Та "Internet explorer"-ийн сүүлийн хувилбар болох "Microsoft edge"-г ашиглана уу

Хэрэв "Microsoft edge"-г татах бол энд дарж татаж авна уу

«ᠬᠦᠨᠡᠰᠦᠨ ᠦ ᠬᠤᠪᠢᠰᠬᠠᠯ» ᠊ᠤᠨ ᠦᠷ᠎ᠡ ᠳ᠋ᠦᠩ ᠳᠥ ᠕᠓ ᠦᠢᠯᠡᠳᠪᠦᠷᠢ ᠠᠰᠢᠭᠯᠠᠯᠲᠠ ᠳᠤ ᠣᠷᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠦᠨᠳᠦᠰᠦᠨ ᠦ ᠦᠢᠯᠡᠳᠪᠦᠷᠢᠯᠡᠭᠴᠢ ᠠᠵᠤ ᠠᠬᠤᠶ ᠢᠢᠨ ᠨᠢᠭᠡᠴᠡ ᠨᠤᠭᠦᠳ ᠲᠥ ᠠᠵᠢᠯᠯᠠᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢ «ᠲᠦᠮᠡᠨ ᠰᠢᠪᠠᠭᠤᠲᠤ» ᠬᠤᠪᠢᠴᠠᠭᠠᠲᠤ ᠻᠣᠮᠫᠠᠨᠢ ᠢᠢᠨ «ᠠᠭᠷᠣ᠋ ᠹᠢᠳ᠋» ᠲᠡᠵᠢᠭᠡᠯ ᠦᠨ ᠦᠢᠯᠡᠳᠪᠦᠷᠢ ᠳᠥ ᠬᠦᠷᠦᠯᠴᠡᠨ ᠢᠷᠡᠬᠦ ᠳᠥ ᠻᠣᠮᠫᠠᠨᠢ ᠢᠢᠨ ᠲᠥᠯᠦᠭᠡᠯᠡᠨ ᠤᠳᠤᠷᠢᠳᠬᠤ ᠵᠥᠪᠯᠡᠯ ᠤᠨ ᠳᠠᠷᠤᠭ᠎ᠠ ᠯ᠊·ᠡᠷᠬᠢᠮᠪᠠᠶᠠᠷ᠂ ᠭᠦᠢᠴᠡᠳᠬᠡᠬᠦ ᠵᠠᠬᠢᠷᠤᠯ ᠵ᠊·ᠪᠣᠯᠤᠳ ᠨᠠᠷ ᠲᠣᠨᠤᠭ ᠲᠥᠬᠦᠭᠡᠷᠦᠮᠵᠢ ᠢᠢᠨ ᠰᠢᠨᠡᠴᠢᠯᠡᠯᠲᠡ᠂ ᠪᠦᠲᠦᠭᠡᠨ ᠪᠠᠢᠢᠭᠤᠯᠤᠯᠲᠠ ᠪᠣᠯᠤᠨ ᠦᠢᠯᠡᠳᠪᠦᠷᠢ ᠢᠢᠨ ᠦᠢᠯᠡ ᠠᠵᠢᠯᠯᠠᠭ᠎ᠠ ᠢᠢ ᠲᠠᠨᠢᠯᠴᠠᠭᠤᠯᠤᠯ᠎ᠠ᠃

«ᠲᠦᠮᠡᠨ ᠰᠢᠪᠠᠭᠤᠲᠤ» ᠬᠤᠪᠢᠴᠠᠭᠠᠲᠤ ᠻᠣᠮᠫᠠᠨᠢ ᠤᠷᠲᠤ ᠬᠤᠭᠤᠴᠠᠭ᠎ᠠ ᠲᠠᠢ᠂ ᠬᠥᠩ᠋ᠭᠡᠯᠡᠯᠲᠡᠲᠡᠢ ᠵᠢᠭᠡᠯᠡ ᠠᠪᠴᠤ᠂ ᠥᠩ᠋ᠭᠡᠷᠡᠭᠰᠡᠨ ᠣᠨ ᠳᠤ «ᠲᠦᠮᠡᠨ ᠰᠢᠪᠠᠭᠤᠲᠤ-᠒» ᠦᠢᠯᠡᠳᠪᠦᠷᠢ ᠪᠡᠨ ᠠᠰᠢᠭᠯᠠᠯᠲᠠ ᠳᠤ ᠣᠷᠤᠭᠤᠯᠤᠨ᠂ ᠳᠠᠷᠠᠭ᠎ᠠ ᠢᠢᠨ ᠦᠢᠯᠡᠳᠪᠦᠷᠢ ᠪᠡᠨ ᠪᠠᠷᠢᠵᠤ ᠪᠠᠢᠢᠨ᠎ᠠ᠃

ᠡᠨᠡ ᠣᠨ ᠳᠤ ᠑᠗᠐ ᠰᠠᠶ᠎ᠠ᠂ ᠢᠷᠡᠬᠦ ᠵᠢᠯ ᠒᠕᠐ ᠰᠠᠶ᠎ᠠ ᠰᠢᠷᠬᠡᠭ᠌ ᠥᠨᠳᠡᠭᠡ ᠦᠢᠯᠡᠳᠪᠦᠷᠢᠯᠡᠬᠦ ᠪᠥᠭᠡᠳ ᠡᠨᠡ ᠨᠢ ᠳᠣᠲᠤᠭᠠᠳᠤ ᠢᠢᠨ ᠵᠠᠬ᠎ᠠ ᠵᠡᠭᠡᠯᠢ ᠢᠢᠨ ᠔᠐ ᠬᠤᠪᠢ ᠭᠡᠰᠡᠨ ᠦᠭᠡ ᠶᠤᠮ᠃ ᠒᠐᠒᠖ ᠣᠨ ᠳᠤ ᠪᠦᠷᠢᠨ ᠬᠦᠴᠦᠨ ᠴᠢᠳᠠᠯ ᠢᠶᠠᠷ ᠢᠶᠠᠨ ᠠᠵᠢᠯᠯᠠᠵᠤ ᠕᠐ ᠬᠤᠪᠢ ᠢᠢ ᠬᠠᠩ᠋ᠭᠠᠬᠤ ᠶᠤᠮ ᠪᠠᠢᠢᠨ᠎ᠠ᠃

ᠲᠤᠰ ᠻᠣᠮᠫᠠᠨᠢ ᠢᠢᠨ «ᠠᠭᠷᠣ᠋ ᠹᠢᠳ᠋» ᠦᠢᠯᠡᠳᠪᠦᠷᠢ ᠲᠠᠬᠢᠶᠠᠨ ᠤ ᠪᠣᠯᠤᠨ ᠮᠠᠯ᠂ ᠠᠮᠢᠲᠠᠨ ᠤ ᠲᠡᠵᠢᠭᠡᠯ ᠦᠢᠯᠡᠳᠪᠦᠷᠢᠯᠡᠵᠦ᠂ ᠒᠑ ᠠᠢᠢᠮᠠᠭ ᠤᠨ ᠰᠢᠪᠠᠭᠤᠨ ᠤ ᠒᠕ ᠠᠵᠤ ᠠᠬᠤᠶ ᠢᠢ ᠲᠡᠵᠢᠭᠡᠯ ᠢᠶᠡᠷ ᠬᠠᠩ᠋ᠭᠠᠵᠤ ᠪᠠᠢᠢᠨ᠎ᠠ᠃ ᠡᠨᠡ ᠣᠨ ᠳᠤ ᠔᠐ ᠮᠢᠩ᠋ᠭ᠎ᠠ᠂ ᠢᠷᠡᠬᠦ ᠵᠢᠯ ᠕᠕ ᠮᠢᠩ᠋ᠭᠠᠨ ᠲᠣᠨᠠ ᠲᠡᠵᠢᠭᠡᠯ ᠦᠢᠯᠡᠳᠪᠦᠷᠢᠯᠡᠬᠦ ᠶᠤᠮ᠃

ᠡᠨᠡ ᠣᠨ ᠳᠤ ᠳᠣᠲᠤᠭᠠᠳᠤ ᠢᠢᠨ ᠦᠢᠯᠡᠳᠪᠦᠷᠢᠯᠡᠭᠴᠢᠳ ᠡᠴᠡ ᠓᠘ ᠮᠢᠩ᠋ᠭᠠᠨ ᠲᠣᠨᠠ ᠤᠯᠠᠭᠠᠨ ᠪᠤᠭᠤᠳᠠᠶ᠂ ᠬᠡᠪᠢᠭ᠌᠂ ᠣᠪᠢᠶᠠᠰᠤ ᠵᠡᠷᠭᠡ ᠢᠢ ᠬᠤᠳᠠᠯᠳᠤᠨ ᠠᠪᠤᠭᠰᠠᠨ ᠪᠣᠯ ᠒᠐᠒᠖ ᠣᠨ ᠳᠤ ᠕᠓ ᠮᠢᠩ᠋ᠭᠠᠨ ᠲᠣᠨᠠ ᠢᠢ ᠠᠪᠤᠬᠤ ᠪᠠᠷ ᠲᠥᠯᠦᠪᠯᠡᠵᠡᠶ᠃

ᠻᠣᠮᠫᠠᠨᠢ ᠢᠢᠨ ᠤᠳᠤᠷᠢᠳᠤᠯᠭ᠎ᠠ ᠨᠤᠭᠤᠳ ᠮᠥᠨ ᠮᠢᠬᠠᠨ ᠤ ᠴᠢᠭᠯᠡᠯ ᠦᠨ «ᠳ᠋ᠣᠷᠫᠧᠷ» ᠬᠣᠨᠢᠨ ᠤ ᠦᠷᠡᠵᠢᠯ ᠦᠨ ᠠᠵᠤ ᠠᠬᠤᠶ ᠢᠢᠨ ᠲᠥᠰᠦᠯ ᠦᠨ ᠢᠶᠡᠨ ᠲᠠᠯ᠎ᠠ ᠪᠠᠷ ᠲᠠᠨᠢᠯᠴᠠᠭᠤᠯᠤᠯ᠎ᠠ᠃

ᠻᠣᠮᠫᠠᠨᠢ ᠒᠐᠐᠔ ᠣᠨ ᠳᠤ ᠪᠠᠢᠢᠭᠤᠯᠤᠭᠳᠠᠭᠰᠠᠨ᠂ ᠳᠥᠷᠪᠡᠨ ᠰᠠᠯᠪᠤᠷᠢ ᠦᠢᠯᠡᠳᠪᠦᠷᠢ ᠲᠡᠢ᠂ ᠓᠖᠐ ᠭᠠᠷᠤᠶ ᠠᠵᠢᠯᠲᠠᠨ᠂ ᠠᠯᠪᠠᠨ ᠬᠠᠭᠠᠭᠴᠢ ᠲᠠᠢ᠃ ᠑᠗ ᠨᠡᠷ᠎ᠡ ᠲᠥᠷᠦᠯ ᠦᠨ ᠰᠠᠪᠠᠯᠤᠭ᠎ᠠ ᠲᠠᠢ ᠥᠨᠳᠡᠭᠡ᠂ ᠑᠐ ᠨᠡᠷ᠎ᠡ ᠲᠥᠷᠦᠯ ᠦᠨ ᠮᠠᠯ᠂ ᠠᠮᠢᠲᠠᠨ ᠤ ᠲᠡᠵᠢᠭᠡᠯ ᠪᠣᠯᠤᠨ ᠰᠢᠪᠠᠭᠤᠨ ᠤ ᠰᠠᠩ᠋ᠭᠠᠰ ᠢ ᠪᠣᠯᠪᠠᠰᠤᠷᠠᠭᠤᠯᠵᠤ ᠣᠷᠭᠠᠨᠢᠭ ᠪᠣᠷᠳᠤᠭ᠎ᠠ ᠦᠢᠯᠡᠳᠪᠦᠷᠢᠯᠡᠵᠦ ᠪᠠᠢᠢᠨ᠎ᠠ᠃

᠑᠙ ᠮᠢᠩ᠋ᠭ᠎ᠠ ᠭᠠᠷᠤᠶ ᠬᠤᠪᠢᠴᠠᠭ᠎ᠠ ᠡᠵᠡᠮᠰᠢᠭᠴᠢ ᠲᠡᠢ ᠪᠥᠭᠡᠳ ᠒᠐᠑᠙-᠒᠐᠒᠓ ᠣᠨ ᠳᠤ ᠑᠐ ᠲᠡᠷᠪᠤᠮ ᠲᠥᠭᠦᠷᠢᠭ᠌ ᠦᠨ ᠨᠣᠭᠳᠠᠯ ᠠᠰᠢᠭ ᠲᠠᠷᠠᠭᠠᠵᠠᠶ᠃

ᠮᠠᠨ ᠤ ᠤᠯᠤᠰ ᠒᠐᠒᠐ ᠣᠨ ᠠᠴᠠ ᠡᠮᠦᠨ᠎ᠡ ᠬᠡᠷᠡᠭᠴᠡᠭᠡᠲᠦ ᠥᠨᠳᠡᠭᠡᠨ ᠦ ᠪᠡᠨ ᠕᠐ ᠠᠴᠠ ᠢᠯᠡᠭᠦᠦ ᠬᠤᠪᠢ ᠢᠢ ᠢᠮᠫᠣᠷᠲ ᠢᠶᠠᠷ ᠠᠪᠳᠠᠭ᠂ ᠴᠥᠭᠡᠨ ᠬᠡᠳᠦᠨ ᠠᠵᠤ ᠠᠬᠤᠶ ᠢᠢᠨ ᠨᠢᠭᠡᠴᠡ ᠢᠢᠨ ᠲᠣᠨᠤᠭ ᠲᠥᠬᠦᠭᠡᠷᠦᠮᠵᠢ᠂ ᠪᠠᠷᠢᠯᠭ᠎ᠠ ᠪᠠᠢᠢᠭᠤᠯᠤᠮᠵᠢ ᠨᠢ ᠬᠤᠭᠤᠴᠢᠷᠠᠴᠤ ᠮᠠᠭᠤᠳᠠᠭᠰᠠᠨ ᠪᠠᠢᠢᠯ᠎ᠠ᠃

᠒᠐᠒᠒ ᠣᠨ ᠠᠴᠠ ᠬᠡᠷᠡᠭᠵᠢᠵᠦ ᠡᠬᠢᠯᠡᠭᠰᠡᠨ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠦᠷ᠎ᠡ ᠳ᠋ᠦᠩ ᠳᠥ ᠠᠵᠤ ᠠᠬᠤᠶ ᠢᠢᠨ ᠨᠢᠭᠡᠴᠡ ᠢᠢᠨ ᠲᠣᠭ᠎ᠠ᠂ ᠬᠦᠴᠦᠨ ᠴᠢᠳᠠᠯ᠂ ᠲᠣᠨᠤᠭ ᠲᠥᠬᠦᠭᠡᠷᠦᠮᠵᠢ ᠨᠢ ᠰᠠᠢᠢᠵᠢᠷᠠᠵᠤ᠂ ᠡᠨᠡ ᠬᠢᠷᠢ ᠪᠡᠷ ᠦᠢᠯᠡᠳᠪᠦᠷᠢᠯᠡᠯ ᠨᠡᠮᠡᠭᠳᠡᠭᠰᠡᠨ ᠶᠤᠮ᠃

ᠢᠷᠡᠬᠦ ᠬᠣᠶᠠᠷ ᠵᠢᠯ ᠦᠨ ᠳᠣᠲᠤᠷ᠎ᠠ ᠳᠣᠲᠤᠭᠠᠳᠤ ᠢᠢᠨ ᠓᠐ ᠭᠠᠷᠤᠶ ᠰᠢᠪᠠᠭᠤᠨ ᠤ ᠠᠵᠤ ᠠᠬᠤᠶ ᠨᠡᠢᠢᠲᠡ ᠓ ᠰᠠᠶ᠎ᠠ ᠲᠣᠭ᠎ᠠ ᠲᠣᠯᠤᠭᠠᠶ ᠰᠢᠪᠠᠭᠤ ᠲᠠᠢ ᠪᠣᠯᠵᠤ᠂ ᠵᠢᠯ ᠳᠥ ᠳᠤᠮᠳᠠᠵᠢ ᠪᠠᠷ ᠖᠕᠐ ᠰᠠᠶ᠎ᠠ ᠰᠢᠷᠬᠡᠭ᠌ ᠥᠨᠳᠡᠭᠡ ᠦᠢᠯᠡᠳᠪᠦᠷᠢᠯᠡᠨ᠎ᠡ᠃

ᠢᠩ᠋ᠭᠢᠭ᠍ᠰᠡᠨ ᠢᠶᠡᠷ ᠳᠣᠲᠤᠭᠠᠳᠤ ᠢᠢᠨ ᠬᠡᠷᠡᠭᠴᠡᠭᠡ ᠢᠢ ᠡᠨᠡ ᠣᠨ ᠳᠤ ᠘᠐ ᠬᠤᠪᠢ᠂ ᠢᠷᠡᠬᠦ ᠵᠢᠯ ᠑᠐᠐ ᠬᠤᠪᠢ ᠬᠠᠩ᠋ᠭᠠᠬᠤ ᠪᠣᠯᠤᠮᠵᠢ ᠪᠦᠷᠢᠳᠦᠨ᠎ᠡ᠃

ᠭᠣᠣᠯ ᠨᠡᠷ᠎ᠡ ᠲᠥᠷᠦᠯ ᠦᠨ ᠑᠙ ᠪᠦᠲᠦᠭᠡᠭ᠍ᠳᠡᠬᠦᠨ ᠢᠶᠡᠷ ᠳᠣᠲᠤᠭᠠᠳᠤ ᠢᠢᠨ ᠬᠡᠷᠡᠭᠴᠡᠭᠡ ᠪᠡᠨ ᠬᠠᠩ᠋ᠭᠠᠬᠤ ᠵᠣᠷᠢᠯᠲᠠ ᠳᠡᠪᠰᠢᠭᠦᠯᠦᠭᠰᠡᠨ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠢ ᠡᠬᠢᠨ ᠡᠴᠡ ᠨᠢ ᠲᠤᠭᠤᠰᠢᠲᠠᠢ ᠳᠡᠮᠵᠢᠵᠦ᠂ ᠪᠣᠳᠠᠲᠤ ᠦᠷ᠎ᠡ ᠳ᠋ᠦᠩ ᠭᠠᠷᠭᠠᠵᠤ ᠪᠠᠢᠢᠭ᠎ᠠ ᠠᠵᠤ ᠠᠬᠤᠶ ᠢᠢᠨ ᠨᠢᠭᠡᠴᠡ᠂ ᠪᠠᠶᠠᠯᠢᠭ ᠪᠦᠲᠦᠭᠡᠭ᠍ᠴᠢᠳ ᠲᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠲᠠᠯᠠᠷᠬᠠᠯ ᠢᠯᠡᠷᠬᠡᠢᠢᠯᠡᠯ᠎ᠡ᠃

«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠓᠂᠐᠐᠐ ᠭᠠᠷᠤᠶ ᠠᠵᠤ ᠠᠬᠤᠶ ᠢᠢᠨ ᠨᠢᠭᠡᠴᠡ ᠑·᠒ ᠶᠡᠬᠡ ᠨᠠᠶᠤᠳ ᠲᠥᠭᠦᠷᠢᠭ᠌ ᠦᠨ ᠤᠷᠲᠤ ᠬᠤᠭᠤᠴᠠᠭ᠎ᠠ ᠲᠠᠢ᠂ ᠬᠥᠩ᠋ᠭᠡᠯᠡᠯᠲᠡᠲᠡᠢ ᠵᠢᠭᠡᠯᠡ ᠠᠪᠤᠭᠠᠳ ᠪᠠᠢᠢᠨ᠎ᠠ᠃