ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠤᠨ ᠤᠷᠠᠨ ᠪᠦᠲᠦᠭᠡᠯᠴᠢᠳ ᠠᠩᠬ᠎ᠠ ᠤᠳᠠᠭ᠎ᠠ ᠰᠢᠨ᠎ᠡ ᠳ᠋ᠧᠯᠢ ᠬᠣᠲᠠ ᠢᠢᠨ «ᠪᠾᠠᠷᠠᠲ᠋ ᠮᠠᠨ᠋ᠳᠠᠫᠠᠮ» ᠴᠣᠭᠴᠠᠯᠠᠪᠤᠷᠢ ᠳᠤ «ᠮᠣᠩ᠋ᠭᠤᠯ ᠤᠨ ᠰᠠᠢᠢᠬᠠᠨ ᠣᠷᠤᠨ» ᠲᠣᠭᠯᠠᠯᠲᠠ ᠪᠠᠨ ᠲᠣᠯᠢᠯᠠᠭᠤᠯᠤᠯ᠎ᠠ᠃
ᠤᠷᠠᠨ ᠪᠦᠲᠦᠭᠡᠯᠴᠢᠳ ᠮᠣᠩ᠋ᠭᠤᠯ ᠦᠨᠳᠦᠰᠦᠲᠡᠨ ᠦ ᠤᠷᠠᠯᠢᠭ ᠤᠨ ᠣᠷᠭᠢᠯ ᠪᠦᠲᠦᠭᠡᠯ ᠦᠳ ᠪᠣᠯᠤᠨ ᠡᠨᠡᠳᠬᠡᠭ᠌ ᠦᠨ ᠠᠯᠳᠠᠷᠲᠠᠢ ᠪᠦᠲᠦᠭᠡᠯ ᠢ ᠬᠣᠶᠠᠷ ᠤᠯᠤᠰ ᠤᠨ ᠲᠥᠷᠦ᠂ ᠵᠠᠰᠠᠭ ᠤᠨ ᠬᠦᠨᠳᠦᠲᠦ ᠵᠣᠴᠢᠳ᠂ ᠨᠡᠢᠢᠭᠡᠮ᠂ ᠰᠣᠶᠤᠯ ᠤᠨ ᠵᠢᠳᠬᠦᠯᠲᠡᠨ ᠨᠤᠭᠦᠳ᠂ ᠢᠷᠭᠡᠳ ᠭᠡᠳ 3.000 ᠭᠠᠷᠤᠶ ᠬᠦᠮᠦᠨ ᠳᠥ ᠡᠷᠭᠦᠨ ᠪᠠᠷᠢᠯ᠎ᠠ᠃
ᠲᠣᠭᠯᠠᠯᠲᠠ ᠢᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠡᠷᠬᠡ ᠪᠠᠷᠢᠭᠴᠢ «ᠪᠵᠫ» ᠨᠠᠮ ᠤᠨ ᠳᠠᠷᠤᠭ᠎ᠠ᠂ ᠡᠷᠡᠭᠦᠯ ᠮᠡᠨᠳᠦ᠂ ᠭᠡᠷ ᠪᠦᠯᠦ ᠢᠢᠨ ᠬᠠᠯᠠᠮᠵᠢ᠂ ᠬᠢᠮᠢ ᠢᠢᠨ ᠪᠣᠳᠠᠰ᠂ ᠪᠣᠷᠳᠤᠭ᠎ᠠ ᠬᠠᠷᠢᠭᠤᠴᠠᠭᠰᠠᠨ ᠰᠠᠢᠢᠳ ᠵ᠊·ᠫ᠊· ᠨᠠᠳ᠋ᠳᠠ ᠨᠠᠷ ᠦᠵᠡᠵᠦ ᠰᠣᠨᠢᠷᠬᠠᠯ᠎ᠠ᠃
ᠡᠨᠡ ᠦᠶ᠎ᠡ ᠪᠡᠷ ᠮᠥᠨ «ᠮᠣᠩ᠋ᠭᠤᠯ ᠤᠨ ᠰᠠᠢᠢᠬᠠᠨ ᠣᠷᠤᠨ» ᠰᠡᠳᠦᠪᠲᠦ ᠭᠡᠷᠡᠯ ᠵᠢᠷᠤᠭ᠂ ᠮᠣᠷᠢᠨ ᠬᠤᠭᠤᠷ ᠤᠨ ᠦᠵᠡᠰᠬᠦᠯᠡᠩ ᠭᠠᠷᠭᠠᠯ᠎ᠠ᠃











