ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠦᠨᠳᠦᠰᠦᠨ ᠦ ᠦᠢᠯᠡᠳᠪᠦᠷᠢᠯᠡᠭᠴᠢ ᠠᠵᠤ ᠠᠬᠤᠶ ᠢᠢᠨ ᠨᠢᠭᠡᠴᠡ ᠨᠤᠭᠦᠳ ᠲᠥ ᠠᠵᠢᠯᠯᠠᠯ᠎ᠠ᠃
ᠬᠦᠨᠡᠰᠦᠨ ᠦ ᠦᠢᠯᠡᠳᠪᠦᠷᠢᠯᠡᠯ ᠦᠨ ᠤᠤᠭᠠᠨ ᠻᠣᠮᠫᠠᠨᠢ ᠢᠢᠨ ᠨᠢᠭᠡ ᠪᠣᠯᠬᠤ «ᠭᠠᠵᠠᠷ ᠰᠢᠮ᠎ᠡ ᠦᠢᠯᠡᠳᠪᠦᠷᠢ» ᠬᠤᠪᠢᠴᠠᠭᠠᠲᠤ ᠻᠣᠮᠫᠠᠨᠢ ᠨᠢ ᠑᠙᠙᠙ ᠣᠨ ᠳᠤ ᠪᠠᠢᠢᠭᠤᠯᠤᠭᠳᠠᠭᠰᠠᠨ᠃ ᠳᠠᠷᠤᠰᠢᠯᠠᠭᠰᠠᠨ ᠵᠢᠮᠢᠰ᠂ ᠬᠦᠨᠡᠰᠦᠨ ᠦ ᠨᠣᠭᠤᠭ᠎ᠠ᠂ ᠡᠷᠡᠭᠦᠯ ᠮᠡᠨᠳᠦ ᠢᠢᠨ «ᠠᠷᠲ᠋ᠢᠱᠣᠻ» ᠤᠮᠳᠠᠭ᠎ᠠ ᠵᠡᠷᠭᠡ ᠢᠢ ᠦᠢᠯᠡᠳᠪᠦᠷᠢᠯᠡᠳᠡᠭ᠃
«ᠬᠦᠨᠡᠰᠦᠨ ᠦ ᠬᠤᠪᠢᠰᠬᠠᠯ» ᠤᠨ ᠬᠦᠷᠢᠶᠡᠨ ᠳᠥ ᠳᠥᠷᠪᠡᠨ ᠲᠡᠷᠪᠤᠮ ᠲᠥᠭᠦᠷᠢᠭ᠌ ᠦᠨ ᠬᠥᠩ᠋ᠭᠡᠯᠡᠯᠲᠡᠲᠡᠢ ᠵᠢᠭᠡᠯᠡ ᠠᠪᠴᠤ᠂ ᠰᠣᠩᠬᠢᠨᠠᠬᠠᠢᠢᠷᠬᠠᠨ ᠳᠡᠭᠦᠷᠭᠡ ᠢᠢᠨ ᠒᠐ ᠳ᠋ᠤᠭᠠᠷ ᠬᠣᠷᠢᠶ᠎ᠠ᠂ ᠰᠣᠨᠤᠰᠬᠤᠯᠠᠩ ᠳᠤ ᠒᠂᠕᠐᠘ ᠮᠧ2᠂ ᠪᠠᠢᠢᠴᠠᠶ᠂ ᠯᠤᠤᠪᠠᠩ᠂ ᠰᠣᠩ᠋ᠭᠢᠨᠠ᠂ ᠴᠢᠨᠵᠦᠦ᠂ ᠮᠥᠭᠦ᠂ ᠵᠢᠮᠢᠰ ᠬᠠᠳᠠᠭᠠᠯᠠᠬᠤ ᠬᠥᠷᠦᠭᠡᠭᠦᠷ ᠲᠡᠢ ᠵᠣᠭᠤᠷᠢ ᠪᠠᠷᠢᠵᠤ ᠠᠰᠢᠭᠯᠠᠯᠲᠠ ᠳᠤ ᠣᠷᠤᠭᠤᠯᠬᠤ ᠭᠡᠵᠦ ᠪᠠᠢᠢᠨ᠎ᠠ᠃


ᠮᠥᠨ ᠭᠣᠯᠯᠠᠨ᠋ᠳ᠋ ᠤᠯᠤᠰ ᠠᠴᠠ ᠮᠠᠢᠢᠣᠨᠧᠽ᠂ ᠻᠧᠲ᠋ᠼᠦ᠋ᠫ ᠦᠢᠯᠡᠳᠪᠦᠷᠢᠯᠡᠬᠦ ᠮᠠᠱᠢᠨ᠂ ᠯᠣᠩᠬᠤᠨ ᠳᠤ ᠰᠠᠪᠠᠯᠠᠬᠤ ᠱᠤᠭᠤᠮ᠂ ᠮᠠᠢᠢᠣᠨᠧᠽ᠂ ᠻᠧᠲ᠋ᠼᠦ᠋ᠫ ᠢ ᠤᠭᠤᠲᠠᠨ ᠳᠤ ᠰᠠᠪᠠᠯᠠᠬᠤ ᠮᠠᠱᠢᠨ ᠵᠡᠷᠭᠡ ᠢᠢ ᠠᠪᠴᠠᠶ᠃
ᠢᠩ᠋ᠭᠢᠭ᠍ᠰᠡᠨ ᠢᠶᠡᠷ ᠦᠢᠯᠡᠳᠪᠦᠷᠢᠯᠡᠯ ᠦᠨ ᠬᠦᠴᠦᠨ ᠴᠢᠳᠠᠯ ᠬᠣᠶᠠᠷ ᠳᠠᠬᠢᠨ ᠨᠡᠮᠡᠭᠳᠡᠭᠰᠡᠨ ᠪᠠᠢᠢᠨ᠎ᠠ᠃ ᠥᠩ᠋ᠭᠡᠷᠡᠭᠰᠡᠨ ᠣᠨ ᠳᠤ ᠘·᠒᠙ ᠰᠠᠶ᠎ᠠ ᠰᠢᠷᠬᠡᠭ᠌ ᠪᠦᠲᠦᠭᠡᠭ᠍ᠳᠡᠬᠦᠨ ᠦᠢᠯᠡᠳᠪᠦᠷᠢᠯᠡᠵᠦ ᠪᠠᠢᠢᠭᠰᠠᠨ ᠪᠣᠯ ᠡᠨᠡ ᠣᠨ ᠳᠤ ᠑᠐·᠘ ᠰᠠᠶ᠎ᠠ ᠰᠢᠷᠬᠡᠭ᠌ ᠪᠣᠯᠵᠤ ᠥᠰᠴᠡᠶ᠃ ᠮᠥᠨ ᠪᠣᠷᠤᠯᠠᠭᠤᠯᠤᠯᠲᠠ ᠢᠢᠨ ᠣᠷᠤᠯᠭ᠎ᠠ ᠨᠢ ᠓᠕ ᠬᠤᠪᠢ ᠪᠠᠷ ᠥᠰᠬᠦ ᠪᠡᠷ ᠪᠠᠢᠢᠨ᠎ᠠ᠃


«ᠬᠦᠨᠡᠰᠦᠨ ᠦ ᠬᠤᠪᠢᠰᠬᠠᠯ» ᠤᠨ ᠳ᠋ᠦᠩ ᠳᠥ «ᠸᠴᠢᠷ ᠳᠠᠭᠢᠨᠢᠰ» ᠻᠣᠮᠫᠠᠨᠢ ᠬᠣᠶᠠᠷ ᠦᠢᠯᠡᠳᠪᠦᠷᠢ ᠪᠡᠨ ᠠᠰᠢᠭᠯᠠᠯᠲᠠ ᠳᠤ ᠣᠷᠤᠭᠤᠯᠵᠠᠶ
«ᠸᠴᠢᠷ ᠳᠠᠭᠢᠨᠢᠰ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠒᠐᠐᠕ ᠣᠨ ᠠᠴᠠ ᠳᠥᠷᠪᠡᠨ ᠬᠦᠮᠦᠨ ᠲᠡᠢ᠂ ᠡᠷᠦᠬᠡ ᠢᠢᠨ ᠪᠢᠽᠢᠨᠧᠰ ᠬᠡᠯᠪᠡᠷᠢ ᠪᠡᠷ ᠦᠢᠯᠡ ᠠᠵᠢᠯᠯᠠᠭ᠎ᠠ ᠶᠠᠪᠤᠭᠤᠯᠵᠤ ᠡᠬᠢᠯᠡᠭᠰᠡᠨ ᠲᠡᠦᠬᠡ ᠲᠡᠢ᠃
ᠡᠳᠦᠭᠡ ᠑᠕᠖ ᠠᠵᠢᠯᠲᠠᠨ ᠲᠠᠢ᠂ ᠡᠳᠦᠷ ᠲᠥ ᠕᠐ ᠲᠣᠨ᠋᠊ᠨ᠋᠂ ᠵᠢᠯ ᠳᠥ ᠑᠓·᠐ ᠮᠢᠩ᠊·ᠲᠣᠨ᠋᠊ᠨ᠋ ᠮᠢᠬᠠᠨ ᠪᠦᠲᠦᠭᠡᠭ᠍ᠳᠡᠬᠦᠨ ᠦᠢᠯᠡᠳᠪᠦᠷᠢᠯᠡᠬᠦ ᠬᠦᠴᠦᠨ ᠴᠢᠳᠠᠯ ᠲᠠᠢ ᠪᠣᠯᠵᠤ᠂ ᠗᠐ ᠭᠠᠷᠤᠶ ᠨᠡᠷ᠎ᠡ ᠲᠥᠷᠦᠯ ᠦᠨ ᠪᠦᠲᠦᠭᠡᠭ᠍ᠳᠡᠬᠦᠨ ᠦᠢᠯᠡᠳᠪᠦᠷᠢᠯᠡᠵᠦ ᠪᠠᠢᠢᠨ᠎ᠠ᠃
«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠡᠷᠭᠢᠯᠲᠡ ᠢᠢᠨ ᠬᠥᠷᠦᠩ᠋ᠭᠡ ᠢᠢᠨ ᠭᠤᠷᠪᠠ᠂ ᠬᠥᠷᠦᠩ᠋ᠭᠡ ᠣᠷᠤᠭᠤᠯᠤᠯᠲᠠ ᠢᠢᠨ ᠔·᠘ ᠲᠡᠷᠪᠤᠮ ᠲᠥᠭᠦᠷᠢᠭ᠌ ᠦᠨ ᠵᠢᠭᠡᠯᠡ ᠠᠪᠴᠤ ᠨᠥᠭᠡᠰᠢᠯᠡᠭᠰᠡᠨ ᠪᠦᠲᠦᠭᠡᠭ᠍ᠳᠡᠬᠦᠨ ᠦ ᠪᠣᠯᠤᠨ ᠠᠩᠬᠠᠨ ᠱᠠᠲᠤᠨ ᠤ ᠮᠢᠬ᠎ᠠ ᠪᠣᠯᠪᠠᠰᠤᠷᠠᠭᠤᠯᠬᠤ ᠬᠣᠶᠠᠷ ᠦᠢᠯᠡᠳᠪᠦᠷᠢ ᠪᠡᠨ ᠠᠰᠢᠭᠯᠠᠯᠲᠠ ᠳᠤ ᠣᠷᠤᠭᠤᠯᠵᠠᠶ᠃
ᠮᠥᠨ ᠲᠣᠨᠤᠭ ᠲᠥᠬᠦᠭᠡᠷᠦᠮᠵᠢ ᠢᠢᠨ ᠭᠠᠢᠢᠯᠢ ᠢᠢᠨ ᠲᠠᠲᠠᠪᠤᠷᠢ ᠢᠢᠨ ᠬᠥᠩ᠋ᠭᠡᠯᠡᠯᠲᠡ ᠳᠥ ᠬᠠᠮᠤᠷᠤᠭᠳᠠᠵᠤ᠂ ᠡᠨᠡ ᠣᠨ ᠳᠤ ᠔᠔ ᠰᠠᠶ᠎ᠠ ᠲᠥᠭᠦᠷᠢᠭ᠌ ᠠᠪᠤᠭᠰᠠᠨ ᠪᠣᠯ ᠢᠷᠡᠬᠦ ᠣᠨ ᠳᠤ ᠑᠓᠓ ᠰᠠᠶ᠎ᠠ ᠲᠥᠭᠦᠷᠢᠭ᠌ ᠪᠤᠴᠠᠭᠠᠨ ᠠᠪᠬᠤ ᠶᠤᠮ᠃


ᠵᠢᠭᠡᠯᠡ ᠠᠪᠤᠭᠰᠠᠨ ᠢᠶᠠᠷ ᠦᠢᠯᠡᠳᠪᠦᠷᠢᠯᠡᠯ ᠪᠣᠯᠤᠨ ᠬᠥᠷᠦᠭᠡᠯᠲᠡᠲᠡᠢ ᠵᠣᠭᠤᠷᠢᠨ ᠤ ᠬᠦᠴᠦᠨ ᠴᠢᠳᠠᠯ ᠬᠣᠶᠠᠷ ᠳᠠᠬᠢᠨ ᠨᠡᠮᠡᠭᠳᠡᠵᠦ᠂ ᠡᠳᠦᠷ ᠲᠥ ᠓᠕-᠔᠐ ᠲᠣᠨ᠋᠊ᠨ᠋ ᠪᠦᠲᠦᠭᠡᠭ᠍ᠳᠡᠬᠦᠨ ᠦᠢᠯᠡᠳᠪᠦᠷᠢᠯᠡᠳᠡᠭ ᠪᠣᠯᠤᠭᠰᠠᠨ ᠲᠤᠬᠠᠶ ᠻᠣᠮᠫᠠᠨᠢ ᠢᠢᠨ ᠭᠦᠢᠴᠡᠳᠬᠡᠬᠦ ᠵᠠᠬᠢᠷᠤᠯ ᠬ·ᠲᠡᠮᠦᠵᠢᠨ ᠲᠠᠨᠢᠯᠴᠠᠭᠤᠯᠤᠯ᠎ᠠ᠃
᠒᠐᠑᠘ ᠣᠨ ᠠᠴᠠ ᠭᠡᠷ ᠦᠨ ᠲᠡᠵᠢᠭᠡᠪᠦᠷᠢ ᠠᠮᠢᠲᠠᠨ ᠳᠤ ᠵᠣᠷᠢᠭᠤᠯᠤᠭᠰᠠᠨ ᠬᠣᠶᠠᠷ ᠲᠥᠷᠦᠯ ᠦᠨ ᠪᠦᠲᠦᠭᠡᠭ᠍ᠳᠡᠬᠦᠨ ᠢᠶᠡᠨ ᠰᠣᠯᠤᠩ᠋ᠭᠤᠰ ᠤᠨ ᠵᠠᠬ᠎ᠠ ᠵᠡᠭᠡᠯᠢ ᠳᠥ ᠨᠡᠢᠢᠯᠡᠭᠦᠯᠵᠦ ᠪᠠᠢᠢᠭᠰᠠᠨ ᠪᠣᠯ ᠡᠳᠦᠭᠡ ᠒᠐ ᠲᠥᠷᠦᠯ ᠪᠣᠯᠵᠤ ᠨᠡᠮᠡᠵᠡᠶ᠃

ᠶᠡᠷᠦᠩᠬᠡᠢᠢᠯᠡᠭᠴᠢ ᠤ·ᠬᠦᠷᠡᠯᠰᠦ᠋ᠬᠡ «ᠬᠦᠨᠡᠰᠦᠨ ᠦ ᠬᠤᠪᠢᠰᠬᠠᠯ» ᠳ᠋ᠤ ᠨᠢᠭᠡᠳᠦᠨ᠂ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩ᠋ᠭᠠᠬᠤ᠂ ᠤᠯᠠᠮ ᠢᠶᠠᠷ ᠬᠦᠨᠡᠰᠦ ᠡᠻᠰᠫᠣᠷᠲ᠋ᠯᠠᠭᠴᠢ ᠣᠷᠤᠨ ᠪᠣᠯᠬᠤ ᠵᠣᠷᠢᠯᠲᠠ ᠢᠢᠨ ᠲᠥᠯᠦᠭᠡ ᠬᠦᠴᠦᠨ ᠵᠢᠳᠬᠦᠵᠦ᠂ ᠣᠯᠠᠨ ᠠᠷᠪᠠᠨ ᠠᠵᠢᠯ ᠤᠨ ᠪᠠᠢᠢᠷᠢ ᠪᠤᠢ ᠪᠣᠯᠭᠠᠨ᠂ ᠲᠠᠲᠠᠪᠤᠷᠢ ᠪᠠᠨ ᠲᠥᠯᠵᠦ ᠪᠠᠢᠢᠭ᠎ᠠ ᠠᠵᠤ ᠠᠬᠤᠶ ᠢᠢᠨ ᠨᠢᠭᠡᠴᠡ ᠨᠤᠭᠦᠳ᠂ ᠪᠠᠶᠠᠯᠢᠭ ᠪᠦᠲᠦᠭᠡᠭ᠍ᠴᠢᠳ ᠲᠥ ᠲᠠᠯᠠᠷᠬᠠᠯ ᠢᠯᠡᠷᠬᠡᠢᠢᠯᠡᠯ᠎ᠡ᠃
«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠓᠂᠐᠐᠐ ᠭᠠᠷᠤᠶ ᠠᠵᠤ ᠠᠬᠤᠶ ᠢᠢᠨ ᠨᠢᠭᠡᠴᠡ ᠳᠥ ᠑·᠒ ᠶᠡᠬᠡ ᠨᠠᠶᠤᠳ ᠲᠥᠭᠦᠷᠢᠭ᠌ ᠦᠨ ᠤᠷᠲᠤ ᠬᠤᠭᠤᠴᠠᠭ᠎ᠠ ᠲᠠᠢ᠂ ᠪᠠᠭ᠎ᠠ ᠬᠦ᠋ᠦ ᠲᠡᠢ᠂ ᠬᠥᠩ᠋ᠭᠡᠯᠡᠯᠲᠡᠲᠡᠢ ᠵᠢᠭᠡᠯᠡ ᠣᠯᠭᠤᠭᠠᠳ ᠪᠠᠢᠢᠨ᠎ᠠ᠃
ᠡᠭᠦᠨ ᠦ ᠳ᠋ᠦᠩ ᠳᠥ ᠕᠓ ᠦᠢᠯᠡᠳᠪᠦᠷᠢ ᠠᠰᠢᠭᠯᠠᠯᠲᠠ ᠳᠤ ᠣᠷᠤᠵᠤ᠂ ᠵᠥᠪᠬᠡᠨ ᠨᠢᠭᠡ ᠵᠢᠯ ᠳᠥ ᠔᠔ ᠮᠢᠩ᠋ᠭᠠᠨ ᠠᠵᠢᠯ ᠤᠨ ᠪᠠᠢᠢᠷᠢ ᠪᠤᠢ ᠪᠣᠯᠤᠭᠰᠠᠨ ᠤ ᠵᠡᠷᠭᠡᠴᠡᠭᠡ ᠬᠦᠨᠡᠰᠦᠨ ᠦ ᠪᠦᠲᠦᠭᠡᠭ᠍ᠳᠡᠬᠦᠨ ᠦ ᠨᠡᠷ᠎ᠡ ᠲᠥᠷᠦᠯ ᠑᠂᠐᠐᠐ ᠭᠠᠷᠤᠶ ᠪᠠᠷ ᠨᠡᠮᠡᠭᠳᠡᠭᠰᠡᠨ᠃
ᠳᠡᠭᠡᠷᠡᠬᠢ ᠬᠥᠳᠡᠯᠭᠡᠭᠡᠨ ᠪᠣᠯᠤᠨ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠠᠵᠤ ᠠᠬᠤᠶ ᠢᠢᠨ ᠨᠢᠭᠡᠴᠡ ᠨᠤᠭᠦᠳ ᠲᠥ ᠓᠐᠐ ᠭᠠᠷᠤᠶ ᠲᠡᠷᠪᠤᠮ ᠲᠥᠭᠦᠷᠢᠭ᠌ ᠦᠨ ᠲᠠᠲᠠᠪᠤᠷᠢ ᠢᠢᠨ ᠬᠥᠩ᠋ᠭᠡᠯᠡᠯᠲᠡ᠂ ᠵᠢᠭᠡᠯᠡ ᠢᠢᠨ ᠬᠦ᠋ᠥ ᠢᠢᠨ ᠳᠡᠮᠵᠢᠯᠭᠡ ᠦᠵᠡᠭᠦᠯᠵᠡᠶ᠃
ᠵᠢᠭᠡᠯᠡ ᠢᠢᠨ ᠪᠠᠲᠤᠯᠠᠨ ᠳᠠᠭᠠᠭᠠᠯᠲᠠ ᠢᠢᠨ ᠰᠠᠩ ᠪᠠᠷᠢᠴᠠᠭ᠎ᠠ ᠬᠥᠷᠦᠩ᠋ᠭᠡ ᠢᠢᠨ ᠱᠠᠭᠠᠷᠳᠠᠯᠭ᠎ᠠ ᠬᠠᠩ᠋ᠭᠠᠬᠤ ᠦᠭᠡᠢ ᠠᠵᠤ ᠠᠬᠤᠶ ᠢᠢᠨ ᠨᠢᠭᠡᠴᠡ ᠨᠤᠭᠦᠳ ᠲᠥ ᠵᠢᠭᠡᠯᠡ ᠢᠢᠨ ᠬᠢ ᠨᠢ ᠖᠐ ᠬᠦᠷᠲᠡᠯ᠎ᠡ ᠬᠤᠪᠢ ᠳᠤ ᠪᠠᠲᠤᠯᠠᠭ᠎ᠠ ᠭᠠᠷᠭᠠᠵᠤ ᠪᠠᠢᠢᠨ᠎ᠠ᠃


