠤᠨ «ᠰᠲ᠋ᠷᠠᠲ᠋ᠧᠭᠢ ᠢᠢᠨ ᠲᠦᠩᠰᠢᠯᠡᠯ» ᠊ᠦᠨ ᠬᠠᠷᠢᠯᠴᠠᠭ᠎ᠠ ᠢᠢ ᠪᠡᠬᠢᠵᠢᠭᠦᠯᠬᠦ᠂ ᠮᠣᠩ᠋ᠭᠤᠯ ᠤᠯᠤᠰ ᠤᠨ ᠶᠡᠬᠡ ᠬᠤᠷᠠᠯ ᠪᠣᠯᠤᠨ ᠡᠨᠡᠳᠬᠡᠭ᠌ ᠤᠯᠤᠰ ᠤᠨ ᠯᠣᠻ ᠰᠠᠪᠾᠠ ᠬᠣᠭᠤᠷᠤᠨᠳᠤ ᠢᠢᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠴᠢᠬᠤᠯᠠ ᠠᠴᠢ ᠬᠣᠯᠪᠤᠭᠳᠠᠯ ᠲᠠᠢ ᠲᠡᠦᠬᠡᠨ ᠦᠢᠯᠡ ᠶᠠᠪᠤᠳᠠᠯ ᠪᠣᠯᠵᠤ ᠪᠤᠢ ᠢᠢ ᠲᠡᠮᠳᠡᠭᠯᠡᠯ᠎ᠡ᠃

ᠲᠡᠷᠡ ᠪᠡᠷ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠬᠦᠷᠢᠶᠡᠨ ᠳᠥ ᠬᠣᠶᠠᠷ ᠣᠷᠤᠨ ᠤ ᠫᠠᠷᠯᠠᠮᠧᠨ᠋ᠲ᠂ ᠫᠠᠷᠯᠠᠮᠧᠨ᠋ᠲ ᠳ᠋ᠠᠬᠢ ᠨᠠᠢᠢᠷᠠᠮᠳᠠᠯ ᠤᠨ ᠪᠦᠯᠦᠭ ᠦᠨ ᠰᠣᠯᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠡᠨᠡᠳᠬᠡᠭ᠌᠂ ᠮᠣᠩ᠋ᠭᠤᠯ ᠤᠨ ᠨᠠᠢᠢᠷᠰᠠᠭ ᠬᠠᠷᠢᠯᠴᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ ᠳᠥ ᠡᠨᠡᠳᠬᠡᠭ᠌ ᠤᠯᠤᠰ ᠤᠨ ᠫᠠᠷᠯᠠᠮᠧᠨ᠋ᠲ ᠬᠠᠮᠲᠤᠷᠠᠨ ᠠᠵᠢᠯᠯᠠᠨ᠎ᠠ ᠭᠡᠳᠡᠭ ᠢ ᠢᠯᠡᠷᠬᠡᠢᠢᠯᠡᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ ᠡᠨᠡᠳᠬᠡᠭ᠌ ᠦᠨ ᠲᠠᠯ᠎ᠠ ᠢᠢᠨ ᠬᠥᠩ᠋ᠭᠡᠯᠡᠯᠲᠡᠲᠡᠢ ᠵᠢᠭᠡᠯᠡ᠂ ᠪᠤᠴᠠᠯᠲᠠ ᠦᠭᠡᠢ ᠲᠤᠰᠠᠯᠠᠮᠵᠢ ᠢᠢᠨ ᠬᠦᠷᠢᠶᠡᠨ ᠳᠥ ᠬᠡᠷᠡᠭᠵᠢᠵᠦ ᠪᠤᠢ ᠭᠠᠵᠠᠷ ᠤᠨ ᠲᠣᠰᠤ ᠪᠣᠯᠪᠠᠰᠤᠷᠠᠭᠤᠯᠬᠤ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ ᠨᠢ ᠬᠣᠶᠠᠷ ᠣᠷᠤᠨ ᠤ ᠨᠠᠢᠢᠷᠰᠠᠭ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ ᠭᠡᠳᠡᠭ ᠢ ᠣᠨᠴᠠᠯᠠᠯ᠎ᠠ᠃

ᠡᠨᠡ ᠲᠥᠰᠦᠯ ᠢ ᠲᠥᠯᠦᠪᠯᠡᠭᠰᠡᠨ ᠬᠤᠭᠤᠴᠠᠭᠠᠨ ᠳᠤ ᠨᠢ ᠠᠮᠵᠢᠯᠲᠠ ᠲᠠᠢ ᠬᠡᠷᠡᠭᠵᠢᠭᠦᠯᠬᠦ ᠳᠥ ᠡᠨᠡᠳᠬᠡᠭ᠌ ᠦᠨ ᠫᠠᠷᠯᠠᠮᠧᠨ᠋ᠲ ᠠᠩᠬᠠᠷᠴᠤ᠂ ᠲᠤᠭᠤᠰᠢᠲᠠᠢ ᠳᠡᠮᠵᠢᠯᠭᠡ ᠦᠵᠡᠭᠦᠯᠵᠦ ᠢᠷᠡᠭᠰᠡᠨ ᠳᠥ ᠮᠣᠩ᠋ᠭᠤᠯ ᠤᠨ ᠠᠷᠠᠳ ᠲᠦᠮᠡᠨ ᠨᠡᠩ ᠲᠠᠯᠠᠷᠬᠠᠵᠤ ᠪᠠᠢᠢᠳᠠᠭ ᠢ ᠲᠡᠮᠳᠡᠭᠯᠡᠯ᠎ᠡ᠃