ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠳ᠋ᠷᠣᠸᠦ᠋ᠫᠠᠳᠢ ᠮᠦᠷᠮᠦ᠋᠂ ᠶᠡᠷᠦᠩᠬᠡᠶ ᠰᠠᠢᠢᠳ ᠨᠠᠷᠧᠨ᠋ᠳ᠋ᠷᠠ ᠮᠣᠳᠢ ᠨᠠᠷ ᠤᠨ ᠤᠷᠢᠯᠭ᠎ᠠ ᠪᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠬᠣᠶᠠᠷ ᠣᠷᠤᠨ ᠤ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢ ᠲᠣᠬᠢᠶᠠᠯᠳᠤᠭᠤᠯᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠡᠨᠡᠳᠬᠡᠭ᠌ ᠢᠷᠭᠡᠳ ᠢ ᠲᠥᠷᠦ ᠢᠢᠨ ᠣᠳᠣᠨ᠂ ᠮᠧᠳᠠᠯᠢ ᠪᠠᠷ ᠱᠠᠩᠨᠠᠯ᠎ᠠ᠃
ᠠᠯᠲᠠᠨ ᠭᠠᠳᠠᠰᠤ ᠣᠳᠣᠨ ᠢᠢᠠᠷ:
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠠᠴᠠ ᠮᠣᠩ᠋ᠭᠤᠯ ᠤᠯᠤᠰ ᠲᠤ ᠰᠠᠭᠤᠵᠤ ᠪᠠᠢᠢᠭᠰᠠᠨ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠰᠦᠷᠧᠱ ᠪᠠᠪᠦ᠋᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠠᠴᠠ ᠮᠣᠩ᠋ᠭᠤᠯ ᠤᠯᠤᠰ ᠲᠤ ᠰᠠᠭᠤᠵᠤ ᠪᠠᠢᠢᠭᠰᠠᠨ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠣᠾᠢᠨ᠋ᠳᠧᠷ ᠫᠷᠠᠲ᠋ᠠᠫ ᠰᠢᠩᠾ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠸᠠᠾᠠᠷᠯᠠᠯ ᠨᠧᠷᠦ᠋ ᠢᠢᠨ ᠶᠡᠬᠡ ᠰᠤᠷᠭᠠᠭᠤᠯᠢ ᠢᠢᠨ ᠠᠽᠢ᠂ ᠳᠣᠷᠤᠨᠠᠳᠤ ᠢᠢᠨ ᠲᠢᠩᠬᠢᠮ ᠦᠨ ᠡᠷᠬᠢᠯᠡᠭᠴᠢ᠂ ᠫᠷᠣᠹᠧᠰᠰᠤᠷ᠂ ᠮᠣᠩ᠋ᠭᠤᠯ ᠰᠤᠳᠤᠯᠤᠭᠠᠴᠢ ᠡᠷᠳᠡᠮᠲᠡᠨ ᠱᠠᠷᠠᠳ᠋ ᠻᠦᠮᠠᠷ ᠰᠣᠨᠢ᠂
«ᠨᠠᠢᠢᠷᠠᠮᠳᠠᠯ» ᠮᠧᠳᠠᠯᠢ ᠪᠠᠷ:
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠮᠦᠮᠪᠠᠶ ᠬᠣᠲᠠ ᠳ᠋ᠠᠬᠢ ᠮᠣᠩ᠋ᠭᠤᠯ ᠤᠯᠤᠰ ᠤᠨ ᠡᠷᠭᠦᠮᠵᠢᠲᠦ ᠻᠣᠨ᠋ᠰᠦ᠋ᠯ ᠳ᠋ᠢᠯᠢᠫ ᠳ᠋ᠠᠨ᠋ᠳᠧᠻᠠᠷ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠲᠠᠮᠢᠯ ᠨᠠᠳᠦ᠋ ᠮᠤᠵᠢ ᠳ᠋ᠠᠬᠢ ᠮᠣᠩ᠋ᠭᠤᠯ ᠤᠯᠤᠰ ᠤᠨ ᠡᠷᠭᠦᠮᠵᠢᠲᠦ ᠻᠣᠨ᠋ᠰᠦ᠋ᠯ ᠴᠧᠯᠯᠠ ᠨᠠᠷᠠᠶᠠᠨᠠᠰᠸᠠᠮᠢ ᠭᠠᠨ᠋᠊ᠭᠠᠳᠠᠷᠠᠨ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠪᠠᠷᠠᠭᠤᠨ ᠪᠧᠩᠭ᠋ᠠᠯ ᠮᠤᠵᠢ ᠳ᠋ᠠᠬᠢ ᠮᠣᠩ᠋ᠭᠤᠯ ᠤᠯᠤᠰ ᠤᠨ ᠡᠷᠭᠦᠮᠵᠢᠲᠦ ᠻᠣᠨ᠋ᠰᠦ᠋ᠯ ᠭᠢᠷᠳ᠋ᠾᠠᠷ ᠭᠣᠫᠠᠯ ᠳ᠋ᠠᠯᠮᠢᠶᠠ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ «ᠹᠣᠷᠲ᠋ᠢᠰ ᠧᠰᠻᠣᠷᠲ᠋ᠰ» ᠵᠢᠷᠦᠬᠡᠨ ᠦ ᠡᠷᠡᠭᠦᠯ ᠮᠡᠨᠳᠦ ᠢᠢ ᠬᠠᠮᠠᠭᠠᠯᠠᠬᠤ ᠬᠦᠷᠢᠶᠡᠯᠡᠩ ᠦᠨ ᠮᠡᠰᠡ ᠵᠠᠰᠠᠯ ᠤᠨ ᠡᠮᠴᠢ ᠻᠷᠢᠱᠨᠠ ᠠᠢᠢᠶᠧᠷ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ «ᠠᠶ ᠸᠢᠱᠢᠣᠨ» ᠨᠢᠳᠦᠨ ᠦ ᠡᠮᠨᠡᠯᠭᠡ ᠢᠢᠨ ᠵᠠᠬᠢᠷᠤᠯ ᠸᠢᠫᠢᠨ ᠪᠠᠻᠱᠧᠶ᠂
- ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ «ᠯᠣᠸᠧᠯᠢ» ᠮᠡᠷᠭᠡᠵᠢᠯ ᠦᠨ ᠶᠡᠬᠡ ᠰᠤᠷᠭᠠᠭᠤᠯᠢ ᠢᠢᠨ ᠳᠡᠳ᠋ ᠶᠡᠷᠦᠩᠬᠡᠢᠢᠯᠡᠭᠴᠢ ᠠᠮᠠᠨ ᠮᠢᠲ᠋ᠲ᠋ᠠᠯ ᠨᠠᠷ ᠢ ᠱᠠᠩᠨᠠᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠪᠠᠢᠢᠭ᠎ᠠ ᠡᠷᠬᠢᠮ ᠦᠳ ᠲᠥ ᠪᠣᠯᠤᠨ ᠭᠡᠷ ᠪᠦᠯᠦ᠂ ᠬᠠᠮᠲᠤ ᠣᠯᠠᠨ ᠳᠤ ᠲᠠᠯᠠᠷᠬᠠᠯ ᠢᠯᠡᠷᠬᠡᠢᠢᠯᠡᠵᠦ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠯ᠎ᠡ᠃



















