ᠤᠯᠤᠰ ᠣᠷᠤᠨ ᠤ ᠣᠷᠴᠢᠨ ᠴᠠᠭ ᠤᠨ ᠡᠮᠨᠡᠯᠭᠡ ᠢᠢᠨ ᠦᠨᠳᠦᠰᠦ ᠰᠠᠭᠤᠷᠢ ᠪᠣᠯᠤᠭᠰᠠᠨ ᠤᠯᠤᠰ ᠤᠨ ᠨᠢᠭᠡ᠊ᠳ᠋ᠦᠭᠡᠷ ᠲᠥᠪ ᠡᠮᠨᠡᠯᠭᠡ ᠢᠢᠨ ᠑᠐᠐ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠪᠠᠭᠤᠯᠭᠠᠵᠤ᠂ ᠮᠣᠩ᠋ᠭᠤᠯ ᠤᠯᠤᠰ ᠤᠨ ᠬᠥᠳᠡᠯᠮᠦᠷᠢ ᠢᠢᠨ ᠪᠠᠭᠠᠲᠤᠷ ᠴᠣᠯᠠ ᠬᠦᠷᠲᠡᠭᠡᠨ᠂ ᠪᠠᠭᠠᠲᠤᠷ ᠤᠨ ᠠᠯᠲᠠᠨ ᠰᠣᠶᠤᠩᠪᠤ ᠲᠡᠮᠳᠡᠭ᠂ ᠰᠦᠬᠡᠪᠠᠭᠠᠲᠤᠷ ᠤᠨ ᠣᠳᠣᠨ ᠢᠢᠠᠷ ᠱᠠᠩᠨᠠᠯ᠎ᠠ᠃
ᠣᠷᠴᠢᠨ ᠴᠠᠭ ᠤᠨ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡᠨ ᠦ ᠲᠣᠭᠲᠠᠯᠴᠠᠭ᠎ᠠ ᠢᠢ ᠲᠥᠯᠦᠪᠰᠢᠭᠦᠯᠦᠨ ᠬᠥᠭ᠍ᠵᠢᠭᠦᠯᠬᠦ᠂ ᠳᠡᠪᠰᠢᠯᠲᠡᠲᠦ ᠲᠧᠭᠨᠣᠯᠤᠭᠢ᠂ ᠣᠨᠤᠰᠢᠯᠠᠭ᠎ᠠ᠂ ᠡᠮᠴᠢᠯᠡᠭᠡᠨ ᠦ ᠣᠯᠠᠨ ᠰᠢᠨ᠎ᠡ ᠠᠷᠭ᠎ᠠ᠂ ᠠᠷᠭᠠᠴᠢᠯᠠᠯ ᠨᠡᠪᠲᠡᠷᠡᠭᠦᠯᠬᠦ᠂ ᠬᠦᠮᠦᠨ ᠦ ᠨᠥᠭᠡᠴᠡ᠂ ᠡᠮᠴᠢ᠂ ᠰᠤᠪᠢᠯᠠᠭᠴᠢ᠂ ᠡᠮᠨᠡᠯᠭᠡ ᠢᠢᠨ ᠮᠡᠷᠭᠡᠵᠢᠯᠲᠡᠨ ᠪᠡᠯᠡᠳᠬᠡᠬᠦ᠂ ᠳᠤᠮᠳᠠᠵᠢ ᠨᠠᠰᠤᠯᠠᠯᠲᠠ ᠢᠢ ᠤᠷᠲᠤᠰᠬᠠᠵᠤ᠂ ᠠᠮᠢᠳᠤᠷᠠᠯ ᠤᠨ ᠴᠢᠨᠠᠷ ᠢ ᠳᠡᠭᠡᠭ᠍ᠰᠢᠯᠠᠭᠦᠯᠬᠦ᠂ ᠢᠷᠭᠡᠳ ᠦᠨ ᠠᠮᠢ ᠨᠠᠰᠤ᠂ ᠡᠷᠡᠭᠦᠯ ᠮᠡᠨᠳᠦ ᠢᠢ ᠰᠠᠬᠢᠨ ᠬᠠᠮᠠᠭᠠᠯᠠᠬᠤ ᠦᠢᠯᠡ ᠬᠡᠷᠡᠭ ᠲᠥ ᠣᠨᠴᠤᠭᠤᠶ ᠭᠠᠪᠢᠶ᠎ᠠ ᠪᠠᠢᠢᠭᠤᠯᠤᠭᠰᠠᠨ ᠢ ᠨᠢ ᠡᠢᠢᠨ ᠬᠦ ᠦᠨᠡᠯᠡᠵᠦ ᠠᠯᠳᠠᠷᠰᠢᠭᠤᠯᠤᠯᠠ᠃


ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠷᠭᠡᠳ ᠦᠨ ᠢᠶᠡᠨ ᠡᠷᠡᠭᠦᠯ ᠮᠡᠨᠳᠦ ᠢᠢ ᠬᠠᠮᠠᠭᠠᠯᠠᠬᠤ ᠦᠢᠯᠡᠰ ᠲᠥ ᠡᠨᠡᠷᠢᠨ ᠨᠢᠭᠦᠯᠡᠰᠬᠦ᠂ ᠠᠰᠠᠷᠠᠵᠤ ᠠᠴᠢᠯᠠᠬᠤ ᠰᠡᠳᠬᠢᠯ ᠢᠶᠡᠷ ᠬᠦᠴᠦᠨ ᠵᠢᠳᠬᠦᠵᠦ᠂ ᠠᠢᠢᠯ ᠪᠦᠷᠢ ᠳᠥ ᠡᠷᠡᠭᠦᠯ ᠡᠩᠬᠡ᠂ ᠠᠵᠠ ᠵᠢᠷᠭᠠᠯ ᠲᠠᠢ ᠪᠠᠢᠢᠬᠤ ᠢᠢᠨ ᠪᠠᠶᠠᠷ ᠪᠠᠶᠠᠰᠤᠯ ᠪᠡᠯᠡᠭᠯᠡᠳᠡᠭ ᠡᠮᠴᠢ᠂ ᠰᠤᠪᠢᠯᠠᠭᠴᠢ᠂ ᠠᠵᠢᠯᠲᠠᠨ᠂ ᠠᠯᠪᠠᠨ ᠬᠠᠭᠠᠭᠴᠢ ᠨᠠᠷ ᠲᠤ ᠪᠠᠶᠠᠷ ᠤᠨ ᠮᠡᠨᠳᠦ ᠳᠡᠪᠰᠢᠭᠦᠯᠵᠦ᠂ ᠠᠵᠢᠯ ᠤᠨ ᠠᠮᠵᠢᠯᠲᠠ᠂ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠯ᠎ᠡ᠃
ᠡᠮᠨᠡᠯᠭᠡ ᠢᠢᠨ ᠬᠠᠮᠲᠤ ᠣᠯᠠᠨ ᠰᠢᠨ᠎ᠡ ᠵᠠᠭᠤᠨ ᠤ ᠬᠥᠭ᠍ᠵᠢᠯ ᠳᠡᠪᠰᠢᠯ ᠦᠨ ᠲᠦᠭᠦᠴᠢᠭᠡ ᠪᠠᠢᠢᠵᠤ᠂ ᠠᠮᠵᠢᠯᠲᠠ ᠪᠦᠲᠦᠭᠡᠯ ᠢᠶᠡᠨ ᠪᠠᠲᠤᠳᠬᠠᠨ᠂ ᠠᠯᠳᠠᠷ ᠴᠣᠯᠠ ᠪᠠᠨ ᠪᠠᠳᠠᠷᠠᠭᠠᠵᠤ᠂ ᠰᠠᠯᠪᠤᠷᠢ ᠳᠤ ᠪᠠᠨ ᠢᠮᠠᠭᠲᠠ ᠮᠠᠩᠯᠠᠢᠢᠯᠠᠭᠴᠢ᠂ ᠲᠡᠷᠢᠭᠦᠯᠡᠭᠴᠢ ᠨᠢ ᠪᠠᠢᠢᠨ᠎ᠠ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠢᠯᠡᠷᠬᠡᠢᠢᠯᠡᠯ᠎ᠡ᠃


ᠤᠯᠤᠰ ᠤᠨ ᠨᠢᠭᠡ᠊ᠳ᠋ᠦᠭᠡᠷ ᠲᠥᠪ ᠡᠮᠨᠡᠯᠭᠡ ᠨᠢ ᠑᠙᠒᠕ ᠣᠨ ᠤ ᠑᠐ ᠳ᠋ᠤᠭᠠᠷ ᠰᠠᠷ᠎ᠠ ᠳᠤ ᠥᠷᠦᠨ᠎ᠡ᠂ ᠳᠣᠷᠤᠨ᠎ᠠ ᠢᠢᠨ ᠡᠮᠴᠢᠯᠡᠭᠡ ᠬᠤᠤᠰᠯᠠᠭᠤᠯᠤᠭᠰᠠᠨ ᠑᠕ ᠣᠷᠤ᠂ ᠳᠥᠷᠪᠡᠨ ᠡᠮᠴᠢ ᠲᠡᠢ ᠦᠢᠯᠡ ᠠᠵᠢᠯᠯᠠᠭ᠎ᠠ ᠪᠠᠨ ᠡᠬᠢᠯᠡᠭᠰᠡᠨ ᠲᠡᠦᠬᠡ ᠲᠡᠢ᠃
ᠡᠳᠦᠭᠡ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡᠨ ᠦ ᠒᠐ ᠪᠠᠢᠢᠭᠤᠯᠤᠯᠭ᠎ᠠ ᠢᠢ ᠰᠠᠯᠪᠤᠷᠢᠯᠠᠨ ᠬᠥᠭ᠍ᠵᠢᠭᠦᠯᠵᠦ᠂ ᠑᠔ ᠴᠢᠭᠯᠡᠯ ᠢᠶᠡᠷ ᠯᠠᠪᠯᠠᠭ᠎ᠠ ᠲᠤᠰᠠᠯᠠᠮᠵᠢ᠂ ᠦᠢᠯᠡᠴᠢᠯᠡᠭᠡ ᠡᠷᠬᠢᠯᠡᠳᠡᠭ᠂ ᠕᠔᠘ ᠣᠷᠤ᠂ ᠘᠔᠖ ᠠᠵᠢᠯᠲᠠᠨ᠂ ᠠᠯᠪᠠᠨ ᠬᠠᠭᠠᠭᠴᠢ ᠲᠠᠢ ᠪᠣᠯᠤᠭᠠᠳ ᠪᠠᠢᠢᠨ᠎ᠠ᠃
ᠥᠩ᠋ᠭᠡᠷᠡᠭᠰᠡᠨ ᠑᠐᠐ ᠵᠢᠯ ᠦᠨ ᠬᠤᠭᠤᠴᠠᠭᠠᠨ ᠳᠤ ᠳᠠᠪᠬᠤᠷᠳᠠᠭᠰᠠᠨ ᠲᠣᠭ᠎ᠠ ᠪᠠᠷ ᠒᠐ ᠰᠠᠶ᠎ᠠ ᠬᠦᠮᠦᠨ ᠳᠥ ᠠᠮᠪᠦ᠋ᠯᠠᠲ᠋ᠣᠷᠢ ᠪᠠᠷ ᠦᠢᠯᠡᠴᠢᠯᠡᠵᠦ᠂ ᠨᠢᠭᠡ ᠰᠠᠶ᠎ᠠ ᠘᠐᠐ ᠮᠢᠩ᠋ᠭᠠᠨ ᠬᠦᠮᠦᠨ ᠢ ᠬᠡᠪᠲᠡᠭᠦᠯᠦᠨ ᠡᠮᠴᠢᠯᠠᠵᠦ᠂ ᠖᠐᠐ ᠮᠢᠩ᠋ᠭᠠᠨ ᠬᠦᠮᠦᠨ ᠳᠥ ᠮᠡᠰᠡ ᠵᠠᠰᠠᠯ ᠤᠨ ᠲᠤᠰᠠᠯᠠᠮᠵᠢ᠂ ᠦᠢᠯᠡᠴᠢᠯᠡᠭᠡ ᠦᠵᠡᠭᠦᠯᠵᠡᠶ᠃
ᠲᠤᠰ ᠡᠮᠨᠡᠯᠭᠡ ᠳᠤᠷᠠᠨ ᠤ ᠮᠡᠰᠡ ᠵᠠᠰᠠᠯ᠂ ᠡᠯᠢᠭᠡ᠂ ᠪᠥᠭᠡᠷ᠎ᠡ᠂ ᠡᠭᠦᠳᠦᠯ ᠡᠰ᠂ ᠦᠶ᠎ᠡ ᠰᠢᠯᠵᠢᠭᠦᠯᠦᠨ ᠰᠠᠭᠤᠯᠭᠠᠬᠤ᠂ ᠴᠥᠮ ᠦᠨ ᠣᠨᠤᠰᠢᠯᠠᠭ᠎ᠠ᠂ ᠡᠮᠴᠢᠯᠡᠭᠡ᠂ ᠡᠮ ᠦᠨ ᠴᠢᠨᠠᠷ᠂ ᠠᠶᠤᠯ ᠦᠭᠡᠢ ᠪᠠᠢᠢᠳᠠᠯ ᠤᠨ ᠴᠣᠭᠴᠠ ᠲᠧᠭᠨᠣᠯᠤᠭᠢ ᠵᠡᠷᠭᠡ ᠣᠯᠠᠨ ᠳᠡᠪᠰᠢᠯᠲᠡᠲᠦ ᠠᠷᠭ᠎ᠠ᠂ ᠠᠷᠭᠠᠴᠢᠯᠠᠯ ᠢ ᠡᠬᠡ ᠣᠷᠤᠨ ᠳᠤ ᠪᠠᠨ ᠠᠩᠬ᠎ᠠ ᠨᠡᠪᠲᠡᠷᠡᠭᠦᠯᠵᠦ᠂ ᠡᠮᠨᠡᠯᠭᠡ ᠢᠢᠨ ᠲᠤᠰᠠᠯᠠᠮᠵᠢ᠂ ᠦᠢᠯᠡᠴᠢᠯᠡᠭᠡ᠂ ᠰᠤᠷᠭᠠᠯᠲᠠ᠂ ᠡᠷᠳᠡᠮ ᠰᠢᠨᠵᠢᠯᠡᠭᠡ᠂ ᠰᠤᠳᠤᠯᠭ᠎ᠠ ᠢᠢ ᠴᠣᠭᠴᠠ ᠪᠠᠷ ᠨᠢ ᠬᠡᠷᠡᠭᠵᠢᠭᠦᠯᠵᠦ ᠪᠠᠢᠢᠨ᠎ᠠ᠃






