Та "Internet explorer"-ийн сүүлийн хувилбар болох "Microsoft edge"-г ашиглана уу

Хэрэв "Microsoft edge"-г татах бол энд дарж татаж авна уу

«ᠬᠦᠨᠡᠰᠦᠨ ᠦ ᠬᠤᠪᠢᠰᠬᠠᠯ» ᠤᠨ ᠦᠷ᠎ᠡ ᠳ᠋ᠦᠩ ᠳᠥ ᠠᠵᠤ ᠠᠬᠤᠶ ᠢᠢᠨ ᠨᠢᠭᠡᠴᠡ ᠨᠤᠭᠦᠳ ᠦᠨ ᠬᠦᠴᠦᠨ ᠴᠢᠳᠠᠯ ᠳᠣᠣᠷᠠᠳᠤ ᠲᠠᠯ᠎ᠠ ᠨᠢ ᠬᠣᠶᠠᠷ ᠳᠠᠬᠢᠨ ᠨᠡᠮᠡᠭᠳᠡᠵᠡᠶ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠬᠥᠳᠡᠯᠭᠡᠭᠡᠨ ᠦ ᠬᠦᠷᠢᠶᠡᠨ ᠳᠥ ᠦᠨᠳᠦᠰᠦᠨ ᠦ ᠦᠢᠯᠡᠳᠪᠦᠷᠢᠯᠡᠭᠴᠢ ᠠᠵᠤ ᠠᠬᠤᠶ ᠢᠢᠨ ᠨᠢᠭᠡᠴᠡ ᠨᠤᠭᠦᠳ ᠲᠥ ᠠᠵᠢᠯᠯᠠᠯ᠎ᠠ᠃

« ᠥᠭ᠍ᠭᠢᠶᠡᠮᠵᠢ ᠠᠷᠬᠠᠳ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠣᠶᠠᠷ ᠲᠡᠷᠪᠤᠮ ᠲᠥᠭᠦᠷᠢᠭ᠌ ᠦᠨ ᠬᠥᠷᠦᠩ᠋ᠭᠡ ᠣᠷᠤᠭᠤᠯᠤᠯᠲᠠ ᠢᠢᠨ ᠵᠢᠭᠡᠯᠡ ᠠᠪᠴᠤ᠂ ᠦᠢᠯᠡᠳᠪᠦᠷᠢ ᠢᠢᠨ ᠪᠠᠢᠢᠷᠢ ᠪᠣᠯᠤᠨ ᠠᠭᠤᠯᠬᠤ ᠪᠠᠨ ᠦᠷᠭᠡᠳᠬᠡᠵᠦ᠂ ᠳᠣᠲᠤᠭᠠᠳᠤ ᠢᠢᠨ ᠯᠠᠪᠣᠷᠠᠲ᠋ᠣᠷᠢ᠂ ᠴᠡᠪᠡᠷᠯᠡᠬᠦ ᠪᠠᠢᠢᠭᠤᠯᠤᠮᠵᠢ ᠪᠠᠨ ᠠᠰᠢᠭᠯᠠᠯᠲᠠ ᠳᠤ ᠣᠷᠤᠭᠤᠯᠤᠭᠠᠳ ᠪᠠᠢᠢᠨ᠎ᠠ᠃

ᠢᠩ᠋ᠭᠢᠭ᠍ᠰᠡᠨ ᠢᠶᠡᠷ ᠬᠦᠴᠦᠨ ᠴᠢᠳᠠᠯ ᠢᠶᠠᠨ ᠒·᠔ ᠳᠠᠬᠢᠨ᠂ ᠪᠣᠷᠤᠯᠠᠭᠤᠯᠤᠯᠲᠠ ᠢᠢᠨ ᠣᠷᠤᠯᠭ᠎ᠠ ᠪᠠᠨ ᠬᠣᠶᠠᠷ ᠳᠠᠬᠢᠨ ᠨᠡᠮᠡᠵᠦ᠂ ᠪᠦᠲᠦᠭᠡᠭ᠍ᠳᠡᠬᠦᠨ ᠦ ᠨᠡᠷ᠎ᠡ᠂ ᠲᠥᠷᠦᠯ ᠢᠶᠡᠨ ᠣᠯᠠᠰᠢᠷᠠᠭᠤᠯᠤᠨ᠂ ᠰᠢᠨ᠎ᠡ ᠪᠡᠷ ᠠᠵᠢᠯ ᠤᠨ ᠪᠠᠢᠢᠷᠢ ᠪᠤᠢ ᠪᠣᠯᠭᠠᠵᠠᠶ᠃

«ᠬᠦᠨᠡᠰᠦᠨ ᠦ ᠬᠤᠪᠢᠰᠬᠠᠯ» ᠤᠨ ᠳ᠋ᠦᠩ ᠳᠥ ᠵᠢᠵᠢᠭ ᠠᠵᠤ ᠠᠬᠤᠶ ᠢᠢᠨ ᠨᠢᠭᠡᠴᠡ ᠡᠴᠡ ᠳᠤᠮᠳᠠ ᠠᠵᠤ ᠠᠬᠤᠶ ᠢᠢᠨ ᠨᠢᠭᠡᠴᠡ ᠢᠢᠨ ᠡᠩᠨᠡᠭᠡᠨ ᠳᠥ ᠰᠢᠯᠵᠢᠭᠰᠡᠨ ᠲᠤᠬᠠᠶ ᠻᠣᠮᠫᠠᠨᠢ ᠢᠢᠨ ᠭᠦᠢᠴᠡᠳᠬᠡᠬᠦ ᠵᠠᠬᠢᠷᠤᠯ ᠨ‌᠊·ᠡᠩᠬᠡᠵᠢᠷᠭᠠᠯ ᠲᠠᠨᠢᠯᠴᠠᠭᠤᠯᠤᠯ᠎ᠠ᠃

«ᠧᠳᠧᠨ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠒᠐᠐᠕ ᠣᠨ ᠠᠴᠠ ᠵᠢᠮᠢᠰ ᠦᠨ ᠴᠢᠨᠠᠮᠠᠯ᠂ ᠥᠳᠬᠡᠷᠡᠭᠦᠯᠦᠭᠰᠡᠨ ᠰᠢᠭᠦᠰ ᠦᠢᠯᠡᠳᠪᠦᠷᠢᠯᠡᠵᠦ ᠡᠬᠢᠯᠡᠭᠰᠡᠨ ᠲᠡᠦᠬᠡ ᠲᠡᠢ᠃ ᠡᠳᠦᠭᠡ ᠢᠮᠫᠣᠷᠲ ᠢ ᠣᠷᠤᠯᠠᠬᠤ᠂ ᠴᠢᠨᠠᠷ ᠤᠨ ᠪᠠᠲᠤᠯᠠᠭ᠎ᠠ ᠲᠠᠢ ᠡᠷᠡᠭᠦᠯ᠂ ᠠᠶᠤᠯ ᠦᠭᠡᠢ ᠖᠐ ᠭᠠᠷᠤᠶ ᠨᠡᠷ᠎ᠡ ᠲᠥᠷᠦᠯ ᠦᠨ ᠪᠦᠲᠦᠭᠡᠭ᠍ᠳᠡᠬᠦᠨ ᠦᠢᠯᠡᠳᠪᠦᠷᠢᠯᠡᠳᠡᠭ ᠪᠣᠯᠵᠠᠶ᠃

«ᠧᠳᠧᠨ» ᠨᠡᠷ᠎ᠡ ᠢᠢᠨ ᠨᠡᠷᠡᠰ᠂ ᠠᠨᠢᠰ᠂ ᠴᠢᠴᠠᠷᠭᠠᠨ᠎ᠠ ᠢᠢᠨ ᠥᠳᠬᠡᠷᠡᠭᠦᠯᠦᠭᠰᠡᠨ ᠰᠢᠭᠦᠰ ᠦᠨ ᠵᠡᠷᠭᠡᠴᠡᠭᠡ «Baby Goody» ᠵᠢᠮᠢᠰ ᠦᠨ ᠨᠤᠬᠤᠰᠢ᠂ «ᠵᠢᠭᠮᠡᠳ᠂ ᠲᠣᠭᠮᠢᠳ» ᠫᠣᠸᠢᠳ᠋ᠯᠣ᠋᠂ «Vota» ᠴᠡᠪᠡᠷ ᠤᠰᠤ᠂ ᠵᠢᠩᠬᠢᠨᠢ ᠵᠢᠮᠢᠰ ᠢᠶᠡᠷ ᠢᠶᠡᠨ «Edber» ᠵᠡᠷᠭᠡ ᠢᠢ ᠵᠠᠬ᠎ᠠ ᠵᠡᠭᠡᠯᠢ ᠳᠥ ᠨᠡᠢᠢᠯᠡᠭᠦᠯᠵᠦ ᠪᠠᠢᠢᠨ᠎ᠠ᠃

ᠻᠣᠮᠫᠠᠨᠢ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠳᠥᠷᠪᠡᠨ ᠲᠡᠷᠪᠤᠮ ᠲᠥᠭᠦᠷᠢᠭ᠌ ᠦᠨ ᠡᠷᠭᠢᠯᠲᠡ ᠢᠢᠨ ᠪᠣᠯᠤᠨ ᠬᠥᠷᠦᠩ᠋ᠭᠡ ᠣᠷᠤᠭᠤᠯᠤᠯᠲᠠ ᠢᠢᠨ ᠵᠢᠭᠡᠯᠡ ᠠᠪᠤᠭᠰᠠᠨ᠃ ᠡᠭᠦᠨ ᠦ ᠳ᠋ᠦᠩ ᠳᠥ ᠦᠢᠯᠡᠳᠪᠦᠷᠢᠯᠡᠯ ᠦᠨ ᠬᠡᠮᠵᠢᠶ᠎ᠡ ᠘᠙ ᠬᠤᠪᠢ ᠪᠠᠷ ᠪᠤᠶᠤ ᠑᠂᠔᠘᠙ ᠲᠣᠨ᠋᠊ᠨ᠋᠂ ᠪᠣᠷᠤᠯᠠᠭᠤᠯᠤᠯᠲᠠ ᠢᠢᠨ ᠣᠷᠤᠯᠭ᠎ᠠ ᠖ ᠲᠡᠷᠪᠤᠮ ᠲᠥᠭᠦᠷᠢᠭ᠌ ᠢᠶᠡᠷ ᠪᠤᠶᠤ ᠕᠗ ᠬᠤᠪᠢ ᠪᠠᠷ᠂ ᠪᠦᠲᠦᠭᠡᠭ᠍ᠳᠡᠬᠦᠨ ᠦ ᠨᠡᠷ᠎ᠡ ᠲᠥᠷᠦᠯ ᠲᠠᠪᠤ ᠠᠴᠠ ᠒᠖ ᠪᠣᠯᠵᠤ ᠥᠰᠴᠡᠶ᠃

ᠴᠠᠷ᠎ ᠲᠠᠬᠤᠯ ᠤᠨ ᠵᠢᠯ ᠦᠳ ᠲᠥ ᠲᠥᠷᠦ ᠡᠴᠡ ᠴᠠᠬᠢᠯᠭᠠᠨ᠂ ᠳᠤᠯᠠᠭᠠᠨ᠂ ᠤᠰᠤ ᠵᠡᠷᠭᠡ ᠢᠢᠨ ᠲᠥᠯᠦᠪᠦᠷᠢ ᠢᠢ ᠪᠦᠷᠢᠨ ᠬᠠᠷᠢᠭᠤᠴᠠᠵᠤ ᠪᠠᠢᠢᠭᠰᠠᠨ ᠨᠢ ᠠᠵᠢᠯ ᠤᠨ ᠪᠠᠢᠢᠷᠢ ᠪᠠᠨ ᠬᠠᠳᠠᠭᠠᠯᠠᠬᠤ᠂ ᠦᠢᠯᠡ ᠠᠵᠢᠯᠯᠠᠭ᠎ᠠ ᠪᠠᠨ ᠬᠡᠪ ᠦᠨ ᠶᠠᠪᠤᠭᠤᠯᠬᠤ ᠳᠤ ᠲᠣᠮᠣᠬᠠᠨ ᠳᠡᠮᠵᠢᠯᠭᠡ ᠪᠣᠯᠤᠭᠰᠠᠨ ᠢ ᠠᠵᠤ ᠠᠬᠤᠶ ᠢᠢᠨ ᠨᠢᠭᠡᠴᠡ ᠨᠤᠭᠦᠳ ᠦᠨ ᠤᠳᠤᠷᠢᠳᠤᠯᠭ᠎ᠠ ᠨᠤᠭᠤᠳ ᠬᠡᠯᠡᠵᠦ ᠪᠠᠢᠢᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ «ᠬᠦᠨᠡᠰᠦᠨ ᠦ ᠬᠤᠪᠢᠰᠬᠠᠯ» ᠳ᠋ᠤ ᠨᠢᠭᠡᠳᠦᠨ᠂ ᠠᠷᠠᠳ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩ᠋ᠭᠠᠬᠤ ᠦᠢᠯᠡᠰ ᠲᠥ ᠪᠣᠳᠠᠲᠤ ᠬᠤᠪᠢ ᠨᠡᠮᠡᠷᠢ ᠪᠡᠨ ᠣᠷᠤᠭᠤᠯᠵᠤ ᠪᠠᠢᠢᠭ᠎ᠠ ᠠᠵᠤ ᠠᠬᠤᠶ ᠢᠢᠨ ᠨᠢᠭᠡᠴᠡ ᠨᠤᠭᠦᠳ᠂ ᠪᠠᠶᠠᠯᠢᠭ ᠪᠦᠲᠦᠭᠡᠭ᠍ᠴᠢᠳ ᠲᠥ ᠲᠠᠯᠠᠷᠬᠠᠯ ᠢᠯᠡᠷᠬᠡᠢᠢᠯᠡᠯ᠎ᠡ᠃

«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠓᠂᠐᠐᠐ ᠭᠠᠷᠤᠶ ᠠᠵᠤ ᠠᠬᠤᠶ ᠢᠢᠨ ᠨᠢᠭᠡᠴᠡ ᠑·᠒ ᠶᠡᠬᠡ ᠨᠠᠶᠤᠳ ᠲᠥᠭᠦᠷᠢᠭ᠌ ᠦᠨ ᠤᠷᠲᠤ ᠬᠤᠭᠤᠴᠠᠭ᠎ᠠ ᠲᠠᠢ᠂ ᠪᠠᠭ᠎ᠠ ᠬᠦ᠋ᠦ ᠲᠡᠢ ᠵᠢᠭᠡᠯᠡ ᠠᠪᠤᠭᠠᠳ ᠪᠠᠢᠢᠨ᠎ᠠ᠃

ᠡᠭᠦᠨ ᠦ ᠳ᠋ᠦᠩ ᠳᠥ ᠕᠓ ᠦᠢᠯᠡᠳᠪᠦᠷᠢ ᠠᠰᠢᠭᠯᠠᠯᠲᠠ ᠳᠤ ᠣᠷᠤᠵᠤ᠂ ᠵᠥᠪᠬᠡᠨ ᠨᠢᠭᠡ ᠵᠢᠯ ᠳᠥ ᠔᠔ ᠮᠢᠩ᠋ᠭᠠᠨ ᠠᠵᠢᠯ ᠤᠨ ᠪᠠᠢᠢᠷᠢ ᠪᠤᠢ ᠪᠣᠯᠤᠭᠰᠠᠨ᠃

ᠮᠥᠨ ᠳᠡᠭᠡᠷᠡᠬᠢ ᠬᠥᠳᠡᠯᠭᠡᠭᠡᠨ ᠪᠣᠯᠤᠨ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠠᠵᠤ ᠠᠬᠤᠶ ᠢᠢᠨ ᠨᠢᠭᠡᠴᠡ ᠨᠤᠭᠦᠳ ᠲᠥ ᠓᠐᠐ ᠭᠠᠷᠤᠶ ᠲᠡᠷᠪᠤᠮ ᠲᠥᠭᠦᠷᠢᠭ᠌ ᠦᠨ ᠲᠠᠲᠠᠪᠤᠷᠢ ᠢᠢᠨ ᠬᠥᠩ᠋ᠭᠡᠯᠡᠯᠲᠡ᠂ ᠵᠢᠭᠡᠯᠡ ᠢᠢᠨ ᠬᠦ᠋ᠦ ᠢᠢᠨ ᠳᠡᠮᠵᠢᠯᠭᠡ ᠦᠵᠡᠭᠦᠯᠵᠡᠶ᠃

ᠵᠢᠭᠡᠯᠡ ᠢᠢᠨ ᠪᠠᠲᠤᠯᠠᠨ ᠳᠠᠭᠠᠭᠠᠯᠲᠠ ᠢᠢᠨ ᠰᠠᠩ ᠪᠠᠷᠢᠴᠠᠭ᠎ᠠ ᠬᠥᠷᠦᠩ᠋ᠭᠡ ᠢᠢᠨ ᠱᠠᠭᠠᠷᠳᠠᠯᠭ᠎ᠠ ᠬᠠᠩ᠋ᠭᠠᠬᠤ ᠦᠭᠡᠢ ᠠᠵᠤ ᠠᠬᠤᠶ ᠢᠢᠨ ᠨᠢᠭᠡᠴᠡ ᠨᠤᠭᠦᠳ ᠲᠥ ᠵᠢᠭᠡᠯᠡ ᠢᠢᠨ ᠬᠢ ᠨᠢ ᠖᠐ ᠬᠦᠷᠲᠡᠯ᠎ᠡ ᠬᠤᠪᠢ ᠳᠤ ᠪᠠᠲᠤᠯᠠᠭ᠎ᠠ ᠭᠠᠷᠭᠠᠵᠤ ᠪᠠᠢᠢᠨ᠎ᠠ᠃

«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ:

• ᠵᠢᠯ ᠦᠨ ᠑.᠕ ᠲᠡᠷᠪᠤᠮ ᠲᠥᠭᠦᠷᠢᠭ᠌ ᠡᠴᠡ ᠳᠣᠭᠤᠭᠰᠢ ᠪᠣᠷᠤᠯᠠᠭᠤᠯᠤᠯᠲᠠ ᠢᠢᠨ ᠣᠷᠤᠯᠭ᠎ᠠ ᠲᠠᠢ ᠠᠵᠤ ᠠᠬᠤᠶ ᠢᠢᠨ ᠨᠢᠭᠡᠴᠡ ᠨᠤᠭᠦᠳ ᠦᠨ ᠣᠷᠤᠯᠭ᠎ᠠ ᠢᠢᠨ ᠠᠯᠪᠠᠨ ᠲᠠᠲᠠᠪᠤᠷᠢ ᠢᠢ ᠙᠐ ᠬᠤᠪᠢ ᠪᠠᠷ ᠬᠥᠩ᠋ᠭᠡᠯᠡᠭᠰᠡᠨ᠂

• ᠦᠷ᠎ᠡ ᠲᠠᠷᠢᠶ᠎ᠠ᠂ ᠲᠥᠮᠦᠰᠦ᠂ ᠬᠦᠨᠡᠰᠦᠨ ᠦ ᠨᠣᠭᠤᠭ᠎ᠠ᠂ ᠰᠦᠨ᠂ ᠵᠢᠮᠢᠰ᠂ ᠵᠢᠮᠢᠰᠬᠡᠨ᠎ᠡ᠂ ᠲᠡᠵᠢᠭᠡᠯ᠂ ᠲᠡᠵᠢᠭᠡᠯ ᠦᠨ ᠤᠷᠭᠤᠮᠠᠯ ᠲᠠᠷᠢᠶᠠᠯᠠᠭᠰᠠᠨ᠂ ᠮᠢᠬ᠎ᠠ᠂ ᠮᠢᠬᠠᠨ ᠪᠦᠲᠦᠭᠡᠭ᠍ᠳᠡᠬᠦᠨ ᠦᠢᠯᠡᠳᠪᠦᠷᠢᠯᠡᠭᠰᠡᠨ ᠡᠷᠴᠢᠮᠵᠢᠭᠰᠡᠨ ᠲᠠᠬᠢᠶᠠᠨ ᠤ ᠠᠵᠤ ᠠᠬᠤᠶ ᠢᠢᠨ ᠣᠷᠤᠯᠭ᠎ᠠ ᠢᠢᠨ ᠠᠯᠪᠠᠨ ᠲᠠᠲᠠᠪᠤᠷᠢ ᠢᠢ ᠕᠐ ᠬᠤᠪᠢ ᠪᠠᠷ ᠬᠥᠩ᠋ᠭᠡᠯᠡᠭᠰᠡᠨ᠂

• ᠬᠦᠨᠡᠰᠦ᠂ ᠬᠥᠳᠡᠭᠡ ᠠᠵᠤ ᠠᠬᠤᠶ ᠢᠢᠨ ᠭᠠᠷᠤᠯᠲᠠᠢ ᠲᠡᠭᠦᠬᠡᠶ ᠡᠳ᠋ ᠪᠣᠯᠪᠠᠰᠤᠷᠠᠭᠤᠯᠬᠤ ᠵᠣᠷᠢᠭᠤᠯᠤᠯᠲᠠ ᠲᠠᠢ᠂ ᠲᠤᠬᠠᠶ ᠢᠢᠨ ᠦᠢᠯᠡᠳᠪᠦᠷᠢ ᠢᠢᠨ ᠦᠨᠳᠦᠰᠦᠨ ᠬᠥᠷᠦᠩ᠋ᠭᠡ ᠪᠡᠷ ᠪᠦᠷᠢᠳᠬᠡᠭ᠍ᠳᠦᠬᠦ ᠰᠢᠨ᠎ᠡ ᠲᠣᠨᠤᠭ ᠲᠥᠬᠦᠭᠡᠷᠦᠮᠵᠢ ᠢᠢ ᠒᠐᠒᠗ ᠣᠨ ᠬᠦᠷᠲᠡᠯ᠎ᠡ ᠢᠮᠫᠣᠷᠲ ᠤᠨ ᠭᠠᠢᠢᠯᠢ ᠢᠢᠨ ᠠᠯᠪᠠᠨ ᠲᠠᠲᠠᠪᠤᠷᠢ ᠠᠴᠠ ᠪᠦᠷᠢᠨ ᠴᠢᠯᠦᠭᠡᠯᠡᠭᠰᠡᠨ᠂

• ᠳᠣᠲᠤᠭᠠᠳᠤ ᠳᠤ ᠪᠠᠨ ᠲᠠᠷᠢᠵᠤ ᠪᠣᠷᠤᠯᠠᠭᠤᠯᠤᠭᠰᠠᠨ ᠦᠷ᠎ᠡ ᠲᠠᠷᠢᠶ᠎ᠠ᠂ ᠲᠥᠮᠦᠰᠦ᠂ ᠬᠦᠨᠡᠰᠦᠨ ᠦ ᠨᠣᠭᠤᠭ᠎ᠠ᠂ ᠰᠠᠭᠤᠯᠭᠠᠴᠠ᠂ ᠵᠢᠮᠢᠰ ᠵᠢᠮᠢᠰᠬᠡᠨ᠎ᠡ᠂ ᠭᠤᠯᠢᠷ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ᠂ ᠳᠣᠲᠤᠭᠠᠳᠤ ᠳᠤ ᠪᠠᠨ ᠦᠢᠯᠡᠳᠪᠦᠷᠢ ᠢᠢᠨ ᠠᠷᠭ᠎ᠠ ᠪᠠᠷ ᠲᠥᠬᠦᠭᠡᠷᠴᠦ ᠪᠡᠯᠡᠳᠬᠡᠨ ᠳᠣᠲᠤᠭᠠᠳᠤ ᠳᠤ ᠪᠠᠨ ᠪᠣᠷᠤᠯᠠᠭᠤᠯᠤᠭᠰᠠᠨ ᠲᠤᠷᠤᠭ ᠪᠣᠯᠤᠨ ᠱᠤᠯᠤᠵᠤ ᠠᠩ᠋ᠭᠢᠯᠠᠭᠰᠠᠨ ᠮᠢᠬ᠎ᠠ᠂ ᠪᠣᠯᠪᠠᠰᠤᠷᠠᠭᠤᠯᠤᠭ᠎ᠠ ᠦᠭᠡᠢ ᠳᠣᠲᠤᠷ᠎ᠠ ᠡᠷᠬᠡᠲᠡᠨ᠂ ᠳᠠᠢᠢᠪᠤᠷᠢ ᠪᠦᠲᠦᠭᠡᠭ᠍ᠳᠡᠬᠦᠨ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠭᠰᠡᠨ᠂

• ᠳᠣᠲᠤᠭᠠᠳᠤ ᠢᠢᠨ ᠲᠡᠭᠦᠬᠡᠶ ᠡᠳ᠋ ᠢᠶᠡᠷ ᠪᠣᠯᠪᠠᠰᠤᠷᠠᠭᠤᠯᠵᠤ᠂ ᠳᠣᠲᠤᠭᠠᠳᠤ ᠳᠤ ᠪᠠᠨ ᠪᠣᠷᠤᠯᠠᠭᠤᠯᠤᠭᠰᠠᠨ ᠬᠦᠨᠡᠰᠦᠨ ᠦ ᠰᠦᠨ᠂ ᠰᠦᠨ ᠪᠦᠲᠦᠭᠡᠭ᠍ᠳᠡᠬᠦᠨ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠭᠰᠡᠨ᠂

• ᠢᠮᠫᠣᠷᠲ ᠤᠨ ᠪᠣᠯᠤᠨ ᠳᠣᠲᠤᠭᠠᠳᠤ ᠳᠤ ᠪᠣᠷᠤᠯᠠᠭᠤᠯᠤᠭᠰᠠᠨ ᠬᠥᠳᠡᠭᠡ ᠠᠵᠤ ᠠᠬᠤᠶ ᠢᠢᠨ ᠵᠣᠷᠢᠭᠤᠯᠤᠯᠲᠠ ᠲᠠᠢ ᠰᠢᠨ᠎ᠡ ᠲᠷᠠᠻᠲ᠋ᠣᠷ᠂ ᠻᠣᠮᠪᠠᠢᠢᠨ᠂ ᠮᠠᠱᠢᠨ ᠮᠧᠬᠠᠨᠢᠰᠮ᠂ ᠤᠰᠤᠯᠠᠭ᠎ᠠ᠂ ᠬᠦᠯᠡᠮᠵᠢ ᠢᠢᠨ ᠲᠣᠨᠤᠭ ᠲᠥᠬᠦᠭᠡᠷᠦᠮᠵᠢ᠂ ᠣᠢ ᠢᠢᠨ ᠪᠣᠯᠤᠨ ᠰᠢᠪᠠᠭᠤᠨ ᠤ ᠠᠵᠤ ᠠᠬᠤᠶ ᠢᠢᠨ ᠲᠧᠭᠨᠢᠭ᠂ ᠲᠣᠨᠤᠭ ᠲᠥᠬᠦᠭᠡᠷᠦᠮᠵᠢ᠂ ᠪᠣᠷᠳᠤᠭ᠎ᠠ᠂ ᠤᠷᠭᠤᠮᠠᠯ ᠬᠠᠮᠠᠭᠠᠯᠠᠯ ᠤᠨ ᠪᠣᠳᠠᠰ ᠢ ᠒᠐᠒᠕ ᠣᠨ ᠬᠦᠷᠲᠡᠯ᠎ᠡ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠪᠦᠷᠢᠨ ᠴᠢᠯᠦᠭᠡᠯᠡᠭᠰᠡᠨ ᠶᠤᠮ᠃