Та "Internet explorer"-ийн сүүлийн хувилбар болох "Microsoft edge"-г ашиглана уу

Хэрэв "Microsoft edge"-г татах бол энд дарж татаж авна уу

ᠡᠵᠡᠨ ᠪᠣᠭᠳᠠ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ

ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠤᠯᠤᠰ ᠤᠨ ᠶᠡᠬᠡ ᠬᠤᠷᠠᠯ ᠤᠨ ᠳᠠᠷᠤᠭ᠎ᠠ ᠨᠢᠮ᠎ᠠ-ᠣᠰᠣᠷ ᠤᠨ ᠤᠴᠠᠷᠠᠯ᠂ ᠶᠡᠷᠦᠩᠬᠡᠶ ᠰᠠᠢᠢᠳ ᠭᠣᠮᠪᠤᠵᠠᠪ ᠤᠨ ᠽᠠᠨᠳᠠᠨᠰᠢᠲᠠᠷ ᠠ ᠨᠠᠷ ᠡᠵᠡᠨ ᠪᠣᠭᠳᠠ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠒᠐᠑᠒ ᠣᠨ ᠤ ᠐᠑ ᠊ᠳ᠋ᠦᠭᠡᠷ ᠰᠠᠷ᠎ᠠ ᠢᠢᠨ ᠐᠙ ᠦ ᠡᠳᠦᠷ ᠦᠨ ᠔ ᠲᠣᠭᠠᠲᠤ ᠵᠠᠷᠯᠢᠭ ᠢᠶᠠᠷ ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠣᠩᠨᠠᠭ᠎ᠠ ᠢᠢ ᠠᠵᠢᠯ ᠤᠨ ᠬᠡᠰᠡᠭ ᠦᠨ ᠳ᠋ᠦᠩᠨᠡᠯᠲᠡ ᠪᠣᠯᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠰᠠᠨᠠᠯ ᠢ ᠦᠨᠳᠦᠰᠦᠯᠡᠨ ᠪᠢᠯᠢᠭ᠌ ᠦᠨ ᠲᠣᠭᠠᠯᠠᠯ ᠤᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠭᠡᠵᠦ ᠲᠣᠭᠲᠠᠭᠠᠭᠰᠠᠨ᠃

ᠡᠨᠡ ᠡᠳᠦᠷ ᠢ «ᠮᠣᠩ᠋ᠭᠤᠯ ᠪᠠᠬᠠᠷᠬᠠᠯ ᠤᠨ ᠡᠳᠦᠷ» ᠪᠣᠯᠭᠠᠨ ᠵᠢᠯ ᠪᠦᠷᠢ ᠶᠣᠰᠤᠯᠠᠯ ᠲᠡᠭᠦᠯᠳᠡᠷ ᠲᠡᠮᠳᠡᠭᠯᠡᠨ ᠥᠩ᠋ᠭᠡᠷᠡᠭᠦᠯᠳᠡᠭ ᠤᠯᠠᠮᠵᠢᠯᠠᠯ ᠲᠠᠢ ᠶᠤᠮ᠃