Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠶᠢᠨ ᠳ᠋ᠤᠢᠮ ᠤᠨ ᠭᠡᠰᠢᠭᠦᠨ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠢ 《ᠨᠠᠶᠢᠷᠠᠮᠳᠠᠯ》 ᠮᠧᠳᠠᠯ ᠢᠶᠠᠷ ᠱᠠᠩᠨᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠤᠷᠢᠯᠭ᠎ᠠ ᠪᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ ᠶᠡᠷᠦᠩᠬᠡᠢᠢᠯᠡᠭᠴᠢ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠮᠣᠩᠭ᠋ᠣᠯ ᠤᠯᠤᠰ ᠲᠤ ᠠᠢᠢᠯᠴᠢᠯᠠᠵᠤ ᠪᠠᠢᠢᠨ᠎ᠠ᠃

 

ᠠᠢᠢᠯᠴᠢᠯᠠᠯ ᠤᠨ ᠬᠦᠷᠢᠶᠡᠨ ᠳᠥ᠂ ᠮᠣᠩᠭ᠋ᠣᠯ-ᠣᠷᠣᠰ ᠬᠣᠶᠠᠷ ᠤᠯᠤᠰ ᠤᠨ ᠤᠷᠲᠤ ᠬᠤᠭᠤᠴᠠᠭᠠᠨ ᠤ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠲᠡᠷᠡ ᠳᠤᠮᠳᠠ ᠪᠠᠨ ᠡᠪᠦᠯ ᠦᠨ ᠰᠫᠣᠷᠲ ᠢ ᠮᠣᠩᠭ᠋ᠣᠯ ᠤᠯᠤᠰ ᠲᠤ ᠬᠥᠭ᠍ᠵᠢᠭᠦᠯᠬᠦ ᠦᠢᠯᠡᠰ ᠲᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ ᠶᠡᠷᠦᠩᠬᠡᠢᠢᠯᠡᠭᠴᠢ᠂ ᠣᠯᠢᠮᠫ ᠤᠨ ᠭᠤᠷᠪᠠᠨ ᠤᠳᠠᠭ᠎ᠠ ᠢᠢᠨ ᠠᠪᠤᠷᠭᠤ᠂ ᠣᠯᠢᠮᠫ ᠤᠨ ᠮᠥᠩᠭᠥᠨ ᠮᠧᠳᠠᠯᠳᠤ᠂ ᠳᠡᠯᠡᠬᠡᠢ ᠢᠢᠨ 10 ᠤᠳᠠᠭ᠎ᠠ ᠢᠢᠨ ᠠᠪᠤᠷᠭᠤ ᠸ ∙ ᠠ᠊ ∙ ᠲᠷᠧᠲ᠋ᠢᠶᠠᠺ ᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠢᠶᠠᠷ ᠲᠥᠷᠥ ᠢᠢᠨ ᠳᠡᠭᠡᠳᠦ 《ᠨᠠᠢᠢᠷᠠᠮᠳᠠᠯ》 ᠮᠧᠳᠠᠯ ᠢᠶᠠᠷ ᠱᠠᠩᠨᠠᠯ᠎ᠠ᠃

 

ᠱᠠᠩᠨᠠᠯ ᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠭᠠᠷᠳᠠᠭᠤᠯᠵᠤ᠂ ᠪᠠᠶᠠᠷ ᠬᠦᠷᠭᠡᠨ ᠶᠠᠷᠢᠯᠴᠠᠪᠠ᠃ ᠨᠣᠶᠠᠨ ᠸ ∙ ᠠ᠊ ∙ ᠲᠷᠧᠲ᠋ᠢᠶᠠᠺ ᠮᠣᠩᠭ᠋ᠣᠯ ᠤᠯᠤᠰ ᠤᠨ ᠲᠥᠷᠥ ᠢᠢᠨ ᠳᠡᠭᠡᠳᠦ ᠱᠠᠩᠨᠠᠯ ᠭᠠᠷᠳᠠᠵᠤ ᠪᠤᠢ ᠳᠤ ᠪᠠᠨ ᠲᠠᠯᠠᠷᠬᠠᠯ ᠢᠯᠡᠷᠬᠡᠢᠢᠯᠡᠭᠡᠳ 《ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ᠂ ᠲᠡᠷᠡ ᠳᠤᠮᠳᠠ ᠪᠠᠨ ᠬᠣᠺᠺᠧᠢ ᠢᠢᠨ ᠰᠫᠣᠷᠲ ᠢ ᠬᠥᠭ᠍ᠵᠢᠭᠦᠯᠬᠦ ᠢᠢᠨ ᠲᠥᠯᠥᠭᠡ ᠢᠯᠡᠭᠦᠦ ᠶᠡᠬᠡ ᠬᠦᠴᠦᠨ ᠴᠢᠷᠮᠠᠢᠢᠯᠲᠠ ᠭᠠᠷᠭᠠᠨ ᠠᠵᠢᠯᠯᠠᠬᠤ ᠪᠠᠨ》 ᠬᠡᠯᠡᠪᠡ᠃

 

ᠮᠥᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠨᠣᠶᠠᠨ ᠸ ∙ ᠠ᠊ ∙ ᠲᠷᠧᠲ᠋ᠢᠶᠠᠺ ᠲᠤᠷ ᠪᠠᠶᠠᠷ ᠬᠦᠷᠭᠡᠨ᠂ ᠮᠣᠩᠭ᠋ᠣᠯ ᠤᠯᠤᠰ ᠲᠤ ᠬᠢᠵᠦ ᠪᠤᠢ ᠠᠢᠢᠯᠴᠢᠯᠠᠯ ᠬᠣᠶᠠᠷ ᠣᠷᠣᠨ ᠤ ᠬᠠᠮᠲᠤ ᠢᠢᠨ ᠠᠵᠢᠯᠯᠠᠭ᠎ᠠ ᠢᠢ ᠢᠯᠠᠩᠭ᠋ᠤᠶ᠎ᠠ ᠮᠥᠰᠦᠨ ᠦ ᠬᠣᠺᠺᠧᠢ ᠢᠢᠨ ᠰᠫᠣᠷᠲ ᠤᠨ ᠴᠢᠭᠯᠡᠯ ᠢᠶᠡᠷ ᠥᠷᠭᠡᠵᠢᠭᠦᠯᠦᠨ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠤᠷᠤᠭᠤᠯᠬᠤ ᠴᠢᠬᠤᠯᠠ ᠠᠴᠢ ᠬᠣᠯᠪᠣᠭᠳᠠᠯ ᠲᠠᠢ ᠪᠣᠯᠤᠨ᠎ᠠ ᠭᠡᠳᠡᠭ ᠲᠦ ᠢᠲᠡᠭᠡᠯᠲᠡᠢ ᠪᠠᠢᠢᠭ᠎ᠠ ᠪᠠᠨ ᠬᠡᠯᠡᠭᠰᠡᠨ ᠶᠤᠮ᠃