ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠪᠠᠢᠢᠭᠤᠯᠤᠭᠳᠠᠭᠰᠠᠨ ᠤ ᠗᠖ ᠵᠢᠯ ᠦᠨ ᠣᠢ ᠢᠢ ᠲᠣᠬᠢᠶᠠᠯᠳᠤᠭᠤᠯᠤᠨ ᠲᠤᠰ ᠤᠯᠤᠰ ᠤᠨ ᠳᠠᠷᠤᠭ᠎ᠠ ᠰᠢ ᠵᠢᠨ᠋ᠫᠢᠩ ᠳᠥ ᠪᠠᠶᠠᠷ ᠤᠨ ᠵᠠᠬᠢᠳᠠᠯ ᠢᠯᠡᠭᠡᠭ᠍ᠰᠡᠨ ᠶᠤᠮ᠃
ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠋ᠫᠢᠩ ᠬᠠᠷᠢᠭᠤ ᠵᠠᠬᠢᠳᠠᠯ ᠳᠤ ᠪᠠᠨ᠂ «ᠬᠢᠲᠠᠳ᠂ ᠮᠣᠩ᠋ᠭᠤᠯ ᠬᠣᠶᠠᠷ ᠤᠯᠤᠰ ᠨᠢ ᠪᠡᠶ᠎ᠡ ᠪᠡᠶ᠎ᠡ ᠳᠥ ᠪᠡᠨ ᠴᠢᠬᠤᠯᠠ ᠬᠥᠷᠰᠢ ᠪᠢᠯᠡ᠃ ᠰᠡᠭᠦᠯ ᠦᠨ ᠵᠢᠯ ᠦᠳ ᠲᠥ ᠬᠣᠶᠠᠷ ᠤᠯᠤᠰ ᠤᠨ ᠬᠠᠷᠢᠯᠴᠠᠭ᠎ᠠ ᠪᠦᠬᠦ ᠰᠠᠯᠪᠤᠷᠢ ᠳᠤ ᠤᠯᠠᠮ ᠢᠳᠡᠪᠬᠢᠵᠢᠵᠦ᠂ ᠬᠠᠮᠲᠤᠷᠠᠭᠰᠠᠨ ᠴᠢᠬᠤᠯᠠ ᠲᠥᠰᠦᠯ ᠦᠳ ᠠᠮᠵᠢᠯᠲᠠ ᠲᠠᠢ ᠬᠡᠷᠡᠭᠵᠢᠵᠦ᠂ ᠤᠯᠠᠮᠵᠢᠯᠠᠯᠲᠤ ᠨᠠᠢᠢᠷᠠᠮᠳᠠᠯ ᠤᠯᠠᠮ ᠪᠦᠷᠢ ᠪᠡᠬᠢᠵᠢᠭᠰᠡᠭᠡᠷ ᠪᠠᠢᠢᠨ᠎ᠠ» ᠭᠡᠳᠡᠭ ᠢ ᠣᠨᠴᠠᠯᠠᠨ ᠲᠡᠮᠳᠡᠭᠯᠡᠵᠡᠶ᠃
ᠮᠥᠨ «ᠮᠢᠨᠦ ᠪᠡᠶ᠎ᠡ ᠲᠠᠨ ᠲᠠᠢ ᠬᠠᠮᠲᠤ ᠬᠦᠴᠦᠨ ᠴᠢᠷᠮᠠᠢᠢᠯᠲᠠ ᠭᠠᠷᠭᠠᠵᠤ᠂ ᠰᠲ᠋ᠷᠠᠲ᠋ᠧᠭᠢ ᠢᠢᠨ ᠬᠠᠷᠢᠯᠴᠠᠨ ᠢᠲᠡᠭᠡᠯᠴᠡᠯ ᠢᠶᠡᠨ ᠪᠡᠬᠢᠵᠢᠭᠦᠯᠦᠨ᠂ ᠬᠥᠭ᠍ᠵᠢᠯ ᠦᠨ ᠤᠶᠠᠯᠳᠤᠭ᠎ᠠ ᠢᠢ ᠭᠦᠨᠵᠡᠭᠡᠢᠢᠷᠡᠭᠦᠯᠵᠦ᠂ ᠠᠷᠠᠳ ᠲᠦᠮᠡᠨ ᠦ ᠬᠠᠷᠢᠯᠴᠠᠨ ᠣᠢᠢᠯᠠᠭᠠᠯᠴᠠᠯ ᠢ ᠨᠡᠮᠡᠭᠳᠡᠭᠦᠯᠵᠦ᠂ ᠬᠢᠲᠠᠳ᠂ ᠮᠣᠩ᠋ᠭᠤᠯ ᠤᠨ ᠬᠠᠮᠲᠤ ᠢᠢᠨ ᠢᠷᠡᠭᠡᠳᠦᠶ ᠢᠢᠨ ᠨᠡᠢᠢᠭᠡᠮᠯᠢᠭ᠌ ᠦᠨ ᠪᠦᠲᠦᠭᠡᠨ ᠪᠠᠢᠢᠭᠤᠯᠤᠯᠲᠠ ᠢᠢ ᠬᠤᠷᠳᠤᠰᠬᠠᠨ᠂ ᠬᠣᠶᠠᠷ ᠤᠯᠤᠰ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠳᠤ ᠰᠢᠨ᠎ᠡ ᠬᠥᠳᠡᠯᠭᠡᠭ᠍ᠴᠢ ᠬᠦᠴᠦ ᠪᠦᠷᠢᠳᠦᠭᠦᠯᠬᠦ ᠢᠢᠨ ᠲᠥᠯᠦᠭᠡ ᠪᠠᠢᠢᠨ᠎ᠠ» ᠭᠡᠵᠡᠶ᠃
ᠵᠠᠬᠢᠳᠠᠯ ᠳᠤ ᠪᠠᠨ᠂ ᠮᠣᠩ᠋ᠭᠤᠯ ᠤᠯᠤᠰ ᠤᠨ ᠶᠡᠷᠦᠩᠬᠡᠢᠢᠯᠡᠭᠴᠢ ᠲᠡᠢ ᠰᠠᠶᠢᠬᠠᠨ ᠲᠢᠶᠠᠨ᠋ᠵᠢᠨ ᠪᠣᠯᠤᠨ ᠪᠡᠭᠡᠵᠢᠩ ᠬᠣᠲᠠ ᠳᠤ ᠬᠢᠭ᠍ᠰᠡᠨ ᠠᠭᠤᠯᠵᠠᠯᠲᠠ ᠦᠷ᠎ᠡ ᠳ᠋ᠦᠩ ᠲᠡᠢ ᠪᠣᠯᠤᠭᠰᠠᠨ ᠢ ᠣᠨᠴᠠᠯᠠᠭᠰᠠᠨ ᠪᠠᠢᠢᠨ᠎ᠠ᠃



