Та "Internet explorer"-ийн сүүлийн хувилбар болох "Microsoft edge"-г ашиглана уу

Хэрэв "Microsoft edge"-г татах бол энд дарж татаж авна уу

«ᠥᠭ᠍ᠭᠦᠭᠡᠵᠢ ᠰᠢᠬᠢᠷ ᠪᠣᠣᠪᠤ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠢᠢᠨ ᠶᠡᠷᠦᠩᠬᠡᠶ ᠵᠠᠬᠢᠷᠤᠯ ᠰᠤ᠊·ᠲᠦᠮᠡᠨᠭᠡᠷᠡᠯ ᠳᠥ ᠬᠥᠳᠡᠯᠮᠦᠷᠢ ᠢᠢᠨ ᠪᠠᠭᠠᠲᠤᠷ ᠴᠣᠯᠠ ᠬᠦᠷᠲᠡᠭᠡᠯ᠎ᠡ

ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠪᠠᠢᠢᠭᠤᠯᠤᠭᠳᠠᠭᠰᠠᠨ ᠤ ᠲᠡᠦᠬᠡᠲᠦ ᠖᠕ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠵᠤ᠂ ᠡᠷᠬᠢᠯᠡᠭᠰᠡᠨ ᠠᠵᠢᠯ᠂ ᠰᠠᠯᠪᠤᠷᠢ ᠳᠤ ᠪᠠᠨ ᠥᠨᠳᠦᠷ ᠠᠮᠵᠢᠯᠲᠠ ᠭᠠᠷᠭᠠᠨ᠂ ᠡᠬᠡ ᠣᠷᠤᠨ ᠤ ᠪᠠᠨ ᠬᠥᠭ᠍ᠵᠢᠯ ᠳᠡᠪᠰᠢᠯ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠪᠤᠢ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠪᠡ᠃

• ᠲᠥᠷᠦ᠂ ᠬᠤᠪᠢ ᠢᠢᠨ ᠬᠡᠪᠰᠢᠯ ᠦᠨ ᠲᠦᠩᠰᠢᠯᠡᠯ ᠢ ᠪᠡᠬᠢᠵᠢᠭᠦᠯᠬᠦ᠂ ᠬᠦᠨᠡᠰᠦᠨ ᠦ ᠦᠢᠯᠡᠳᠪᠦᠷᠢᠯᠡᠯ᠂ ᠬᠠᠮᠲᠤ ᠣᠯᠠᠨ ᠢᠶᠠᠨ ᠬᠥᠭ᠍ᠵᠢᠭᠦᠯᠬᠦ ᠳᠥ ᠮᠡᠳᠡᠯᠭᠡ ᠴᠢᠳᠠᠪᠤᠷᠢ ᠪᠠᠨ ᠳᠠᠢᠢᠴᠢᠯᠠᠨ ᠠᠵᠢᠯᠯᠠᠵᠤ᠂ ᠴᠢᠨᠠᠷ ᠢ ᠡᠷᠬᠢᠮᠯᠡᠨ ᠰᠲ᠋ᠠᠨ᠋ᠳᠠᠷᠲ ᠢ ᠠᠮᠵᠢᠯᠲᠠ ᠲᠠᠢ ᠬᠡᠷᠡᠭᠵᠢᠭᠦᠯᠵᠦ᠂ ᠬᠦᠨᠡᠰᠦᠨ ᠦ ᠦᠢᠯᠡᠳᠪᠦᠷᠢᠯᠡᠯ ᠦᠨ ᠰᠠᠯᠪᠤᠷᠢ ᠳᠤ ᠣᠯᠠᠨ ᠤᠯᠤᠰ ᠤᠨ ᠳᠡᠪᠰᠢᠯᠲᠡᠲᠦ ᠲᠧᠭᠨᠢᠭ᠂ ᠲᠧᠭᠨᠣᠯᠤᠭᠢ ᠢᠢ ᠨᠡᠪᠲᠡᠷᠡᠭᠦᠯᠦᠨ ᠭᠤᠯᠢᠷ᠂ ᠭᠤᠯᠢᠷ ᠤᠨ ᠪᠦᠲᠦᠭᠡᠭ᠍ᠳᠡᠬᠦᠨ ᠦ ᠪᠡᠨ ᠨᠡᠷ᠎ᠡ ᠲᠥᠷᠦᠯ᠂ ᠠᠮᠲᠠ ᠴᠢᠨᠠᠷ ᠢ ᠰᠠᠢᠢᠵᠢᠷᠠᠭᠤᠯᠵᠤ᠂ ᠬᠦᠮᠦᠨ ᠠᠮᠠ ᠢᠢᠨ ᠬᠦᠨᠡᠰᠦᠨ ᠦ ᠬᠠᠩ᠋ᠭᠠᠮᠵᠢ ᠢᠢ ᠳᠡᠭᠡᠭ᠍ᠰᠢᠯᠠᠭᠦᠯᠬᠦ᠂ ᠢᠷᠭᠡᠳ ᠢ ᠡᠷᠡᠭᠦᠯ ᠬᠦᠨᠡᠰᠦ ᠪᠡᠷ ᠬᠠᠩ᠋ᠭᠠᠬᠤ ᠲᠥᠷᠦ ᠢᠢᠨ ᠪᠣᠳᠤᠯᠭ᠎ᠠ ᠢᠢ ᠬᠡᠷᠡᠭᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠭᠠᠪᠢᠶ᠎ᠠ ᠵᠢᠳᠬᠦᠯ ᠢ ᠨᠢ ᠥᠨᠳᠦᠷ ᠢᠶᠡᠷ ᠦᠨᠡᠯᠡᠨ ᠮᠣᠩ᠋ᠭᠤᠯ ᠤᠨ ᠦᠨᠳᠦᠰᠦᠨ ᠦ ᠬᠤᠳᠠᠯᠳᠤᠭ ᠠ᠂ ᠠᠵᠤ ᠦᠢᠯᠡᠳᠪᠦᠷᠢ ᠢᠢᠨ ᠲᠠᠩᠬᠢᠮ ᠤᠨ ᠭᠡᠰᠢᠭᠦᠨ᠂ ᠬᠦᠨᠡᠰᠦᠨ ᠦ ᠤᠤᠭᠠᠨ ᠦᠢᠯᠡᠳᠪᠦᠷᠢ «ᠥᠭ᠍ᠭᠦᠭᠡᠵᠢ ᠰᠢᠬᠢᠷ ᠪᠣᠣᠪᠤ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠶᠡᠷᠦᠩᠬᠡᠶ ᠵᠠᠬᠢᠷᠤᠯ᠂ ᠠᠵᠤ ᠦᠢᠯᠡᠳᠪᠦᠷᠢ ᠢᠢᠨ ᠭᠠᠪᠢᠶᠠᠲᠤ ᠠᠵᠢᠯᠲᠠᠨ ᠰᠤᠮᠢᠶ᠎ᠠ ᠢᠢᠨ ᠲᠦᠮᠡᠨᠭᠡᠷᠡᠯ ᠳᠥ ᠬᠦᠷᠲᠡᠭᠡᠵᠦ᠂ ᠬᠥᠳᠡᠯᠮᠦᠷᠢ ᠢᠢᠨ ᠪᠠᠭᠠᠲᠤᠷ ᠤᠨ «ᠠᠯᠲᠠᠨ ᠰᠣᠶᠤᠩᠪᠤ» ᠲᠡᠮᠳᠡᠭ᠂ «ᠰᠦᠬᠡᠪᠠᠭᠠᠲᠤᠷ ᠤᠨ ᠣᠳᠣᠨ» ᠊ᠢᠢᠠᠷ ᠱᠠᠩᠨᠠᠯ᠎ᠠ᠃

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠶᠡᠷᠦᠩᠬᠡᠢᠢᠯᠡᠭᠴᠢ᠂ ᠤᠳᠤᠷᠢᠳᠬᠤ ᠵᠥᠪᠯᠡᠯ ᠦᠨ ᠳᠠᠷᠤᠭ᠎ᠠ ᠪᠠᠭᠠᠲᠤᠷᠵᠠᠪ ᠤᠨ ᡀᠠᠭᠪᠠᠵᠠᠪ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠲᠡᠷᠢᠭᠦᠯᠡᠭᠴᠢᠳ ᠦᠨ ᠳᠠᠷᠤᠭ᠎ᠠ ᠠᠰᠠᠨ᠂ ᠣᠨᠴᠠ ᠪᠥᠭᠡᠳ ᠪᠦᠷᠢᠨ ᠡᠷᠬᠡᠲᠦ ᠡᠯᠴᠢᠨ ᠵᠠᠩᠴᠠᠨ ᠤ ᠭᠥᠯᠦᠭᠡ᠂

• «ᠲᠧᠰᠣ᠋ ᠭᠷᠦ᠋ᠫ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠲᠥᠯᠦᠭᠡᠯᠡᠨ ᠤᠳᠤᠷᠢᠳᠬᠤ ᠵᠥᠪᠯᠡᠯ ᠦᠨ ᠳᠠᠷᠤᠭ᠎ᠠ ᠣᠳᠣᠨ ᠤ ᠳᠠᠮᠵᠢᠨ᠂

• «ᠰᠣᠳᠤ ᠮᠣᠩ᠋ᠭᠤᠯ ᠭᠷᠦ᠋ᠫ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠳᠡᠳ᠋ ᠵᠠᠬᠢᠷᠤᠯ ᠨᠡᠷᠡᠭᠦᠢ ᠢᠢᠨ ᠭᠠᠩᠪᠣᠯᠤᠳ᠂

• «ᠨᠠᠷᠠᠨ ᠲᠷᠧᠢᠢᠳ᠋» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠶᠡᠷᠦᠩᠬᠡᠶ ᠵᠠᠬᠢᠷᠤᠯ ᠳᠡᠨᠳᠦᠪ ᠦᠨ ᠤᠳᠪᠠᠯ᠂

• «ᠪᠠᠷᠠᠭᠤᠨ-ᠤᠷᠲᠤ ᠲᠠᠩᠰᠤᠭ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠵᠠᠬᠢᠷᠤᠯ ᠳᠠᠮᠷᠢᠨ ᠤ ᠪᠠᠶᠠᠰᠬᠤᠯᠠᠩ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠪᠣᠳᠤᠯᠭ᠎ᠠ ᠰᠲ᠋ᠷᠠᠲ᠋ᠧᠭᠢ ᠢᠢᠨ ᠭᠠᠵᠠᠷ ᠤᠨ ᠳᠠᠷᠤᠭ᠎ᠠ ᠵᠢᠭ᠍ᠵᠢᠳ ᠦᠨ ᠣᠶᠤᠨᠴᠢᠮᠡᠭ᠌᠂

• «ᠮᠣᠨᠤᠰᠤ ᠤᠯᠠᠭᠠᠨᠪᠠᠭᠠᠲᠤᠷ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠭᠦᠢᠴᠡᠳᠬᠡᠬᠦ ᠵᠠᠬᠢᠷᠤᠯ ᠯᠤᠪᠰᠠᠩᠳᠣᠷᠵᠢ ᠢᠢᠨ ᠠᠯᠲᠠᠨᠴᠣᠭᠲᠤ᠂

• «ᠨᠢᠶᠦ᠋ ᠵᠢᠭᠤᠯᠴᠢᠨ ᠲᠦᠷᠰ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠶᠡᠷᠦᠩᠬᠡᠶ ᠵᠠᠬᠢᠷᠤᠯ ᠱᠠᠭᠳᠤᠷᠰᠦ᠋ᠷᠦᠩ ᠦᠨ ᠨᠡᠷᠡᠭᠦᠶ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠬᠡᠨᠲᠡᠶ ᠠᠢᠢᠮᠠᠭ ᠳ᠋ᠠᠬᠢ ᠰᠠᠯᠪᠤᠷᠢ ᠢᠢᠨ ᠳᠠᠷᠤᠭ᠎ᠠ ᠳᠣᠪᠵᠢᠶ᠎ᠠ ᠢᠢᠨ ᠪᠠᠲᠤᠪᠣᠯᠤᠳ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠠᠬᠠᠮᠠᠳ ᠠᠵᠢᠯᠲᠠᠨ ᠪᠠᠲᠤᠰᠦ᠋ᠬᠡ ᠢᠢᠨ ᠰᠠᠷᠠᠨᠲᠤᠶᠠᠭ᠎ᠠ᠂

• ᠬᠣᠪᠳᠤ ᠠᠢᠢᠮᠠᠭ ᠳ᠋ᠠᠬᠢ ᠰᠠᠯᠪᠤᠷᠢ ᠢᠢᠨ ᠳᠠᠷᠤᠭ᠎ᠠ ᠪᠠᠯᠵᠠᠶ ᠢᠢᠨ ᠭᠠᠩᠵᠣᠷᠢᠭ᠂

• «ᠠᠦ᠋ᠲ᠋ᠣ᠋ ᠠᠭᠷᠣ᠋» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠵᠠᠬᠢᠷᠤᠯ ᠸᠴᠢᠷᠪᠠᠲᠤ ᠢᠢᠨ ᠡᠩᠬᠡᠪᠣᠯᠤᠳ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠤᠯᠠᠭᠠᠨ ᠤ ᠰᠠᠷᠠᠭᠤᠯ᠂

• ᠪᠤᠯᠠᠭᠠᠨ ᠠᠢᠢᠮᠠᠭ ᠳ᠋ᠠᠬᠢ ᠰᠠᠯᠪᠤᠷᠢ ᠢᠢᠨ ᠳᠠᠷᠤᠭ᠎ᠠ ᠳᠤᠯᠮᠠᠰᠦ᠋ᠷᠦᠩ ᠦᠨ ᠣᠶᠤᠨᠭᠡᠷᠡᠯ᠂

• ᠪᠠᠶᠠᠩᠬᠣᠩ᠋ᠭᠤᠷ ᠠᠢᠢᠮᠠᠭ ᠳ᠋ᠠᠬᠢ ᠰᠠᠯᠪᠤᠷᠢ ᠢᠢᠨ ᠳᠠᠷᠤᠭ᠎ᠠ ᠵᠢᠮᠪᠠᠯ ᠤᠨ ᠥᠯᠵᠡᠢᠢᠪᠠᠲᠤ᠂

• ᠭᠠᠳᠠᠭᠠᠳᠤ ᠬᠤᠳᠠᠯᠳᠤᠭᠠᠨ ᠤ ᠪᠢᠴᠢᠭ᠌ ᠪᠠᠷᠢᠮᠲᠠ ᠪᠠᠲᠤᠯᠠᠭᠠᠵᠢᠭᠤᠯᠬᠤ ᠭᠠᠵᠠᠷ ᠤᠨ ᠳᠠᠷᠤᠭ᠎ᠠ ᠡᠷᠳᠡᠨᠢᠴᠢᠯᠠᠭᠤᠨ ᠤ ᠪᠠᠳᠮᠠᠬᠣᠷᠯᠤ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠳᠡᠷᠭᠡᠳᠡᠬᠢ ᠮᠣᠩ᠋ᠭᠤᠯ ᠣᠯᠠᠨ ᠤᠯᠤᠰ ᠤᠨ ᠠᠷᠪᠢᠲ᠋ᠷ ᠤᠨ ᠨᠠᠷᠢᠨ ᠪᠢᠴᠢᠭ᠌ ᠦᠨ ᠳᠠᠷᠤᠭ᠎ᠠ ᠨᠠᠷᠠᠮᠠᠨᠳᠤᠬᠤ ᠢᠢᠨ ᠪᠠᠲᠤᠳᠣᠷᠵᠢ᠂

• ᠪᠠᠶᠠᠨ-ᠥᠯᠦᠭᠡᠶ ᠠᠢᠢᠮᠠᠭ ᠳ᠋ᠠᠬᠢ ᠰᠠᠯᠪᠤᠷᠢ ᠢᠢᠨ ᠳᠠᠷᠤᠭ᠎ᠠ ᠠᠢᠢᠸᠢᠫᠾᠠᠨ ᠤ ᠠᠢᠢᠨᠠᠭᠦ᠋ᠯ᠂

• ᠦᠵᠡᠰᠬᠦᠯᠡᠩ ᠶᠠᠭᠠᠷᠮᠠᠭ ᠤᠨ ᠭᠠᠵᠠᠷ ᠤᠨ ᠮᠡᠷᠭᠡᠵᠢᠯᠲᠡᠨ ᠴᠡᠷᠢᠩᠳᠣᠷᠵᠢ ᠢᠢᠨ ᠬᠤᠯᠠᠨ᠂

• ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠪᠣᠳᠤᠯᠭ᠎ᠠ᠂ ᠰᠲ᠋ᠷᠠᠲ᠋ᠧᠭᠢ ᠢᠢᠨ ᠭᠠᠵᠠᠷ ᠤᠨ ᠠᠬᠠᠯᠠᠬᠤ ᠮᠡᠷᠭᠡᠵᠢᠯᠲᠡᠨ ᠪᠠᠭᠠᠲᠤᠷᠪᠢᠯᠢᠭ᠌ ᠦᠨ ᠪᠠᠶᠠᠷᠲᠤᠶᠠᠭ᠎ᠠ᠂

• «ᠬᠡᠷᠦᠯᠦᠨ ᠵᠢᠷᠤᠭᠯᠠᠯ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠶᠡᠷᠦᠩᠬᠡᠶ ᠵᠠᠬᠢᠷᠤᠯ ᠡᠷᠡᠴᠢᠯᠠᠭᠤᠨ ᠤ ᠠᠳᠢᠶ᠎ᠠ᠂

• ᠡᠳ᠋ ᠦᠨ ᠵᠠᠰᠠᠭ ᠤᠨ ᠰᠤᠳᠤᠯᠭᠠᠨ ᠤ ᠢᠨ᠋ᠰᠲ᠋ᠢᠲ᠋ᠦ᠋ᠲ ᠤᠨ ᠭᠠᠵᠠᠷ ᠤᠨ ᠳᠠᠷᠤᠭ᠎ᠠ ᠣᠳᠬᠠᠨᠪᠠᠶᠠᠷ ᠤᠨ ᠲᠦᠮᠡᠨ-ᠠᠮᠤᠷ᠂

• «ᠪᠦᠵᠦᠨ ᠪᠠᠶᠠᠨ ᠴᠠᠬᠢᠷᠲᠤ» ᠬᠢᠵᠠᠭᠠᠷᠯᠠᠭᠳᠠᠮᠠᠯ ᠬᠠᠷᠢᠭᠤᠴᠠᠯᠭ᠎ᠠ ᠲᠠᠢ ᠻᠣᠮᠫᠠᠨᠢ ᠢᠢᠨ ᠶᠡᠷᠦᠩᠬᠡᠶ ᠵᠠᠬᠢᠷᠤᠯ ᠠᠮᠤᠭᠤᠯᠠᠩ ᠤᠨ ᠠᠮᠤᠷᠲᠥ᠋ᠷᠦ ᠨᠠᠷ ᠢ ᠱᠠᠩᠨᠠᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠰᠡᠨ ᠡᠷᠬᠢᠮ ᠦᠳ ᠲᠥ ᠪᠣᠯᠤᠨ ᠲᠡᠳᠡᠨ ᠦ ᠭᠡᠷ ᠪᠦᠯᠦ᠂ ᠬᠠᠮᠲᠤ ᠣᠯᠠᠨ ᠳᠤ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠯ᠎ᠡ᠃